ᠥᠪᠥᠷ ᠮᠣᠩᠭᠣᠯ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠭᠡᠷ ᠡᠴᠡ ᠪᠡᠨ ᠣᠶ᠋ᠢᠷᠠᠯᠴᠠᠭ᠎ᠠ ᠰᠤᠷᠭᠠᠭᠤᠯᠢ᠎ᠳᠤ ᠤᠷᠤᠬᠤ ᠵᠢ ᠬᠦᠨᠵᠡᠬᠡᠢ ᠨᠠᠢᠳᠠᠪᠤᠷᠢᠵᠢᠭᠤᠯᠪᠠ
2026-01-18 12:23:00
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠣᠢᠷ᠎ᠠ᠎ᠶᠢᠨ ᠵᠢᠯ᠎ᠡᠴᠡ ᠨᠠᠭᠠᠰᠢ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠎ᠤ ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠳ᠋ᠤ ᠰᠢᠯᠭᠠᠬᠤ ᠦᠭᠡᠢ ᠪᠡᠷ ᠭᠡᠷ᠎ᠡᠴᠡ᠎ᠨᠢ ᠤᠢᠷᠠᠯᠴᠠᠭ᠎ᠠ ᠰᠤᠷᠭᠠᠭᠤᠯᠢ ᠎ᠳᠤ ᠣᠷᠣᠭᠤᠯᠬᠤ ᠲᠦᠷᠦ᠎ᠶᠢᠨ ᠪᠣᠳᠣᠯᠭ᠎ᠠ᠎ᠶᠢ ᠭᠣᠣᠯᠳᠠᠯᠭ᠎ᠠ᠎ᠲᠠᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠠᠷᠭ᠎ᠠ ᠪᠣᠳᠣᠯᠭ᠎ᠠ᠎ᠶᠢ ᠤᠨᠤᠴᠠᠳᠠᠢ ᠬᠡᠷᠡᠭᠵᠢᠭᠦᠯᠵᠦ᠂ ᠴᠢᠩᠭ᠎ᠠ ᠬᠢᠨᠠᠨ ᠵᠢᠯᠤᠭᠣᠳᠴᠤ᠂ ᠪᠦᠬᠦ ᠬᠡᠯᠬᠢᠶ᠎ᠡ᠂ ᠪᠦᠬᠦ ᠡᠯᠧᠮᠧᠨ᠋ᠲ᠂ ᠪᠦᠬᠦᠨ᠎ᠢ ᠪᠦᠷᠬᠦᠭᠦᠯᠦᠭᠰᠡᠨ ᠪᠠᠲᠤᠯᠠᠪᠤᠷᠢ᠎ᠶᠢᠨ ᠰᠢᠰᠲ᠋ᠧᠮ᠎ᠢ ᠪᠠᠢᠭᠤᠯᠪᠠ᠃

ᠬᠠᠮᠢᠶᠠᠷᠤᠯᠲᠠ᠎ᠶᠢ  ᠵᠢᠷᠤᠮᠵᠢᠭᠤᠯᠵᠤ ᠲᠥᠪ ᠭᠣᠣᠯᠴᠢ ᠪᠠᠢᠬᠤ  ᠵᠢ ᠪᠠᠳᠤᠯᠠᠪᠠ᠃ ᠡᠯ᠎ᠡ ᠱᠠᠲᠤᠨ᠎ᠤ ᠰᠤᠷᠭᠠᠨ ᠬᠥᠮᠦᠵᠢᠯ ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠎ᠤᠨ ᠬᠢᠨ  《ᠰᠢᠯᠭᠠᠬᠤ ᠦᠭᠡᠢ᠂ ᠣᠢᠷ᠎ᠠ ᠬᠠᠪᠢ ᠳ᠋ᠤᠨᠢ᠂ ᠵᠢᠷᠤᠮᠵᠢᠭᠤᠯᠬᠤ》 ᠵᠢ ᠰᠣᠷᠣᠭ᠍ᠴᠢ ᠡᠯᠰᠡᠬᠦ ᠠᠵᠢᠯ᠎ᠤᠨ ᠠᠮᠢᠨ ᠰᠤᠳᠠᠰᠤ ᠪᠣᠯᠭᠠᠪᠠ᠃ ᠪᠠᠢᠩᠭᠤ ᠰᠠᠭᠤᠭ᠎ᠠ ᠬᠥᠮᠥᠨ ᠠᠮᠠ᠎ᠶᠢᠨ ᠬᠤᠪᠢᠷᠠᠯᠲᠠ᠎ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠎ᠶᠢ ᠪᠠᠢᠭᠤᠯᠵᠤ᠂ ᠰᠤᠷᠭᠠᠭᠤᠯᠢ ᠵᠢᠨ ᠨᠠᠰᠤᠨ᠎ᠤ ᠬᠥᠮᠥᠨ ᠠᠮᠠ ᠎ᠶᠢᠨ ᠲᠠᠷᠬᠠᠯᠲᠠ᠂ ᠰᠤᠷᠭᠠᠭᠤᠯᠢ᠎ᠶᠢᠨ ᠪᠠᠭᠳᠠᠭᠠᠬᠤ ᠬᠡᠮᠵᠢᠶ᠎ᠡ ᠎ᠶᠢ ᠦᠨᠳᠦᠰᠦᠯᠡᠨ ᠰᠣᠷᠣᠭ᠍ᠴᠢ ᠡᠯᠰᠡᠬᠦ ᠬᠡᠰᠡᠭ᠎ᠲᠣᠭᠣᠷᠢᠭ᠋ ᠎ᠢ ᠰᠢᠨᠵᠢᠯᠡᠬᠦ ᠤᠬᠠᠭᠠᠨᠴᠢ᠎ᠪᠠᠷ ᠬᠤᠪᠢᠶᠠᠷᠢᠯᠠᠨ ᠲᠣᠭᠲᠠᠭᠠᠪᠠ᠃ ᠳᠤᠮᠳᠠᠳᠤ ᠪᠠᠭ᠎ᠠ ᠰᠤᠷᠭᠠᠭᠤᠯᠢ ᠎ᠶᠢᠨ ᠰᠣᠷᠣᠭ᠍ᠴᠢ ᠡᠯᠰᠡᠬᠦ ᠠᠵᠢᠯ᠎ᠤᠨ ᠳᠤᠮᠳᠠ ᠬᠡᠯᠪᠡᠷᠢ ᠎ᠶᠢ ᠨᠢ ᠥᠭᠡᠷᠡᠲᠦᠭᠦᠯᠦᠨ ᠰᠣᠷᠣᠭ᠍ᠴᠢ᠎ᠶᠢᠨ ᠢᠷᠡᠯᠲᠡ᠎ᠶᠢ ᠰᠣᠩᠭᠣᠬᠤ᠎ᠶᠢ ᠴᠢᠩᠭ᠎ᠠ ᠴᠠᠭᠠᠵᠠᠯᠠᠬᠤ᠂ ᠰᠣᠷᠣᠭ᠍ᠴᠢ ᠎ᠶᠢᠨ ᠢᠷᠡᠯᠲᠡ᠎ᠶᠢ ᠰᠣᠩᠭᠣᠬᠤ᠎ᠪᠠᠷ ᠵᠣᠷᠢᠯᠭ᠎ᠠ ᠪᠣᠯᠭᠠᠭᠰᠠᠨ ᠡᠯ᠎ᠡ ᠲᠥᠷᠥᠯ ᠎ᠦᠨ ᠰᠢᠯᠭᠠᠯᠲᠠ᠎ᠶᠢ ᠥᠪᠡᠰᠦᠪᠡᠨ ᠵᠣᠬᠢᠶᠠᠨ ᠪᠠᠶ᠋ᠢᠭᠤᠯᠬᠤ᠎ᠶᠢ ᠴᠢᠩᠭ᠎ᠠ ᠴᠠᠭᠠᠵᠠᠯᠠᠬᠤ ᠵᠡᠷᠭᠡ  《ᠠᠷᠪᠠᠨ ᠵᠦᠢᠯ᠎ᠢ ᠴᠢᠩᠭ᠎ᠠ ᠴᠠᠭᠠᠵᠠᠯᠠᠬᠤ》 ᠲᠣᠭᠲᠠᠭᠠᠯ᠎ᠢ ᠴᠢᠩᠭ᠎ᠠ ᠬᠡᠷᠡᠭᠵᠢᠭᠦᠯᠵᠦ᠂ ᠲᠡᠩᠴᠡᠭᠦᠷᠢᠲᠡᠢ ᠠᠩᠭᠢ ᠬᠤᠪᠢᠶᠠᠬᠤ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠪᠠ᠃ ᠡᠯ᠎ᠡ ᠰᠤᠷᠭᠠᠭᠤᠯᠢ᠎ᠶᠢᠨ ᠰᠣᠷᠣᠭ᠍ᠴᠢ ᠡᠯᠰᠡᠬᠦ ᠲᠥᠯᠥᠪᠯᠡᠭᠡ᠎ᠶᠢ ᠴᠢᠩᠭ᠎ᠠ ᠬᠢᠨᠠᠨ ᠲᠣᠭᠲᠠᠭᠠᠵᠤ᠂  《ᠰᠣᠷᠣᠭ᠍ᠴᠢ ᠣᠯᠠᠨᠲᠠᠢ ᠠᠩᠭᠢ》᠂ 《ᠰᠣᠷᠣᠭ᠍ᠴᠢ ᠣᠯᠠᠨᠲᠠᠢ ᠰᠤᠷᠭᠠᠭᠤᠯᠢ》 ᠵᠢ ᠪᠥᠬᠥ ᠬᠦᠴᠦᠨ᠎ᠢᠶᠡᠷ ᠦᠭᠡᠢᠰᠬᠡᠪᠡ᠃ 《ᠠᠯᠪᠠᠨ ᠡᠴᠡ ᠡᠷᠬᠢᠯᠡᠭᠰᠡᠨ ᠪᠠ ᠠᠷᠠᠳ ᠡᠴᠡ ᠡᠷᠬᠢᠯᠡᠭᠰᠡᠨ ᠰᠤᠷᠭᠠᠭᠤᠯᠢ ᠬᠠᠮᠲᠤ ᠳ᠋ᠤᠨᠢ ᠡᠯᠰᠡᠬᠦ》 ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠠᠷᠠᠳ ᠠ᠋ᠴᠠ ᠡᠷᠭᠢᠯᠡᠭᠰᠡᠨ ᠰᠤᠷᠭᠠᠭᠤᠯᠢ᠎ᠶᠢᠨ ᠰᠣᠷᠣᠭ᠍ᠴᠢ ᠡᠯᠰᠡᠬᠦ ᠎ᠶᠢ ᠬᠢᠨᠠᠨ ᠵᠥᠪᠰᠢᠶᠡᠷᠡᠬᠦ ᠭᠠᠵᠠᠷ᠎ᠡᠴᠡ ᠨᠢᠭᠡᠳᠦᠯᠲᠡᠢ ᠬᠠᠮᠢᠶᠠᠷᠴᠤ᠂ ᠲᠣᠰ ᠭᠠᠵᠠᠷ᠎ᠤᠨ ᠰᠣᠷᠣᠭ᠍ᠴᠢ᠎ᠶᠢᠨ ᠰᠤᠷᠭᠠᠭᠤᠯᠢ᠎ᠳᠤ ᠣᠷᠣᠬᠤ ᠬᠡᠷᠡᠭᠴᠡᠭᠡ ᠱᠠᠭᠠᠷᠳᠠᠯᠭ᠎ᠠ᠎ᠶᠢ ᠤᠷᠢᠳ ᠵᠢᠡᠷ ᠬᠠᠩᠭᠠᠪᠠ ᠃

ᠪᠦᠯᠬᠦᠮ ᠨᠡᠢᠳᠡ ᠵᠢᠨ ᠪᠠᠲᠤᠯᠠᠭ᠎ᠠ᠎ᠪᠠᠷ ᠭᠣᠣᠯᠳᠠᠯᠭ᠎ᠠ ᠪᠣᠯᠭᠠᠵᠤ ᠰᠤᠷᠭᠠᠨ ᠬᠥᠮᠦᠵᠢᠯ᠎ᠦᠨ ᠬᠠᠯᠠᠮᠵᠢᠯᠠᠯ᠎ᠢ ᠢᠯᠡᠷᠡᠭᠦᠯᠪᠡ᠃ ᠣᠨᠴᠠᠭᠠᠶ ᠪᠦᠯᠬᠦᠮ ᠨᠡᠢᠳᠡ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠨᠠᠷᠢᠯᠢᠭ᠋ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠯᠡᠨ ᠰᠤᠷᠭᠠᠭᠤᠯᠢ᠎ᠳᠤ ᠣᠷᠣᠬᠤ ᠬᠦᠴᠢᠷ ᠠᠰᠠᠭᠤᠳᠠᠯ ᠎ᠢ  ᠰᠢᠢᠳᠪᠦᠷᠢᠯᠡᠵᠦ᠂ ᠡᠴᠢᠬᠡ ᠡᠬᠡ ᠪᠠᠨ ᠳᠠᠭᠠᠵᠤ ᠨᠡᠬᠦᠵᠦ ᠢᠷᠡᠭᠰᠡᠨ ᠪᠠᠭᠠᠴᠤᠳ ᠬᠡᠦᠬᠡᠳ᠂ ᠵᠡᠮᠳᠡᠭ ᠬᠡᠦᠬᠡᠳ ᠵᠡᠷᠭᠡ ᠣᠨᠴᠠᠭᠠᠶ ᠬᠦᠮᠦᠰ᠎ᠤᠨ ᠰᠤᠷᠭᠠᠭᠤᠯᠢ᠎ᠳᠤ ᠣᠷᠣᠬᠤ ᠡᠷᠬᠡ ᠠᠰᠢᠭ᠋᠎ᠢ ᠭᠦᠢᠴᠡᠳ ᠪᠠᠲᠤᠯᠠᠪᠠ᠃ ᠥᠪᠥᠷ ᠮᠣᠩᠭᠣᠯ ᠣᠷᠣᠰᠢᠨ ᠰᠠᠭᠤᠬᠤ ᠦᠨᠡᠮᠯᠡᠯ᠎ᠢᠶᠡᠷ ᠭᠣᠣᠯ ᠦᠨᠳᠦᠰᠦᠯᠡᠯ ᠪᠣᠯᠭᠠᠭᠰᠠᠨ ᠰᠤᠷᠭᠠᠭᠤᠯᠢ᠎ᠳᠤ ᠣᠷᠣᠬᠤ ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠡᠴᠢᠬᠡ ᠡᠬᠡ ᠪᠠᠨ ᠳᠠᠭᠠᠵᠤ ᠨᠡᠭᠦᠵᠦ ᠢᠷᠡᠭᠰᠡᠨ ᠪᠠᠭᠠᠴᠤᠳ ᠬᠡᠦᠬᠡᠳ᠎ᠦᠨ ᠰᠤᠷᠭᠠᠨ ᠬᠥᠮᠦᠵᠢᠯ᠎ᠢ ᠲᠤᠬᠠᠢ᠎ᠶᠢᠨ ᠭᠠᠵᠠᠷ᠎ᠤᠨ ᠰᠤᠷᠭᠠᠨ ᠬᠥᠮᠦᠵᠢᠯ᠎ᠦᠨ ᠲᠥᠯᠦᠪᠵᠢᠭᠦᠯᠭᠡ ᠪᠠ ᠡᠳ᠋᠎ᠦᠨ ᠵᠠᠰᠠᠭ᠎ᠤᠨ ᠪᠠᠲᠤᠯᠠᠭ᠎ᠠ᠎ᠶᠢᠨ ᠬᠡᠪᠴᠢᠶᠡᠨ᠎ᠳᠦ ᠣᠷᠣᠭᠤᠯᠪᠠ᠃  ᠤᠢᠯᠠᠭᠠᠭᠰᠠᠨ ᠵᠢᠡᠷ᠂ ᠦᠪᠤᠷ ᠮᠤᠡᠭᠭᠤᠯ᠎ᠳ᠋ᠤ ᠬᠣᠲᠠ ᠣᠷᠣᠵᠤ ᠬᠦᠯᠦᠰᠦᠨ ᠠᠵᠢᠯ ᠬᠢᠵᠦ ᠪᠠᠢᠭ᠎ᠠ ᠡᠴᠢᠭᠡ ᠡᠭᠡ ᠪᠠᠨ ᠳᠠᠭᠠᠵᠤ ᠨᠡᠭᠦᠵᠦ ᠢᠷᠡᠭᠰᠡᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠦᠷ᠎ᠡ ᠬᠡᠦᠬᠡᠳ 26.64 ᠲᠦᠮᠡᠡ ᠬᠦᠮᠦᠨ ᠪᠠᠢᠵᠤ᠂ 《ᠨᠥᠬᠥᠴᠡᠯ ᠦᠭᠡᠢ》᠂ ᠰᠢᠯᠭᠠᠯᠲᠠ ᠬᠢᠬᠦ ᠦᠭᠡᠢ ᠪᠡᠷ ᠭᠡᠷ᠎ᠡᠴᠡ ᠨᠢ ᠤᠢᠷᠠᠯᠴᠠᠭ᠎ᠠ ᠰᠤᠷᠭᠠᠭᠤᠯᠢ᠎ᠳᠤ ᠣᠷᠣᠬᠤ᠎ᠶᠢ ᠪᠡᠶᠡᠯᠡᠭᠦᠯᠪᠡ᠃ ᠵᠡᠮᠳᠡᠭ ᠬᠡᠦᠬᠡᠳ ᠵᠡᠷᠭᠡ ᠣᠨᠴᠠᠭᠠᠶ ᠬᠦᠮᠦᠰ ᠢ᠋ 《ᠨᠢᠭᠡ ᠬᠥᠮᠥᠨ  ᠳ᠋ᠤ ᠨᠢᠭᠡ ᠲᠦᠰᠦᠯ ᠭᠡᠷᠡᠭᠵᠢᠬᠦᠯᠬᠦ》 ᠵᠡᠷᠭᠡ ᠠᠷᠭ᠎ᠠ ᠪᠡᠷᠢᠯ ᠵᠢᠡᠷ ᠰᠢᠨᠵᠢᠯᠡᠬᠦ ᠤᠬᠠᠭᠠᠨᠴᠢ᠎ᠪᠠᠷ ᠦᠨᠡᠯᠡᠨ ᠵᠢᠱ᠌ᠢᠵᠦ ᠲᠥᠪᠬᠢᠨᠡᠭᠦᠯᠬᠦ ᠲᠣᠭᠲᠠᠴᠠ᠎ᠶᠢ ᠪᠠᠢᠭᠤᠯᠵᠤ᠂ ᠬᠥᠩᠭᠡᠪᠲᠦᠷ ᠵᠡᠮᠳᠡᠭ ᠬᠡᠦᠬᠡᠳ᠎ᠢ ᠡᠩ ᠎ᠦᠨ ᠰᠤᠷᠭᠠᠭᠤᠯᠢ᠎ᠳᠤ ᠠᠩᠭᠢ ᠳᠠᠭᠠᠨ ᠰᠤᠷᠤᠯᠴᠠᠭᠤᠯᠵᠤ᠂ ᠳᠤᠮᠳᠠ ᠵᠡᠷᠭᠡ᠎ᠶᠢᠨ ᠵᠡᠮᠳᠡᠭ ᠬᠡᠦᠬᠡᠳ᠎ᠢ ᠣᠨᠴᠠᠭᠠᠶ ᠰᠤᠷᠭᠠᠨ ᠬᠥᠮᠦᠵᠢᠯ᠎ᠦᠨ ᠰᠤᠷᠭᠠᠭᠤᠯᠢ᠎ᠳᠤ ᠰᠤᠷᠤᠯᠴᠠᠭᠤᠯᠵᠤ᠂ ᠬᠦᠨᠳᠦ ᠵᠡᠮᠳᠡᠭ ᠬᠡᠦᠬᠡᠳ᠎ᠲᠦ ᠰᠤᠷᠭᠠᠨ ᠬᠥᠮᠦᠵᠢᠯ᠎ᠢ ᠭᠡᠷ ᠲᠦ᠍ᠨᠢ ᠬᠦᠷᠭᠡᠬᠦ ᠦᠢᠯᠡᠴᠢᠯᠡᠭᠡ ᠬᠠᠩᠭᠠᠵᠤ᠂ ᠰᠤᠷᠭᠠᠭᠤᠯᠢ ᠳ᠋ᠤ ᠣᠷᠣᠬᠤ ᠶᠣᠰᠣᠲᠠᠢ᠎ᠶᠢ ᠨᠢ ᠴᠥᠮ ᠣᠷᠣᠭᠤᠯᠬᠤ᠎ᠶᠢ ᠦᠨᠡᠨ ᠬᠦ᠌ ᠪᠠᠲᠤᠯᠠᠪᠠ᠃

ᠦᠢᠯᠡᠴᠢᠯᠡᠭᠡ ᠎ᠶᠢ ᠰᠢᠯᠢᠳᠡᠭᠵᠢᠭᠦᠯᠬᠦ᠎ᠪᠡᠷ ᠭᠠᠷᠳᠠᠴᠠ ᠪᠣᠯᠭᠠᠵᠤ᠂ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠎ᠢ ᠳᠡᠭᠡᠭᠰᠢᠯᠡᠭᠦᠯᠪᠡ᠃ 2025 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠳᠤ ᠪᠥᠬᠥ ᠣᠷᠣᠨ᠎ᠤ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠪᠠ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠮᠠᠲᠧᠷᠢᠶᠠᠯ᠎ᠢ ᠴᠣᠮᠬᠠᠳᠬᠠᠬᠤ᠂ ᠳᠡᠰ ᠳᠠᠷᠠᠭᠠᠯᠠᠯ᠎ᠢ ᠵᠢᠷᠤᠮᠵᠢᠭᠤᠯᠬᠤ᠂ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ᠎ᠪᠡᠷ ᠳᠠᠮᠵᠢᠭᠤᠯᠤᠨ᠂ 《ᠨᠢᠭᠡ ᠰᠦᠯᠵᠢᠶ᠎ᠡ᠎ᠪᠡᠷ ᠨᠡᠢᠳᠡᠮ ᠭᠦᠢᠴᠡᠳᠬᠡᠬᠦ》᠂ 《ᠪᠥᠬᠥ ᠶᠠᠪᠤᠴᠠ᠎ᠶᠢ ᠰᠦᠯᠵᠢᠶᠡᠨ ᠳᠡᠭᠡᠷ᠎ᠡ ᠭᠦᠢᠴᠡᠳᠬᠡᠬᠦ》 ᠵᠢ ᠪᠡᠶᠡᠯᠡᠭᠦᠯᠵᠦ᠂ 40 ᠲᠦᠮᠡ ᠭᠠᠷᠤᠢ ᠬᠦᠮᠦᠨ ᠤᠳᠠᠭ᠎ᠠ ᠳ᠋ᠤ ᠪᠤᠳᠠᠳᠠᠢ ᠠᠰᠢᠭ ᠬᠦᠷᠳᠡᠭᠡᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号