《ᠠᠷᠪᠠᠨ ᠲᠠᠪᠤᠳᠤᠭᠠᠷ ᠲᠠᠪᠤᠨ ᠵᠢᠯ》 ᠢ᠋ ᠡᠬᠢᠯᠡᠭᠦᠯᠬᠦ᠌ ᠵᠠᠩᠭᠢᠯᠠᠭ᠎ᠠ ᠶ᠋ᠢᠨ ᠴᠠᠭ ᠲᠦ᠍ ᠥᠪᠥᠷ ᠮᠣᠩᠭᠣᠯ ᠶᠠᠰᠤ ᠴᠢᠨᠠᠷ ᠢ᠋ᠶ᠋ᠠᠷ ᠤᠯᠤᠰ ᠢ᠋ᠶ᠋ᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ ᠶ᠋ᠢᠨ ᠠᠵᠠ ᠲᠣᠬᠢᠶᠠᠯ ᠢ᠋ ᠠᠮᠵᠢᠭᠤᠯᠵᠤ᠂ ᠪᠠᠷᠢᠮᠵᠢᠶᠠᠵᠢᠭᠤᠯᠤᠯᠲᠠ ᠪᠠᠷ ᠠᠵᠤ ᠦᠶ᠋ᠯᠡᠰ ᠤ᠋ᠨ ᠬᠡᠯᠪᠡᠷᠢ ᠵᠢ ᠬᠤᠪᠢᠷᠠᠭᠤᠯᠬᠤ ᠪᠠ ᠱᠢᠶᠠᠨ ᠤ᠋ ᠬᠡᠪᠴᠢᠶᠡᠨ ᠤ᠋ ᠠᠵᠤ ᠠᠬᠤᠶ ᠵᠢ ᠬᠥᠭ᠌ᠵᠢᠭᠡᠬᠦ᠌ ᠭᠤᠤᠯ ᠬᠥᠳᠡᠯᠭᠡᠭᠦᠷ ᠪᠣᠯᠭᠠᠨ᠂ ᠤᠨᠴᠠᠯᠢᠬ᠍ᠳᠤ ᠲᠠᠷᠢᠶᠠᠯᠠᠩ᠂ ᠣᠲᠣ ᠦᠶ᠎ᠡ ᠶ᠋ᠢᠨ ᠠᠵᠤ ᠦᠶ᠋ᠯᠡᠳᠪᠦᠷᠢ᠂ ᠪᠣᠬᠢᠷᠲᠤᠯ ᠥᠬᠡᠶ ᠡᠨᠧᠷᠭᠢ᠂ ᠰᠣᠶᠣᠯ ᠵᠢᠭᠤᠯᠴᠢᠯᠠᠯ ᠤ᠋ᠨ ᠦᠶ᠋ᠯᠡᠴᠢᠯᠡᠭᠡ ᠵᠡᠷᠭᠡ ᠬᠦᠷᠢᠶᠡᠨ ᠳ᠋ᠦ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠪᠠᠷᠢᠮᠵᠢᠶᠠᠨ ᠤ᠋ ᠱᠢᠰᠲ᠋ᠧᠮ ᠢ᠋ ᠪᠠᠢᠭᠤᠯᠵᠤ᠂ 《ᠴᠢᠩᠭ᠎ᠠ ᠪᠠᠷᠢᠮᠵᠢᠶ᠎ᠠ》 ᠪᠠᠷ ᠴᠢᠨᠠᠷ ᠰᠠᠢᠲᠠᠶ ᠬᠥᠭ᠌ᠵᠢᠯᠲᠡ ᠵᠢ ᠬᠠᠮᠠᠭᠠᠯᠠᠵᠤ᠂ ᠥᠪᠡᠷᠮᠢᠴᠡ ᠣᠨᠴᠠᠯᠢᠭ ᠢ᠋ᠶ᠋ᠠᠷ ᠢᠯᠡ ᠲᠣᠳᠣ ᠬᠥᠭ᠌ᠵᠢᠯᠲᠡ ᠶ᠋ᠢᠨ ᠱᠢᠨ᠎ᠡ ᠠᠷᠭ᠎ᠠ ᠵᠠᠮ ᠢ᠋ ᠨᠡᠬᠡᠬᠡᠯᠠ᠃
ᠪᠠᠷᠢᠮᠵᠢᠶᠠᠵᠢᠭᠤᠯᠤᠯᠳᠠ ᠪᠡᠷ ᠣᠨᠴᠠᠯᠢᠭ᠍ᠲᠤ ᠠᠵᠤ ᠦᠢᠯᠡᠰ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠪᠡ
《2025 ᠣᠨ ᠳ᠋ᠦ ᠲᠤᠰᠬᠠᠢ ᠬᠤᠷᠰᠢᠶ᠎ᠠ ᠡᠴᠡ 500 ᠮᠦ᠍ ᠯᠠᠵᠤᠤ ᠶ᠋ᠢᠨ ᠲᠠᠷᠢᠶ᠎ᠠ ᠵᠢ ᠺᠠᠢᠯᠦ᠍ ᠱᠢᠶᠠᠨ ᠤ᠋ ᠭᠠᠳᠠᠭᠠᠳᠤ ᠳ᠋ᠦ ᠭᠠᠷᠭᠠᠬᠤ ᠤᠯᠠᠭᠠᠨ ᠯᠠᠵᠤᠤ ᠶ᠋ᠢᠨ〈ᠲᠤᠮᠤ ᠰᠠᠭᠤᠷᠢᠨ〉 ᠳ᠋ᠤ ᠣᠷᠣᠭᠤᠯᠵᠤ᠂ ᠨᠢᠭᠡᠳᠦᠯᠲᠡᠢ ᠪᠠᠷᠢᠮᠵᠢᠶᠠᠵᠢᠭ᠍ᠰᠠᠨ ᠬᠠᠮᠢᠶᠠᠷᠤᠯᠲᠠ ᠵᠢ ᠬᠡᠷᠡᠭ᠌ᠵᠢᠭᠦᠯᠵᠦ᠍᠂ ᠮᠦ᠍ ᠪᠦᠷᠢ ᠶ᠋ᠢᠨ ᠤᠨᠠᠯᠲᠠ ᠨᠢ 6000 ᠭᠠᠷᠤᠢ ᠵᠢᠩ ᠳ᠋ᠦ ᠬᠦᠷᠴᠦ᠍᠂ ᠮᠦ᠍ ᠳᠤᠮᠳᠠᠴᠢ ᠶ᠋ᠢᠨ ᠴᠡᠪᠡᠷ ᠣᠷᠣᠯᠭ᠎ᠠ 2000 ᠲᠥᠭᠥᠷᠢᠭ ᠢ᠋ ᠳᠠᠪᠠᠭᠰᠠᠨ》ᠭᠡᠵᠦ ᠲᠦᠩᠯᠢᠶᠣᠤ ᠬᠤᠳᠠ ᠶ᠋ᠢᠨ ᠺᠠᠢᠯᠦ᠍ ᠱᠢᠶᠠᠨ ᠤ᠋ ᠱᠢᠤᠢ ᠬᠤᠸᠠ ᠤᠯᠠᠭᠠᠨ ᠯᠠᠵᠤᠤ ᠲᠠᠷᠢᠬᠤ ᠲᠤᠰᠭᠠᠢ ᠬᠤᠷᠰᠢᠶ᠎ᠠ ᠵᠢᠨ ᠬᠠᠷᠢᠭᠤᠴᠠᠯᠭᠠᠲᠠᠨ ᠸᠠᠩ ᠽᠢ ᠶᠠᠨ ᠪᠠᠶᠠᠷᠳᠠᠢ ᠬᠡᠯᠡᠨ᠎ᠠ᠃
《ᠳᠤᠮᠳᠠᠳᠤ ᠤᠯᠤᠰ ᠤ᠋ᠨ ᠤᠯᠠᠭᠠᠨ ᠯᠠᠵᠤᠤ ᠶ᠋ᠢᠨ ᠬᠣᠲᠠ》 ᠬᠡᠮᠡᠭ᠌ᠳᠡᠭ᠌ᠰᠡᠨ ᠺᠠᠢᠯᠦ᠍ ᠱᠢᠶᠠᠨ ᠤᠯᠠᠭᠠᠨ ᠯᠠᠵᠤᠤ ᠳᠠᠷᠢᠭᠠᠳ 60 ᠭᠠᠷᠤᠶ ᠵᠢᠯ ᠤ᠋ᠨ ᠲᠡᠤᠬᠡ ᠲᠠᠢ ᠪᠣᠯᠵᠠᠶ᠃ 2025 ᠣᠨ ᠤ᠋ ᠰᠡᠬᠦᠯᠴᠢ ᠪᠣᠯᠲᠠᠯ᠎ᠠ᠂ ᠲᠤᠬᠠᠶ ᠶ᠋ᠢᠨ ᠭᠠᠵᠠᠷ ᠤ᠋ᠨ ᠬᠢᠨ 61 ᠵᠦᠶ᠋ᠯ ᠤ᠋ᠨ ᠪᠠᠷᠢᠮᠵᠢᠶ᠎ᠠ ᠵᠢ ᠬᠠᠮᠤᠷᠤᠭ᠍ᠰᠠᠨ ᠤᠯᠠᠭᠠᠨ ᠯᠠᠵᠤᠤ ᠶ᠋ᠢᠨ ᠪᠠᠷᠢᠮᠵᠢᠶᠠᠨ ᠤ᠋ ᠱᠢᠰᠲ᠋ᠧᠮ ᠢ᠋ ᠲᠣᠭ᠍ᠲᠠᠭᠠᠨ ᠨᠡᠢᠲᠡᠯᠡᠵᠦ᠍᠂ 45 ᠪᠠᠷᠢᠮᠵᠢᠶᠠᠵᠢᠭ᠍ᠰᠠᠨ ᠵᠢᠱ᠌ᠢᠶ᠎ᠡ ᠦᠵᠡᠭᠦᠯᠬᠦ᠌ ᠰᠠᠭᠤᠷᠢᠨ ᠢ᠋ ᠪᠠᠢᠭᠤᠯᠤᠨ 10 ᠲᠦᠮᠡᠨ ᠮᠥ᠍ ᠤᠯᠠᠭᠠᠨ ᠯᠠᠵᠤᠤ ᠲᠠᠷᠢᠬᠤ ᠵᠢ ᠨᠥᠯᠥᠭᠡᠯᠡᠨ ᠳᠠᠢᠴᠢᠯᠠᠵᠤ᠂《ᠲᠠᠪᠤ ᠵᠢ ᠨᠢᠭᠡᠳᠭᠡᠬᠦ᠌》 ᠪᠠᠷᠢᠮᠵᠢᠶᠠᠵᠢᠭᠤᠯᠤᠭ᠍ᠰᠠᠨ ᠵᠠᠭ᠍ᠪᠤᠷ ᠢ᠋ᠶ᠋ᠠᠷ ᠦᠶ᠋ᠯᠡᠳᠪᠦᠷᠢᠯᠡᠵᠦ᠍᠂ ᠭᠠᠳᠠᠭᠠᠳᠤ ᠳ᠋ᠦ ᠭᠠᠷᠭᠠᠬᠤ ᠲᠠᠷᠢᠶᠠᠨ ᠤ᠋ ᠲᠠᠷᠢᠶᠠᠨ ᠡᠮ ᠤ᠋ᠨ ᠦᠯᠡᠳᠡᠭᠳᠡᠯ ᠪᠠᠷᠢᠮᠵᠢᠶ᠎ᠠ ᠡᠴᠡ ᠬᠡᠲᠦᠷᠡᠬᠦ ᠵᠡᠷᠭᠡ ᠡᠮᠵᠡᠭ ᠠᠰᠠᠭᠤᠳᠠᠯ ᠢ᠋ ᠨᠢᠭᠡ ᠯᠡ ᠳᠡᠭᠡᠷ᠎ᠡ ᠱᠢᠶ᠋ᠳᠪᠦᠷᠢᠯᠡᠪᠡ᠃ ᠤᠯᠠᠭᠠᠨ ᠯᠠᠵᠤᠤ ᠶ᠋ᠢᠨ ᠮᠣ᠌ ᠨᠢᠭᠡᠴᠢ ᠶ᠋ᠢᠨ ᠤᠨᠠᠯᠲᠠ ᠨᠢ 5000 ᠵᠢᠩ ᠪᠠᠢᠭ᠍ᠰᠠᠨ ᠡᠴᠡ ᠪᠠᠨ 6000 ᠵᠢᠩ ᠪᠣᠯᠵᠣ ᠨᠡᠮᠡᠭᠳᠡᠨ᠂ ᠪᠥᠬᠥ᠌ ᠱᠢᠶᠠᠨ ᠤ᠋ 5 ᠲᠦᠮᠡ ᠭᠠᠷᠤᠶ ᠬᠥᠮᠦᠨ ᠤᠯᠠᠭᠠᠨ ᠯᠠᠵᠤᠤ ᠶ᠋ᠢᠨ ᠠᠵᠤ ᠦᠶ᠋ᠯᠡᠰ ᠲᠦ᠍ ᠲᠦᠱᠢᠭ᠌ᠯᠡᠨ ᠵᠢᠯ ᠤ᠋ᠨ ᠬᠥᠳᠡᠯᠮᠦᠷᠢ ᠬᠦᠴᠦᠨ ᠤ᠋ ᠶᠠᠷᠤᠩᠬᠡᠢ ᠣᠷᠣᠯᠭ᠎ᠠ ᠪᠠᠨ 3.6 ᠳ᠋ᠦᠩᠱᠢᠭᠤᠷ ᠲᠥᠭᠥᠷᠢᠭ ᠨᠡᠮᠡᠭ᠌ᠳᠡᠬᠦᠯᠵᠤ ᠪᠠᠢᠨ᠎ᠠ᠃
ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶ᠋ᠢᠨ ᠰᠤᠳᠤᠯᠭᠠᠨ ᠤ᠋ ᠬᠦᠷᠢᠶᠡᠯᠡᠩ ᠡᠴᠡ ᠪᠠᠷᠢᠮᠵᠢᠶᠠᠵᠢᠭᠤᠯᠤᠯᠳᠠ ᠪᠡᠷ ᠱᠢᠶᠠᠨ ᠤ᠋ ᠬᠡᠪᠴᠢᠶᠡᠨ ᠤ᠋ ᠠᠵᠤ ᠠᠬᠤᠢ ᠵᠢᠨ ᠬᠦᠭᠵᠢᠯᠳᠡ ᠳ᠋ᠤ ᠡᠨ᠋ᠸᠷᠬᠢ ᠤᠯᠭᠤᠬᠤ ᠪᠠ ᠱᠢᠶᠠᠨ ᠤ᠋ ᠬᠡᠪᠴᠢᠶᠡᠨ ᠤ᠋ ᠭᠠᠳᠠᠭ᠍ᠰᠢ ᠭᠠᠷᠭᠠᠬᠤ ᠪᠠᠷᠢᠮᠵᠢᠶ᠎ᠠ ᠪᠠᠷ ᠭᠠᠷᠳᠠᠴᠠ ᠪᠣᠯᠭᠠᠨ᠂ ᠺᠠᠢᠯᠦ᠍ ᠱᠢᠶᠠᠨ ᠤ᠋ ᠤᠯᠠᠭᠠᠨ ᠯᠠᠵᠤᠤ᠂ ᠬᠠᠢᠳᠠᠩ ᠵᠢᠮᠢᠰ᠂ ᠱᠢᠷᠠ ᠡᠷᠳᠡᠨᠢ ᠱᠢᠰᠢ᠂ ᠬᠢᠶᠠᠭ ᠡᠪᠡᠰᠦ᠂ ᠮᠢᠬᠠᠨ ᠤ᠋ ᠦᠬᠡᠷ ᠵᠡᠷᠭᠡ 5 ᠶᠡᠬᠡ ᠤᠨᠴᠠᠯᠢᠬ᠍ᠳᠤ ᠠᠵᠤ ᠦᠶ᠋ᠯᠡᠰ ᠤ᠋ᠨ ᠪᠠᠷᠢᠮᠵᠢᠶᠠᠨ ᠤ᠋ ᠱᠢᠰᠲ᠋ᠧᠮ ᠢ᠋ ᠪᠠᠢᠭᠤᠯᠬᠤ ᠳ᠋ᠦ ᠬᠦᠴᠦᠨ ᠨᠡᠮᠡᠷᠢᠯᠡᠵᠦ᠍᠂ ᠰᠣᠶᠣᠯ ᠵᠢᠭᠤᠯᠴᠢᠯᠠᠯ᠂ ᠨᠠᠰᠤᠵᠢᠯ ᠤ᠋ᠨ ᠦᠶ᠋ᠯᠡᠴᠢᠯᠡᠭᠡ᠂ ᠬᠥᠳᠡᠭᠡ ᠲᠣᠰᠭᠣᠨ ᠤ᠋ ᠣᠯᠠᠨ ᠨᠡᠢᠲᠡ ᠶ᠋ᠢᠨ ᠦᠶ᠋ᠯᠡᠴᠢᠯᠡᠭᠡ᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ ᠵᠡᠷᠭᠡ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ 4 ᠪᠠᠷᠢᠮᠵᠢᠶᠠᠵᠢᠭᠤᠯᠤᠯᠲᠠ ᠶ᠋ᠢᠨ ᠲᠤᠷᠱᠢᠯᠲᠠ ᠶ᠋ᠢᠨ ᠲᠥᠷᠥᠯ ᠵᠦᠶ᠋ᠯ ᠢ᠋ ᠪᠠᠢᠭᠤᠯᠵᠤ᠂ ᠪᠠᠷᠢᠮᠵᠢᠶᠠᠵᠢᠭᠤᠯᠤᠯᠲᠠ ᠶ᠋ᠢᠨ ᠪᠠᠢᠭᠤᠯᠤᠯᠲᠠ ᠨᠢ ᠲᠠᠩ ᠭᠠᠭ᠍ᠴᠠ ᠠᠵᠤ ᠦᠶ᠋ᠯᠡᠰ ᠤ᠋ᠨ 《ᠨᠢᠭᠡ ᠴᠡᠭ ᠢ᠋ᠶ᠋ᠡᠷ ᠱᠢᠪᠲᠤᠯᠬᠤ》 ᠡᠴᠡ ᠪᠥᠬᠥ᠌ ᠣᠷᠣᠨ ᠪᠦᠰᠡ ᠶ᠋ᠢᠨ ᠬᠥᠭ᠌ᠵᠢᠯᠲᠡ ᠶ᠋ᠢ 《ᠪᠥᠬᠥ᠌ ᠲᠠᠯ᠎ᠠ ᠪᠠᠷ ᠬᠠᠮᠤᠷᠬᠤ》 ᠶ᠋ᠢ ᠪᠡᠶᠡᠯᠡᠭᠦᠯᠪᠡ᠃ ᠲᠤᠬᠠᠶ ᠶ᠋ᠢᠨ ᠭᠠᠵᠠᠷ ᠲᠦ᠍ 《ᠬᠣᠷᠴᠢᠨ ᠮᠢᠬᠠᠨ ᠤ᠋ ᠦᠬᠡᠷ》 ᠤ᠋ᠨ ᠪᠠᠷᠢᠮᠵᠢᠶᠠᠵᠢᠭ᠍ᠰᠠᠨ ᠦᠶ᠋ᠯᠡᠳᠪᠦᠷᠢᠯᠡᠯ ᠤ᠋ᠨ ᠱᠢᠰᠲ᠋ᠧᠮ ᠢ᠋ ᠲᠦᠭᠡᠮᠡᠯᠵᠢᠭᠦᠯᠵᠦ᠍᠂ ᠶᠠᠰᠤ ᠴᠢᠨᠠᠷ ᠤ᠋ᠨ ᠠᠮᠤᠷ ᠲᠦᠪᠱᠢᠨ ᠤ᠋ ᠮᠥᠷᠳᠡᠯᠳᠡ ᠵᠢᠨ ᠱᠢᠰᠲ᠋ᠧᠮ ᠢ᠋ ᠳᠡᠯᠭᠡᠷᠡᠭᠦᠯᠤᠨ᠂ ᠤᠷᠤᠨ ᠨᠤᠳᠤᠭ ᠤ᠋ᠨ ᠳᠡᠭᠡᠳᠦ ᠲᠠᠰ ᠤ᠋ᠨ ᠦᠬᠡᠷ ᠤ᠋ᠨ ᠮᠢᠬ᠎ᠠ ᠵᠢᠨ ᠲᠦᠷᠦᠯ ᠲᠡᠮᠳᠡᠭ ᠪᠤᠯᠬᠤ 《ᠲᠠᠯ᠎ᠠ ᠨᠤᠲᠤᠭ ᠤ᠋ᠨ ᠦᠬᠡᠷ ᠤ᠋ᠨ ᠸᠠᠩ》 ᠢ᠋ ᠪᠣᠢᠵᠢᠭᠤᠯᠵᠤ᠂ ᠪᠦᠳᠦᠬᠡᠭᠳᠡᠬᠦᠨ ᠨᠢ ᠨᠢᠬᠡᠨᠳᠡ ᠭᠤᠸᠠᠩᠳᠦ᠋ᠩ ᠱᠢᠶᠠᠩᠭᠠᠩ ᠣᠣᠮᠧᠨ ᠤ᠋ ᠲᠤᠮᠦ ᠪᠤᠯᠤᠩ ᠤ᠋ᠨ ᠣᠷᠣᠨ ᠤ᠋ 《ᠬᠣᠯᠢᠱᠢᠨ ᠢᠳᠡᠭᠡᠨ》 ᠤ᠋ ᠭᠡᠷᠡᠴᠢᠯᠡᠯ ᠢ᠋ ᠤᠯᠪᠠ᠃
ᠺᠠᠢᠯᠦ᠍ ᠱᠢᠶᠠᠨ ᠤ᠋ ᠦᠶ᠋ᠯᠡᠳᠦᠯᠭᠡ ᠨᠢ ᠲᠤᠰ ᠰᠢᠶᠠᠨ ᠢ᠋ 《ᠠᠵᠤ ᠦᠶ᠋ᠯᠡᠰ ᠤ᠋ᠨ ᠲᠣᠮᠣ ᠱᠢᠶᠠᠨ》 ᠡᠴᠡ 《ᠪᠠᠷᠢᠮᠵᠢᠶᠠᠵᠢᠭᠤᠯᠤᠯᠳᠠ ᠵᠢᠨ ᠬᠦᠴᠦᠷᠬᠡᠭ ᠱᠢᠶᠠᠨ》 ᠪᠣᠯᠬᠤ ᠵᠢ ᠠᠬᠢᠭᠤᠯᠤᠭ᠍ᠰᠠᠨ ᠢ᠋ᠶ᠋ᠠᠷ ᠪᠠᠷᠠᠬᠤ ᠥᠬᠡᠶ᠂ ᠨᠠᠩ ᠴᠤ᠌ ᠥᠪᠥᠷ ᠮᠣᠩᠭᠣᠯ ᠤ᠋ᠨ ᠱᠢᠶᠠᠨ ᠤ᠋ ᠬᠡᠪᠴᠢᠶᠡᠨ ᠤ᠋ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠳ᠋ᠦ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠦᠶ᠋ᠯᠡᠳᠦᠯᠭᠡ ᠶ᠋ᠢᠨ ᠵᠠᠭ᠍ᠪᠤᠷ ᠢ᠋ ᠬᠠᠩᠭᠠᠭ᠍ᠰᠠᠨ ᠪᠢᠯᠡ᠃
ᠪᠠᠷᠢᠮᠵᠢᠶᠠᠵᠢᠭᠤᠯᠤᠯᠳᠠ ᠪᠡᠷ ᠪᠣᠬᠢᠷᠲᠤᠯ ᠥᠬᠡᠶ ᠠᠵᠤ ᠦᠶ᠋ᠯᠡᠰ ᠤ᠋ᠨ ᠬᠥᠭ᠌ᠵᠢᠯᠲᠡ ᠵᠢ ᠬᠥᠲᠥᠯᠥᠨ ᠪᠤᠵᠠᠭᠠᠢᠷᠠᠭᠤᠯᠪᠠ
《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠡᠨᠧᠷᠭᠢ ᠪᠠ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠤ᠋ ᠪᠠᠢᠷᠢ ᠲᠣᠭ᠍ᠲᠠᠭᠠᠯᠲᠠ ᠳ᠋ᠦ ᠰᠠᠭᠤᠷᠢᠯᠠᠨ᠂ ᠪᠠᠷᠢᠮᠵᠢᠶᠠᠵᠢᠭᠤᠯᠤᠯᠲᠠ ᠪᠠᠷ ᠤᠯᠠᠮᠵᠢᠯᠠᠯᠲᠤ ᠠᠵᠤ ᠦᠶ᠋ᠯᠡᠳᠪᠦᠷᠢ ᠶ᠋ᠢ ᠳᠡᠭᠡᠳᠦ ᠳᠡᠰᠵᠢᠬᠦᠯᠬᠦ᠂ ᠪᠣᠬᠢᠷᠲᠤᠯ ᠥᠬᠡᠶ ᠪᠣᠯᠭᠠᠬᠤ᠂ ᠤᠶᠤᠨᠴᠢᠯᠠᠬᠤ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠵᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶ᠋ᠢᠨ ᠰᠤᠳᠤᠯᠭᠠᠨ ᠤ᠋ ᠬᠦᠷᠢᠶᠡᠯᠡᠩ ᠲᠦᠷᠦᠭᠦᠯᠡᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠠᠵᠤ ᠦᠶ᠋ᠯᠡᠳᠪᠦᠷᠢ ᠶ᠋ᠢᠨ ᠪᠠᠷᠢᠮᠵᠢᠶᠠᠨ ᠤ᠋ ᠱᠢᠰᠲ᠋ᠧᠮ ᠢ᠋ ᠪᠠᠢᠭᠤᠯᠵᠤ᠂ ᠠᠵᠤ ᠦᠶ᠋ᠯᠡᠰ ᠤ᠋ᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠱᠢᠬᠦ᠌ ᠳ᠋ᠦ ᠪᠠᠲᠤ ᠪᠠᠬᠢ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠪᠠ᠃
ᠥᠪᠥᠷ ᠮᠣᠩᠭᠣᠯ 《ᠪᠠᠷᠢᠮᠵᠢᠶ᠎ᠠ ᠵᠢ ᠤᠷᠢᠳ ᠢ᠋ᠶ᠋ᠠᠷ ᠬᠡᠷᠡᠭ᠌ᠵᠢᠭᠦᠯᠬᠦ᠌》 ᠶ᠋ᠢ ᠪᠠᠷᠢᠮᠲᠠᠯᠠᠨ᠂ ᠤᠷᠢᠳ ᠬᠣᠵᠢᠳ 《ᠵᠡᠰ ᠬᠠᠢᠯᠤᠭᠤᠯᠬᠤ ᠳ᠋ᠦ ᠬᠠᠶᠠᠭ᠍ᠳᠠᠮᠠᠯ ᠤᠰᠤ ᠦᠯᠦ ᠭᠠᠳᠠᠭ᠍ᠰᠢᠯᠠᠭᠤᠯᠬᠤ ᠮᠡᠷᠭᠡᠵᠢᠯ ᠤ᠋ᠨ ᠵᠢᠷᠤᠮᠵᠢᠯ》᠂ 《ᠡᠯᠧᠺᠲ᠋ᠷᠣᠨ ᠳ᠋ᠦ ᠬᠡᠷᠡᠭᠯᠡᠬᠦ ᠬᠥᠩᠭᠡᠨᠴᠠᠭᠠᠨ ᠴᠠᠭᠠᠰᠤ ᠶ᠋ᠢ ᠪᠣᠬᠢᠷᠲᠤᠯ ᠥᠬᠡᠶ ᠵᠢᠷᠤᠵᠤ ᠲᠥᠯᠥᠪᠯᠡᠭᠰᠡᠨ ᠦᠶ᠋ᠯᠡᠳᠬᠦᠨ》 ᠵᠡᠷᠭᠡ 12 ᠵᠦᠶ᠋ᠯ ᠤ᠋ᠨ ᠪᠠᠷᠢᠮᠵᠢᠶ᠎ᠠ ᠵᠢ ᠰᠤᠳᠤᠯᠤᠨ ᠲᠣᠭ᠍ᠲᠠᠭᠠᠵᠤ ᠨᠡᠢᠲᠡᠯᠡᠨ᠂ ᠬᠠᠮᠢᠶ᠎ᠠ ᠪᠥᠬᠥᠶ ᠠᠵᠤ ᠦᠶ᠋ᠯᠡᠰ ᠤ᠋ᠨ ᠪᠠᠷᠢᠮᠵᠢᠶᠠᠵᠢᠭᠤᠯᠤᠯᠲᠠ ᠶ᠋ᠢᠨ ᠮᠡᠷᠭᠡᠵᠢᠯ ᠤ᠋ᠨ ᠬᠣᠭᠣᠰᠣᠨ ᠢ᠋ ᠨᠥᠬᠥᠪᠥᠷᠢᠯᠡᠪᠡ᠃ ᠡᠲᠡᠭᠡᠷ ᠪᠠᠷᠢᠮᠵᠢᠶ᠎ᠠ ᠵᠢ ᠪᠤᠳᠠᠳᠠᠢ ᠳ᠋ᠤ ᠨᠠᠢᠳᠠᠪᠤᠷᠢᠵᠢᠭᠤᠯᠤᠨ ᠬᠡᠷᠡᠭ᠌ᠵᠢᠭᠦᠯᠦᠭ᠌ᠰᠡᠨ ᠨᠢ ᠬᠥᠩᠭᠡᠨᠴᠠᠭᠠᠨ ᠵᠡᠰ ᠤ᠋ᠨ ᠠᠵᠤ ᠦᠶ᠋ᠯᠡᠰ ᠤ᠋ᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠡᠷᠬᠢᠯᠳᠡᠳᠤ ᠬᠦᠭᠵᠢᠯᠳᠡ ᠲᠠᠢᠰᠢ ᠬᠡᠯᠪᠡᠷᠢ ᠪᠠᠨ ᠬᠤᠪᠢᠷᠠᠭᠤᠯᠬᠤ ᠳ᠋ᠦ ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠪᠡ᠃ ᠡᠭᠦᠨ ᠳ᠋ᠦ ᠴᠠᠬᠢᠯᠭᠠᠨ ᠵᠠᠳᠠᠯᠤᠯ ᠢ᠋ᠶ᠋ᠡᠷ ᠲᠦᠬᠦᠬᠡᠢ ᠬᠥᠩᠭᠡᠨᠴᠠᠭᠠᠨ ᠤ᠋ ᠱᠢᠩᠭᠡᠨ ᠢ᠋ ᠠᠱᠢᠭ᠍ᠯᠠᠨ ᠬᠥᠩᠭᠡᠨᠴᠠᠭᠠᠨ ᠤ᠋ ᠴᠢᠳᠬᠤᠮᠠᠯ ᠢ᠋ ᠣᠷᠣᠯᠠᠭᠤᠯᠬᠤ 3 ᠵᠦᠶ᠋ᠯ ᠤ᠋ᠨ ᠮᠡᠷᠭᠡᠵᠢᠯ ᠤ᠋ᠨ ᠪᠠᠷᠢᠮᠵᠢᠶ᠎ᠠ ᠨᠢ ᠲᠣᠨ ᠪᠦᠷᠢ ᠶ᠋ᠢᠨ ᠦᠶ᠋ᠯᠡᠳᠬᠦᠨ ᠳ᠋ᠦ ᠬᠡᠷᠡᠭᠯᠡᠬᠦ ᠴᠠᠬᠢᠯᠭᠠᠨ ᠪᠤᠶᠤ ᠬᠦᠨᠳᠦ ᠲᠣᠰᠣ ᠵᠢ ᠲᠤᠰ ᠲᠤᠰ 700 ᠦᠸᠠᠲ ᠴᠠᠭ ᠪᠠ 70 ᠺᠢᠯᠣᠭ᠌ᠷᠠᠮ ᠠᠷᠪᠢᠯᠠᠵᠤ᠂ ᠲᠡᠮᠦᠷᠯᠢᠭ ᠤ᠋ᠨ ᠱᠢᠲᠠᠵᠤ ᠬᠣᠬᠢᠷᠠᠬᠤ ᠵᠢ 2.0% — 2.7% ᠪᠠᠷ ᠪᠠᠭᠠᠰᠭᠠᠵᠤ᠂ ᠦᠶ᠋ᠯᠡᠳᠪᠦᠷᠢᠯᠡᠯ ᠤ᠋ᠨ ᠦᠶᠡᠯᠡᠯ ᠤ᠋ᠨ ᠬᠤᠭᠤᠴᠠᠭ᠎ᠠ ᠵᠢ ᠪᠣᠭᠣᠨᠢᠰᠭᠠᠬᠤ ᠶ᠋ᠢᠨ ᠬᠠᠮᠲᠤ ᠲᠣᠨ ᠪᠦᠷᠢ ᠶ᠋ᠢᠨ ᠦᠶ᠋ᠯᠡᠳᠪᠦᠷᠢᠯᠡᠯ ᠤ᠋ᠨ ᠥᠪᠡᠷ ᠤ᠋ᠨ ᠥᠷᠲᠡᠭ ᠢ᠋ 800 ᠲᠥᠭᠥᠷᠢᠭᠡᠴᠡ ᠳᠡᠭᠡᠭ᠌ᠰᠢ ᠪᠠᠭᠤᠷᠠᠭᠤᠯᠵᠠᠢ᠃
ᠡᠨᠧᠷᠭᠢ ᠶ᠋ᠢᠨ ᠰᠠᠭᠤᠷᠢᠨ ᠪᠣᠯᠤᠭ᠍ᠰᠠᠨ ᠣᠷᠳᠣᠰ ᠬᠣᠲᠠ ᠶ᠋ᠢᠨ ᠡᠵᠡᠨ ᠬᠣᠷᠣᠭ᠎ᠠ ᠬᠣᠱᠢᠭᠤ ᠪᠣᠬᠢᠷᠲᠤᠯ ᠥᠬᠡᠶ ᠡᠨᠧᠷᠭᠢ ᠶ᠋ᠢᠨ ᠠᠵᠤ ᠦᠶ᠋ᠯᠡᠰ ᠢ᠋ ᠬᠥᠭ᠌ᠵᠢᠭᠦᠯᠬᠦ᠌ ᠡᠬᠢᠨ ᠤ᠋ ᠦᠶ᠎ᠡ ᠳ᠋ᠦ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠶ᠋ᠯᠡᠰ ᠲᠦ᠍ ᠵᠢᠷᠤᠮᠯᠠᠬᠤ ᠪᠠᠷᠢᠮᠵᠢᠶ᠎ᠠ ᠥᠬᠡᠶ ᠪᠠᠢᠭᠰᠠᠨ ᠬᠦᠴᠢᠷ ᠠᠰᠠᠭᠤᠳᠠᠯ ᠳ᠋ᠦ ᠲᠤᠯᠭᠠᠷᠠᠵᠠᠢ᠃ ᠡᠬᠦᠨ ᠳ᠋ᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠶᠠᠰᠤ ᠴᠢᠨᠠᠷ ᠪᠠ ᠪᠠᠷᠢᠮᠵᠢᠶᠠᠵᠢᠭᠤᠯᠤᠯᠳᠠ ᠵᠢᠨ ᠰᠤᠳᠤᠯᠭᠠᠨ ᠤ᠋ ᠬᠦᠷᠢᠶᠡᠯᠡᠩ ᠨᠢ ᠲᠤᠬᠠᠶ ᠶ᠋ᠢᠨ ᠭᠠᠵᠠᠷ ᠲᠠᠶ ᠬᠠᠮᠲᠤᠷᠠᠨ ᠵᠢᠯ ᠭᠠᠷᠤᠶ ᠶ᠋ᠢᠨ ᠭᠦᠨᠵᠡᠭᠡᠶ ᠰᠤᠳᠤᠯᠤᠯᠲᠠ ᠬᠢᠵᠦ᠍᠂ 《ᠪᠣᠬᠢᠷᠲᠤᠯ ᠥᠬᠡᠶ ᠴᠠᠬᠢᠯᠭᠠᠨ ᠬᠦᠴᠦᠨ ᠤ᠋ ᠬᠡᠷᠡᠭ᠌ᠯᠡᠯᠲᠡ ᠵᠢ ᠦᠨᠡᠯᠡᠬᠦ᠌ ᠠᠷᠭ᠎ᠠ》᠂ 《ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠶ᠋ᠯᠡᠰ ᠤ᠋ᠨ ᠬᠦᠷᠢᠶᠡᠯᠡᠩ ᠲᠣᠭᠣᠷᠢᠭ ᠤ᠋ᠨ ᠪᠥᠲᠥᠭᠡᠨ ᠪᠠᠢᠭᠤᠯᠤᠯᠲᠠ ᠶ᠋ᠢᠨ ᠵᠢᠷᠤᠮᠵᠢᠯ》 ᠵᠡᠷᠭᠡ ᠣᠷᠣᠨ ᠨᠤᠲᠤᠭ ᠤ᠋ᠨ ᠪᠠᠷᠢᠮᠵᠢᠶ᠎ᠠ ᠵᠢ ᠲᠦᠷᠦᠭᠦᠯᠡᠨ ᠨᠠᠢᠷᠠᠭᠤᠯᠤᠨ ᠲᠤᠭᠳᠠᠭᠠᠵᠦ ᠨᠡᠢᠲᠡᠯᠡᠨ᠂《ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠶ᠋ᠯᠡᠰ ᠤ᠋ᠨ ᠬᠦᠷᠢᠶᠡᠯᠡᠩ ᠲᠣᠭᠣᠷᠢᠭ ᠤ᠋ᠨ ᠪᠥᠲᠥᠭᠡᠨ ᠪᠠᠢᠭᠤᠯᠤᠯᠲᠠ ᠶ᠋ᠢᠨ ᠵᠢᠷᠤᠮᠵᠢᠯ》 ᠨᠢ ᠨᠢᠭᠡᠨᠲᠡ ᠤᠯᠤᠰ ᠤ᠋ᠨ ᠪᠠᠷᠢᠮᠵᠢᠶ᠎ᠠ ᠪᠣᠯᠵᠤ ᠲᠠᠰ ᠳᠡᠪᠱᠢᠪᠡ᠃
ᠪᠠᠷᠢᠮᠵᠢᠶᠠᠵᠢᠭᠤᠯᠤᠯᠳᠠ ᠪᠡᠷ ᠰᠦᠭ ᠰᠦᠨᠡᠰᠦ ᠵᠢ ᠱᠤᠭᠤᠵᠤ 《ᠲᠦᠷᠦᠯ ᠲᠡᠮᠳᠡᠭ ᠢ᠋ᠶ᠋ᠡᠷ ᠠᠵᠤ ᠠᠬᠤᠢᠯᠠᠯ ᠢ᠋ ᠬᠦᠴᠦᠷᠬᠡᠭ᠌ᠵᠢᠭᠦᠯᠬᠦ᠌》 ᠡᠴᠡ 《ᠶᠠᠰᠤ ᠴᠢᠨᠠᠷ ᠢ᠋ᠶ᠋ᠠᠷ ᠣᠷᠣᠨ ᠢ᠋ᠶ᠋ᠠᠨ ᠬᠦᠴᠦᠷᠬᠡᠭ᠌ᠵᠢᠭᠦᠯᠬᠦ᠌》 ᠪᠤᠯᠵᠤ ᠳᠡᠭᠡᠭ᠌ᠰᠢᠯᠡᠪᠡ
《ᠪᠢᠳᠡ ᠠᠬᠤᠢ ᠳᠠᠯᠠᠪᠠᠢ ᠳ᠋ᠦ ᠦᠶ᠋ᠯᠡᠳᠬᠦᠨ ᠢ᠋ ᠰᠢᠯᠭᠠᠨ ᠦᠵᠡᠬᠦ ᠪᠠ ᠵᠥᠪᠳᠡᠨ ᠶᠠᠷᠢᠯᠴᠠᠬᠤ᠂ ᠰᠦᠯᠵᠢᠶᠡᠨ ᠳᠡᠭᠡᠷᠡᠬᠢ ᠱᠢᠭᠤᠳ ᠨᠡᠪᠲᠡᠷᠡᠭᠦᠯᠭᠡ ᠪᠡᠷ ᠬᠣᠯᠪᠣᠭᠠᠯᠠᠨ ᠬᠥᠳᠡᠯᠦᠯᠴᠡᠬᠦ᠌ ᠱᠢᠨ᠎ᠡ ᠵᠢ ᠡᠬᠦᠳᠦᠭᠰᠡᠨ ᠵᠠᠭ᠍ᠪᠤᠷ ᠢ᠋ ᠬᠡᠷᠡᠭ᠌ᠯᠡᠨ᠂〈ᠦᠶ᠋ᠯᠡᠳᠪᠦᠷᠢᠯᠡᠬᠦ᠌ — ᠬᠠᠩᠭᠠᠬᠤ — ᠪᠣᠷᠣᠯᠠᠭᠤᠯᠬᠤ〉 ᠵᠠᠩᠭᠢᠯᠠᠭ᠎ᠠ ᠶ᠋ᠢᠨ ᠪᠢᠲᠡᠭᠦᠦ ᠭᠣᠭ᠍ᠴᠣᠭᠠ ᠵᠢ ᠨᠡᠪᠲᠡᠷᠡᠭᠦᠯᠵᠦ᠍᠂ ᠭᠡᠷ᠎ᠡ ᠲᠣᠭ᠍ᠲᠠᠭ᠍ᠰᠠᠨ ᠬᠡᠮᠵᠢᠶ᠎ᠠ 4500 ᠲᠦᠮᠡᠨ ᠲᠥᠭᠥᠷᠢᠭ ᠢ᠋ ᠳᠠᠪᠠᠨ᠂ ᠠᠵᠤ ᠠᠬᠤᠢᠯᠠᠯ ᠪᠣᠯᠤᠨ ᠬᠠᠩᠭᠠᠨ ᠪᠣᠷᠣᠯᠠᠭᠤᠯᠬᠤ ᠬᠤᠳᠠᠯᠳᠤᠭᠠᠴᠢᠨ ᠳ᠋ᠦ ᠪᠠᠲᠤ ᠪᠠᠬᠢ ᠥᠨᠳᠥᠷ ᠪᠦᠲᠦᠮᠵᠢᠲᠡᠶ ᠬᠠᠮᠲᠤᠷᠠᠯᠴᠠᠭᠠᠨ ᠤ᠋ ᠬᠥᠭᠥᠷᠭᠡ ᠵᠢ ᠲᠠᠯᠪᠢᠵᠤ ᠥᠭ᠌ᠪᠡ》 ᠭᠡᠵᠦ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶ᠋ᠢᠨ ᠰᠤᠳᠤᠯᠭᠠᠨ ᠤ᠋ ᠬᠦᠷᠢᠶᠡᠯᠡᠩ ᠤ᠋ᠨ ᠬᠠᠷᠢᠭᠤᠴᠠᠯᠭᠠᠲᠠᠨ ᠪᠢᠯᠢᠭ 2025 ᠣᠨ ᠤ᠋ 12 ᠰᠠᠷ᠎ᠠ ᠶ᠋ᠢᠨ 19 ᠤ᠋ ᠡᠳᠦᠷ 《ᠥᠪᠥᠷ ᠮᠣᠩᠭᠣᠯ》 ᠨᠡᠷᠡᠮᠵᠢᠳᠦ ᠲᠦᠷᠦᠯ ᠳᠡᠮᠳᠡᠭ ᠤ᠋ᠨ ᠪᠡᠭᠡᠵᠢᠩ ᠳ᠋ᠡᠬᠢ ᠳᠡᠯᠭᠡᠨ ᠪᠣᠷᠣᠯᠠᠭᠤᠯᠬᠤ ᠲᠥᠪ ᠤ᠋ᠨ ᠦᠶ᠋ᠯᠡᠳᠪᠦᠷᠢᠯᠡᠯ ᠪᠣᠷᠣᠯᠠᠭᠤᠯᠭ᠎ᠠ ᠵᠢ ᠵᠣᠯᠭᠠᠭᠤᠯᠬᠤ ᠠᠵᠢᠯᠯᠠᠭ᠎ᠠ ᠶ᠋ᠢᠨ ᠲᠤᠬᠠᠶ ᠶ᠋ᠢᠨ ᠲᠠᠯᠠᠪᠠᠶ ᠳ᠋ᠦ ᠤᠯᠠᠨ ᠳ᠋ᠤ ᠲᠠᠨᠢᠯᠴᠠᠭᠤᠯᠤᠨ᠎ᠠ᠃
ᠡᠨᠡᠨᠢ 《ᠥᠪᠥᠷ ᠮᠣᠩᠭᠣᠯ》 ᠨᠡᠷᠡᠮᠵᠢᠳᠦ ᠲᠦᠷᠦᠯ ᠳᠡᠮᠳᠡᠭ ᠠᠩᠬ᠎ᠠ ᠤᠳᠠᠭ᠎ᠠ《ᠬᠥᠭᠥᠷᠭᠡ ᠬᠣᠯᠪᠣᠭᠠᠰᠤ》 ᠶ᠋ᠢᠨ ᠦᠶ᠋ᠯᠡᠳᠦᠯ ᠵᠢᠡᠨ ᠪᠠᠳᠠᠷᠠᠭᠤᠯᠵᠦ ᠪᠠᠢᠭ᠎ᠠ ᠪᠢᠰᠢ ᠶᠤᠮ᠃ 2025 ᠣᠨ ᠡᠴᠡ ᠨᠠᠭᠠᠰᠢ᠂ ᠦᠪᠤᠷ ᠮᠤᠡᠭᠭᠤᠯ 《ᠥᠪᠥᠷ ᠮᠣᠩᠭᠣᠯ》 ᠨᠡᠷᠡᠮᠵᠢᠳᠦ ᠲᠦᠷᠦᠯ ᠳᠡᠮᠳᠡᠭᠳᠦ ᠠᠵᠤ ᠠᠬᠤᠢᠯᠠᠯ ᠢ᠋ ᠵᠣᠬᠢᠶᠠᠨ ᠪᠠᠢᠭᠤᠯᠤᠨ ᠡᠯ᠎ᠡ ᠲᠥᠷᠥᠯ ᠤ᠋ᠨ ᠲᠣᠮᠣ ᠬᠡᠯᠪᠡᠷᠢ ᠶ᠋ᠢᠨ ᠦᠵᠡᠰᠭᠦᠯᠡᠩ ᠤ᠋ᠨ ᠴᠤᠭ᠍ᠯᠠᠭᠠᠨ ᠳ᠋ᠦ ᠵᠠᠯᠭᠠᠭ᠎ᠠ ᠪᠡᠷ ᠣᠷᠣᠯᠴᠠᠵᠤ᠂ ᠤᠳᠠᠭ᠎ᠠ ᠲᠠᠷᠠᠭᠠᠯᠠᠨ ᠱᠢᠯᠢᠳᠡᠭ ᠠᠮᠵᠢᠯᠲᠠ ᠤᠯᠵᠠᠢ᠄ ᠬᠣᠷᠢᠨ ᠬᠣᠶᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠣᠯᠠᠨ ᠤᠯᠤᠰ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠷᠠᠯᠵᠢᠶᠠᠨ ᠤ᠋ ᠬᠤᠷᠠᠯ ᠳᠡᠭᠡᠷ᠎ᠡ᠂ ᠬᠥᠯᠥᠨ ᠪᠣᠢᠷ ᠤ᠋ᠨ ᠬᠣᠨᠢᠨ ᠮᠢᠬ᠎ᠠ᠂ ᠲᠦᠩᠯᠢᠶᠣᠤ ᠶ᠋ᠢᠨ ᠦᠬᠡᠷ ᠤ᠋ᠨ ᠮᠢᠬ᠎ᠠ᠂ ᠬᠢᠩᠭᠠᠨ ᠠᠢᠮᠠᠭ ᠤ᠋ᠨ ᠲᠤᠲᠤᠷᠭ᠎ᠠ ᠵᠡᠷᠭᠡ 《ᠥᠪᠥᠷ ᠮᠣᠩᠭᠣᠯ》 ᠨᠡᠷᠡᠮᠵᠢᠳᠦ ᠣᠯᠠᠨ ᠵᠦᠶ᠋ᠯ ᠤ᠋ᠨ ᠪᠦᠳᠦᠬᠡᠭᠳᠡᠬᠦᠨ ᠴᠣᠯᠭᠣᠷᠠᠨ ᠭᠠᠷᠴᠤ᠌᠂ ᠲᠤᠬᠠᠶ ᠶ᠋ᠢᠨ ᠲᠠᠯᠠᠪᠠᠶ ᠳ᠋ᠦ 29 ᠠᠵᠤ ᠠᠬᠤᠢᠯᠠᠯ ᠲᠠᠶ ᠭᠡᠷ᠎ᠡ ᠲᠣᠭ᠍ᠲᠠᠨ᠂ ᠭᠡᠷ᠎ᠡ ᠲᠣᠭ᠍ᠲᠠᠭ᠍ᠰᠠᠨ ᠵᠣᠭᠣᠰ ᠤ᠋ᠨ ᠲᠣᠭ᠎ᠠ 5500 ᠲᠦᠮᠡᠨ ᠲᠥᠭᠥᠷᠢᠭ ᠢ᠋ ᠳᠠᠪᠠᠪᠠ; ᠨᠠᠢ᠍ᠮᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠤᠯᠠᠨ ᠤᠯᠤᠰ ᠤ᠋ᠨ ᠭᠠᠳᠠᠭᠠᠳᠤ ᠣᠷᠣᠭᠤᠯᠤᠯᠲᠠ ᠶ᠋ᠢᠨ ᠦᠵᠡᠰᠭᠦᠯᠡᠩ ᠤ᠋ᠨ ᠴᠤᠭ᠍ᠯᠠᠭᠠᠨ ᠳᠡᠭᠡᠷ᠎ᠡ᠂ 《ᠥᠪᠥᠷ ᠮᠣᠩᠭᠣᠯ》 ᠨᠠᠷᠠᠮᠵᠢᠳᠤ 35 ᠠᠵᠤ ᠠᠬᠤᠢᠯᠠᠯ 300 ᠭᠠᠷᠤᠢ ᠵᠦᠢᠯ ᠤ᠋ᠨ ᠦᠢᠯᠡᠳᠬᠦᠨ ᠢ᠋ᠶ᠋ᠡᠨ ᠳᠡᠯᠭᠡᠨ ᠦᠵᠡᠭᠦᠯᠵᠦ᠍᠂ ᠲᠠᠯ᠎ᠠ ᠨᠤᠲᠤᠭ ᠤ᠋ᠨ ᠤᠨᠴᠠᠯᠢᠬ᠍ᠳᠤ ᠪᠦᠲᠦᠭᠡᠭ᠌ᠳᠡᠬᠦᠨ ᠢ᠋ ᠲᠤᠮᠤ ᠵᠠᠬ᠎ᠠ ᠳᠡᠯᠭᠡᠭᠦᠷ ᠲᠠᠢ ᠪᠦᠳᠦᠮᠵᠢᠳᠠᠢ ᠵᠣᠯᠭᠠᠭᠤᠯᠪᠠ᠃
ᠴᠢᠩᠭ᠎ᠠ ᠨᠢᠮᠪᠠᠶ ᠭᠡᠷᠡᠴᠢᠯᠡᠯᠳᠡ ᠵᠢᠨ ᠪᠠᠷᠢᠮᠵᠢᠶ᠎ᠠ ᠬᠢᠭᠡᠳ ᠵᠢᠷᠤᠮᠵᠢᠭ᠍ᠰᠠᠨ ᠬᠠᠮᠢᠶᠠᠷᠤᠯᠲᠠ ᠶ᠋ᠢᠨ ᠱᠢᠰᠲ᠋ᠧᠮ ᠳ᠋ᠦ ᠲᠦᠱᠢᠭ᠌ᠯᠡᠨ᠂ ᠣᠢᠷ᠎ᠠ ᠶ᠋ᠢᠨ ᠵᠢᠯ ᠤ᠋ᠨ ᠲᠤᠷᠰᠢ 《ᠥᠪᠥᠷ ᠮᠣᠩᠭᠣᠯ》 ᠨᠡᠷᠡᠮᠵᠢᠳᠦ ᠲᠦᠷᠦᠯ ᠲᠡᠮᠳᠡᠭ ᠨᠢ ᠥᠪᠥᠷ ᠮᠣᠩᠭᠣᠯ ᠤ᠋ᠨ ᠲᠥᠷᠥᠯ ᠲᠡᠮᠳᠡᠭ᠌ᠲᠦ᠍ ᠶ᠋ᠢᠨ ᠬᠥᠭ᠌ᠵᠢᠯᠲᠡ ᠳ᠋ᠦ ᠪᠥᠬᠥ᠌ ᠲᠠᠯ᠎ᠠ ᠵᠢᠨ ᠡᠨ᠋ᠸᠷᠬᠢ ᠣᠯᠭᠣᠵᠤ᠂ ᠤᠷᠤᠨ ᠨᠤᠳᠤᠭ ᠤ᠋ᠨ ᠠᠵᠤ ᠠᠬᠤᠶ ᠶ᠋ᠢᠨ ᠬᠥᠭ᠌ᠵᠢᠯᠲᠡ ᠵᠢ ᠠᠬᠢᠭᠤᠯᠬᠤ ᠭᠤᠤᠯ ᠬᠥᠳᠡᠯᠭᠡᠬᠦ᠌ ᠬᠦᠴᠦᠨ ᠪᠣᠯᠤᠭ᠍ᠰᠠᠨ ᠪᠠᠢᠨ᠎ᠠ᠃ 2025 ᠣᠨ ᠤ᠋ ᠰᠡᠬᠦᠯᠴᠢ ᠪᠣᠯᠲᠠᠯ᠎ᠠ 《ᠥᠪᠥᠷ ᠮᠣᠩᠭᠣᠯ》 ᠨᠡᠷᠡᠮᠵᠢᠳᠦ ᠲᠦᠷᠦᠯ ᠳᠡᠮᠳᠡᠭᠳᠦ ᠠᠵᠤ ᠠᠬᠤᠢᠯᠠᠯ ᠨᠡᠢᠲᠡ 166 ᠪᠣᠯᠵᠣ᠂ 1517 ᠵᠦᠶ᠋ᠯ ᠤ᠋ᠨ ᠭᠡᠷᠡᠴᠢᠯᠡᠯ ᠤ᠋ᠨ ᠦᠶ᠋ᠯᠡᠳᠬᠦᠨ ᠲᠡᠶ ᠪᠣᠯᠵᠣ᠂ 154 ᠵᠦᠶ᠋ᠯ ᠤ᠋ᠨ ᠭᠡᠷᠡᠴᠢᠯᠡᠯ ᠤ᠋ᠨ ᠪᠠᠷᠢᠮᠵᠢᠶ᠎ᠠ ᠵᠢ ᠨᠡᠢᠲᠡᠯᠡᠨ ᠬᠡᠷᠡᠭ᠌ᠵᠢᠭᠦᠯᠪᠡ᠃ ᠣᠨᠴᠠᠯᠠᠨ ᠲᠤᠷᠠᠳᠤᠭᠤᠰᠢᠳᠠᠢ ᠨᠢ 《ᠥᠪᠥᠷ ᠮᠣᠩᠭᠣᠯ》 ᠨᠡᠷᠡᠮᠵᠢᠳᠦ ᠲᠦᠷᠦᠯ ᠳᠡᠮᠳᠡᠭᠳᠦ ᠵᠢ ᠭᠡᠷᠡᠴᠢᠯᠡᠬᠦ᠌ ᠬᠦᠷᠢᠶ᠎ᠡ ᠴᠠᠷᠠᠭ᠎ᠠ ᠵᠢ ᠶᠡᠬᠡ ᠪᠡᠷ ᠥᠷᠭᠡᠳᠭᠡᠵᠦ᠍᠂ ᠤᠯᠠᠮᠵᠢᠯᠠᠯᠲᠤ ᠮᠠᠯ ᠠᠵᠤ ᠠᠬᠤᠶ ᠲᠠᠷᠢᠶᠠᠯᠠᠩ ᠤ᠋ᠨ ᠬᠦᠷᠢᠶ᠎ᠡ ᠴᠠᠷᠠᠭ᠎ᠠ ᠡᠴᠡ ᠠᠵᠤ ᠦᠶ᠋ᠯᠡᠳᠪᠦᠷᠢ ᠶ᠋ᠢᠨ ᠦᠶ᠋ᠯᠡᠳᠬᠦᠨ ᠪᠠ ᠦᠶ᠋ᠯᠡᠴᠢᠯᠡᠭᠡᠨ ᠤ᠋ ᠦᠶ᠋ᠯᠡᠰ ᠤ᠋ᠨ ᠬᠦᠷᠢᠶ᠎ᠡ ᠴᠠᠷᠠᠭ᠎ᠠ ᠬᠦᠷᠲᠡᠯ᠎ᠡ ᠤᠷᠲᠤᠳᠭᠠᠪᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠦ᠂ ᠦᠪᠤᠷ ᠮᠤᠡᠭᠭᠤᠯ ᠦᠪᠡᠷᠮᠢᠴᠡ ᠤᠨᠴᠠᠯᠢᠭᠳᠤ ᠳᠠᠪᠠᠭᠤᠯᠢᠭ ᠠᠵᠤ ᠦᠶ᠋ᠯᠡᠰ ᠤ᠋ᠨ ᠲᠤᠭᠤᠷᠢᠨ ᠳ᠋ᠤ ᠪᠠᠷᠢᠮᠵᠢᠶᠠᠵᠢᠭᠤᠯᠤᠯᠲᠠ ᠪᠠᠷ ᠠᠵᠤ ᠠᠬᠤᠢᠯᠠᠯ ᠳ᠋ᠦ ᠦᠶ᠋ᠯᠡᠴᠢᠯᠡᠨ᠂ ᠠᠵᠤ ᠦᠢᠯᠡᠰ ᠲᠦ᠍ ᠡᠨ᠋ᠸᠷᠬᠢ ᠤᠯᠭᠤᠵᠤ᠂ ᠣᠷᠣᠨ ᠪᠦᠰᠡ ᠶ᠋ᠢᠨ ᠠᠵᠤ ᠠᠬᠤᠶ ᠶ᠋ᠢᠨ ᠲᠦᠷᠭᠡᠨ ᠬᠥᠭ᠌ᠵᠢᠯᠲᠡ ᠵᠢ ᠲᠤᠯᠭᠠᠭᠤᠷᠢᠯᠠᠨ᠂ ᠨᠠᠩ ᠣᠯᠠᠨ 《ᠥᠪᠥᠷ ᠮᠣᠩᠭᠣᠯ ᠤ᠋ᠨ ᠦᠶ᠋ᠯᠡᠳᠦᠯᠭᠡ》 ᠶ᠋ᠢ 《ᠤᠯᠤᠰ ᠤ᠋ᠨ ᠪᠠᠷᠢᠮᠵᠢᠶ᠎ᠠ》 ᠪᠣᠯᠭᠠᠨ ᠳᠡᠭᠡᠭ᠌ᠰᠢᠯᠡᠭᠦᠯᠬᠦ᠌ ᠵᠢ ᠠᠬᠢᠭᠤᠯᠵᠤ᠂ ᠪᠠᠷᠢᠮᠵᠢᠶᠠᠵᠢᠭᠤᠯᠤᠯᠲᠠ ᠵᠢ ᠴᠢᠨᠠᠷ ᠰᠠᠢᠲᠠᠶ ᠬᠥᠭ᠌ᠵᠢᠯᠲᠡ ᠶ᠋ᠢᠨ ᠬᠦᠴᠦᠷᠬᠡᠭ ᠲᠠᠭᠤᠨ ᠪᠣᠯᠭᠠᠨ ᠬᠠᠩᠬᠢᠨᠠᠭᠤᠯᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠬᠦ᠌ ᠳ᠋ᠦ ᠬᠦᠴᠦᠷᠬᠡᠭ ᠶᠡᠬᠡ ᠬᠥᠳᠡᠯᠭᠡᠬᠦ᠌ ᠴᠢᠳᠠᠪᠤᠷᠢ ᠨᠡᠮᠡᠷᠢᠯᠡᠬᠦ ᠪᠤᠯᠤᠨ᠎ᠠ᠃