ᠸᠠᠩ ᠸᠧᠢ ᠵᠦᠩ ᠬᠠᠮᠲᠤ ᠶ᠋ᠢᠨ ᠰᠤᠷᠤᠯᠴᠠᠯᠭ᠎ᠠ ᠵᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠠᠢ ᠪᠦᠦ ᠭᠠᠩ ᠵᠠᠩ ᠶᠠᠨ ᠺᠦᠨ ᠱ᠌ᠢ ᠭᠤᠸᠠᠩ ᠬᠤᠢ ᠣᠷᠣᠯᠴᠠᠪᠠ
1 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢᠯᠠᠩ 2026 ᠣᠨ᠎ᠤ ᠬᠣᠶᠠᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠂ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠶᠡᠷᠦᠩᠬᠡᠢ ᠱᠦᠵᠢ ᠰᠢ ᠵᠢᠨ ᠫᠢᠩ ᠦᠨ ᠨᠠᠮ ᠤᠨ ᠲᠦᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠠᠷᠠᠳᠴᠢᠯᠠᠯ᠎ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠦᠭᠡᠢ ᠨᠠᠢᠳᠠᠪᠤᠷᠢᠵᠢᠭᠤᠯᠬᠤ᠂ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ ᠢ ᠴᠡᠭ᠌ᠴᠡᠯᠡᠨ ᠰᠠᠢᠵᠢᠷᠠᠭᠤᠯᠬᠤ᠎ᠶ᠋ᠢ ᠭᠦᠨᠵᠡᠭᠡᠢᠷᠡᠭᠦᠯᠦᠨ ᠠᠬᠢᠭᠤᠯᠬᠤ ᠵᠢᠨ ᠲᠤᠭᠤᠷᠢᠨ᠎ᠳᠤ᠂ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠠᠮᠲᠤ᠎ᠶ᠋ᠢᠨ ᠰᠤᠷᠤᠯᠴᠠᠯᠭ᠎ᠠ ᠵᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃
ᠬᠤᠷᠠᠯ᠎ᠡᠴᠡ ᠡᠮᠦᠨ᠎ᠡ᠂ ᠭᠤᠤᠯ ᠳᠤᠭᠤᠢᠯᠠᠩ᠎ᠤᠨ ᠪᠦᠷᠢᠯᠳᠦᠬᠦᠨ᠎ᠨᠡᠷ ᠥᠪᠡᠷ᠎ᠢᠶᠡᠨ ᠨᠠᠷᠢᠨ ᠬᠢᠨᠠᠮᠠᠭᠠᠶ ᠰᠤᠷᠤᠯᠴᠠᠪᠠ᠃ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠬᠤᠷᠠᠯ ᠳᠡᠭᠡᠷ᠎ᠡ᠂ ᠤᠯᠠᠨ᠎ᠢᠶᠠᠷ᠎ᠢᠶᠠᠨ ᠦᠵᠡᠯ ᠰᠠᠨᠠᠭ᠎ᠠ ᠪᠣᠯᠤᠨ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠦᠨᠡᠨᠴᠢ ᠰᠢᠳᠤᠷᠭᠤ ᠪᠠᠲᠤ ᠢᠲᠡᠭᠡᠬᠦ᠂ ᠪᠣᠳᠠᠲᠠᠢ᠎ᠶ᠋ᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ᠌᠂ ᠠᠷᠢᠭᠤᠨ ᠴᠢᠬᠡᠴᠢ᠎ᠪᠡᠷ ᠦᠪᠡᠷ ᠢ ᠪᠠᠨ ᠱᠠᠭᠠᠷᠳᠠᠬᠤ᠂ ᠪᠠᠲᠤ ᠴᠢᠩᠭ᠎ᠠ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠵᠡᠷᠭᠡ᠎ᠶ᠋ᠢᠨ ᠲᠣᠭᠣᠷᠢᠨ᠎ᠳᠤ ᠦᠭᠡ ᠬᠡᠯᠡᠪᠡ᠃
ᠸᠠᠩ ᠸᠧᠶ ᠵᠥᠩ ᠶᠠᠷᠢᠶᠠᠨ᠎ᠳᠠᠭᠠᠨ᠂ ᠡᠨᠡ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ᠎ᠨᠢ 2025 ᠣᠨ᠎ᠤ ᠠᠷᠠᠳᠴᠢᠯᠠᠯ᠎ᠤᠨ ᠠᠮᠢᠳᠤᠷᠠᠯ ᠤᠨ ᠬᠤᠷᠠᠯ ᠵᠢᠴᠢ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠲᠤᠰᠭᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠭᠤᠤᠯ ᠰᠡᠳᠦᠪ᠎ᠲᠡᠶ ᠨᠢᠭ᠍ᠲᠠ ᠤᠶᠠᠯᠳᠤᠭᠤᠯᠤᠨ᠂ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠤᠳᠤᠷᠢᠳᠭᠤ ᠪᠠᠭ᠎ᠤᠨ ᠪᠦᠷᠢᠯᠳᠦᠬᠦᠨ᠎ᠨᠡᠷ ᠨᠠᠮ᠎ᠤᠨ ᠲᠥᠪ ᠬᠤᠷᠢᠶ᠎ᠠ ᠵᠢᠨ ᠵᠢᠭᠠᠨ ᠲᠣᠭ᠍ᠲᠠᠭᠠᠭ᠍ᠰᠠᠨ ᠠᠭᠤᠯᠭ᠎ᠠ᠎ᠶ᠋ᠢ ᠰᠤᠷᠤᠯᠴᠠᠭ᠍ᠰᠠᠨ ᠣᠯᠤᠯᠲᠠ ᠲᠥᠷᠥᠭ᠌ᠳᠡᠯ᠎ᠢᠶᠡᠨ ᠭᠦᠨᠵᠡᠭᠡᠶ ᠰᠣᠯᠢᠯᠴᠠᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠴᠢᠬᠤᠯᠠ ᠴᠢᠨᠠᠷ ᠲᠤᠯᠭᠠᠮ ᠴᠢᠨᠠᠷ ᠪᠣᠯᠤᠨ ᠨᠠᠮ ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠨᠢ ᠨᠠᠮ᠎ᠤᠨ ᠲᠡᠷᠢᠭᠦᠨ᠎ᠦ ᠴᠢᠨᠠᠷ ᠴᠡᠪᠡᠷ ᠴᠢᠨᠠᠷ ᠢ ᠪᠠᠲᠤᠯᠠᠬᠤ᠂ ᠨᠠᠮ᠎ᠤᠨ ᠣᠷᠳᠣ ᠬᠤᠭᠤᠴᠠᠭ᠎ᠠ᠎ᠪᠠᠷ ᠲᠥᠷᠥ᠍ ᠪᠠᠷᠢᠬᠤ ᠰᠠᠭᠤᠷᠢ᠎ᠶ᠋ᠢ ᠪᠡᠬᠢᠵᠢᠭᠦᠯᠬᠦ᠌᠎ᠳᠦ ᠦᠵᠡᠭᠦᠯᠬᠦ ᠴᠢᠬᠤᠯᠠ ᠠᠴᠢ ᠬᠣᠯᠪᠣᠭ᠍ᠳᠠᠯ ᠢ ᠨᠠᠩ ᠭᠦᠨᠵᠡᠭᠡᠶ ᠲᠠᠨᠢᠵᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢᠲᠤᠷ ᠬᠢᠬᠦ᠌ ᠳᠦ ᠦᠵᠡᠯ ᠰᠠᠨᠠᠭᠠᠨ᠎ᠤ ᠰᠠᠭᠤᠷᠢ᠎ᠶ᠋ᠢ ᠪᠠᠲᠤ ᠲᠠᠯᠪᠢᠪᠠ᠃ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠲᠠᠷᠠᠭᠠᠴᠢ᠎ᠶ᠋ᠢᠨ ᠠᠯᠬᠤᠮ᠎ᠤᠨ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢ ᠥᠷᠨᠢᠭᠦᠯᠬᠦ᠌᠎ᠳᠦ ᠪᠦᠲᠦᠮᠵᠢᠲᠡᠶ ᠬᠡᠷᠡᠭ᠌ᠯᠡᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ᠎ᠪᠡᠶ᠎ᠡ᠎ᠵᠢᠨ ᠬᠤᠪᠢᠰᠭᠠᠯ᠎ᠤᠨ ᠲᠤᠬᠠᠢ ᠴᠢᠬᠤᠯᠠ ᠦᠵᠡᠯ ᠰᠠᠨᠠᠭ᠎ᠠ ᠵᠢᠴᠢ ᠨᠠᠮ᠎ᠤᠨ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠂ ᠰᠤᠷᠲᠠᠯ ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ ᠨᠢ ᠰᠤᠷᠲᠠᠯ ᠤᠨ ᠠᠰᠠᠭᠤᠳᠠᠯ᠎ᠤᠨ ᠬᠦᠨᠳᠦ ᠨᠣᠴᠢᠲᠠᠢ ᠬᠦᠨᠦᠭᠡᠯᠲᠦ ᠴᠢᠨᠠᠷ᠂ ᠰᠤᠷᠲᠠᠯ᠎ᠤᠨ ᠪᠠᠢᠭᠤᠯᠤᠯᠲᠠ ᠶ᠋ᠢᠨ ᠲᠤᠢᠯ᠎ᠤᠨ ᠴᠢᠬᠤᠯᠠ ᠴᠢᠨᠠᠷ᠎ᠢ ᠭᠦᠨᠵᠡᠭᠡᠢ ᠢᠯᠡᠷᠡᠭᠦᠯᠵᠦ᠍᠂ ᠨᠠᠮ᠎ᠤᠨ ᠭᠡᠱᠢᠭᠦᠨ ᠺᠠᠳ᠋ᠷ ᠤᠨ ᠪᠡᠶ᠎ᠡ᠎ᠪᠡᠨ ᠵᠠᠰᠠᠵᠤ ᠪᠡᠶ᠎ᠡ᠎ᠪᠡᠨ ᠪᠠᠷᠢᠬᠤ᠎ᠳᠤ ᠦᠨᠳᠦᠰᠦᠨ ᠵᠢᠷᠤᠮᠯᠠᠯ ᠬᠠᠩᠭᠠᠵᠠᠢ᠃ ᠲᠥᠪ ᠪᠤᠰᠤ ᠰᠤᠷᠲᠠᠯ ᠨᠢ ᠡᠪ ᠬᠠᠮᠲᠤᠴᠤᠳ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠲᠠᠢ ᠤᠭ᠍ᠳᠤ ᠨᠡᠢᠴᠡᠬᠦ᠌ ᠦᠭᠡᠢ᠂ ᠢᠯᠵᠢᠷᠠᠯ᠎ᠤᠨ ᠠᠰᠠᠭᠤᠳᠠᠯ ᠲᠠᠢ ᠦᠨᠳᠦᠰᠦ ᠰᠤᠷᠪᠤᠯᠵᠢ ᠨᠢᠭᠡᠲᠡᠢ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠵᠢᠨ ᠬᠠᠷᠢᠴᠠᠭ᠎ᠠ ᠲᠠᠢ ᠪᠠᠢᠬᠤ᠎ᠶ᠋ᠢ ᠤᠯᠤᠰ ᠲᠦᠷᠦ᠍᠎ᠶ᠋ᠢᠨ ᠲᠠᠯ᠎ᠠ᠎ᠡᠴᠡ ᠲᠣᠳᠣᠷᠬᠠᠢ ᠲᠠᠨᠢᠵᠤ᠂ ᠢᠲᠡᠭᠡᠯ ᠪᠢᠱᠢᠷᠡᠯ᠎ᠦᠨ ᠦᠵᠡᠯᠲᠡ ᠭᠤᠢᠪᠢᠯᠵᠠᠬᠤ᠂ ᠡᠷᠬᠡ᠎ᠶ᠋ᠢᠨ ᠦᠵᠡᠯᠲᠡ ᠭᠠᠵᠢᠭᠤᠳᠠᠬᠤ᠂ ᠵᠠᠰᠠᠭ᠎ᠤᠨ ᠠᠵᠢᠯ᠎ᠤᠨ ᠠᠮᠵᠢᠯᠲᠠ᠎ᠶ᠋ᠢᠨ ᠦᠵᠡᠯᠲᠡ ᠪᠤᠷᠤᠭᠤᠳᠠᠬᠤ ᠵᠡᠷᠭᠡ ᠦᠨᠳᠦᠰᠦ ᠰᠤᠷᠪᠤᠯᠵᠢ᠎ᠶ᠋ᠢ ᠦᠵᠡᠯ ᠰᠠᠨᠠᠭᠠᠨ᠎ᠤ ᠲᠠᠯ᠎ᠠ᠎ᠡᠴᠡ ᠭᠦᠨᠵᠡᠭᠡᠢ ᠠᠭᠤᠳᠠᠯᠵᠤ᠂ ᠰᠤᠷᠲᠠᠯ᠎ᠤᠨ ᠠᠷᠬᠠᠭ ᠭᠡᠮ᠎ᠢ ᠦᠷᠭᠦᠯᠵᠢᠯᠡᠨ ᠬᠦᠴᠦᠯᠡᠨ ᠵᠠᠯᠠᠷᠠᠭᠤᠯᠤᠨ ᠵᠠᠰᠠᠵᠤ᠂ ᠰᠤᠷᠲᠠᠯ ᠢᠯᠵᠢᠷᠡᠯ ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ ᠠᠵᠢᠯ᠎ᠢ ᠭᠦᠨᠵᠡᠭᠡᠢ ᠠᠬᠢᠭᠤᠯᠵᠤ᠂ ᠲᠥᠪ ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠡᠬᠢᠵᠢᠭᠦᠯᠦᠨ ᠥᠷᠭᠡᠳᠭᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠪᠠᠲᠤ ᠢᠲᠡᠭᠡᠬᠦ᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠦᠪᠡᠷ᠎ᠢ ᠪᠠᠨ ᠱᠠᠭᠠᠷᠳᠠᠬᠤ ᠵᠢᠨ ᠴᠢᠬᠤᠯᠠ ᠱᠠᠭᠠᠷᠳᠠᠯᠭ᠎ᠠ᠎ᠶ᠋ᠢ ᠤᠬᠠᠮᠰᠠᠷ᠎ᠡᠴᠡ᠎ᠪᠠᠨ ᠦᠢᠯᠡᠳᠦᠯᠭᠡᠵᠢᠭᠦᠯᠵᠦ᠍᠂ ᠰᠤᠷᠤᠯᠴᠠᠯᠭ᠎ᠠ ᠵᠢ ᠶᠡᠬᠡ ᠪᠡᠷ ᠡᠷᠬᠢᠮᠯᠡᠵᠦ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠠᠷᠢᠭᠤᠨ ᠴᠢᠬᠡᠴᠢ ᠪᠠᠢᠬᠤ ᠬᠡᠷᠡᠭ᠌ᠲᠡᠢ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠡᠪᠲᠡᠷᠬᠡᠢ ᠣᠢᠯᠠᠭᠠᠵᠤ᠂ ᠦᠨᠡᠨ ᠬᠦ᠌ ᠰᠤᠷᠤᠯᠴᠠᠵᠤ ᠦᠨᠡᠨ ᠬᠦ᠌ ᠣᠢᠯᠠᠭᠠᠵᠤ ᠦᠨᠡᠨ ᠬᠦ᠌ ᠢᠲᠡᠭᠡᠵᠦ᠍ ᠦᠨᠡᠨ ᠬᠦ᠌ ᠬᠡᠷᠡᠭ᠌ᠯᠡᠵᠦ᠍᠂ ᠴᠠᠭ ᠦᠶ᠎ᠡ ᠲᠠᠢ ᠵᠡᠷᠭᠡ ᠪᠡᠷ ᠤᠷᠤᠭᠰᠢᠯᠠᠵᠤ ᠪᠠᠢᠭᠠᠳ ᠱᠢᠨ᠎ᠡ ᠪᠠᠢᠳᠠᠯ᠎ᠢ ᠵᠠᠳᠠᠯᠵᠤ᠂ ᠱᠢᠨ᠎ᠡ ᠠᠰᠠᠭᠤᠳᠠᠯ᠎ᠢ ᠱᠢᠢᠳᠪᠦᠷᠢᠯᠡᠵᠦ᠍᠂ ᠱᠢᠨ᠎ᠡ ᠪᠠᠢᠳᠠᠯ᠎ᠢ ᠨᠡᠭᠡᠭᠡᠬᠦ ᠬᠡᠷᠡᠭ᠌ᠲᠡᠢ᠃ ᠦᠨᠡᠨ᠎ᠢ ᠪᠠᠷᠢᠮᠲᠠᠯᠠᠨ ᠶᠤᠰᠤ ᠤᠴᠢᠷ᠎ᠢ ᠡᠷᠢᠯᠬᠢᠯᠡᠬᠦ ᠲᠠᠯ᠎ᠠ ᠪᠡᠷ ᠬᠦᠴᠦ᠍ ᠲᠠᠯᠪᠢᠵᠤ᠂ ᠦᠷᠭᠦᠯᠵᠢ ᠡᠮᠦᠨ᠎ᠡ ᠹᠷᠣᠨᠲ᠎ᠲᠤ ᠭᠦᠨᠵᠡᠭᠡᠢᠷᠡᠵᠦ᠍᠂ ᠠᠳᠠᠯᠢ ᠪᠤᠰᠤ ᠲᠠᠭᠤᠨ᠎ᠢ ᠰᠣᠨᠣᠰᠬᠤ ᠵᠢ ᠴᠢᠬᠤᠯᠠᠴᠢᠯᠠᠵᠤ᠂ ᠪᠦᠬᠦ᠌ ᠲᠠᠯ᠎ᠠ᠎ᠶ᠋ᠢᠨ ᠴᠢᠨᠠᠷᠲᠠᠢ᠂ ᠦᠨᠳᠦᠰᠦᠨ ᠴᠢᠨᠠᠷᠲᠠᠢ ᠠᠰᠠᠭᠤᠳᠠᠯ᠎ᠤᠨ ᠰᠤᠳᠤᠯᠭᠠᠨ᠎ᠢ ᠴᠢᠩᠭᠠᠳᠭᠠᠬᠤ ᠬᠡᠷᠡᠭ᠌ᠲᠡᠢ᠃ ᠡᠭᠦᠷᠭᠡ ᠬᠠᠷᠢᠭᠤᠴᠠᠯᠭ᠎ᠠ᠎ᠶ᠋ᠢᠨ ᠬᠡᠪᠴᠢᠶᠡᠨ ᠳᠣᠲᠣᠷ᠎ᠠ ᠪᠡᠨ ᠰᠠᠨᠠᠭᠠᠴᠢᠯᠠᠭ᠎ᠠ᠎ᠡᠴᠡ᠎ᠪᠠᠨ ᠬᠦᠨᠳᠦ ᠡᠭᠦᠷᠭᠡ᠎ᠶ᠋ᠢ ᠡᠭᠦᠷᠭᠡᠯᠡᠵᠦ᠍ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠵᠣᠷᠢᠭ᠍ᠲᠠᠢ᠎ᠪᠠᠷ ᠠᠰᠠᠭᠤᠳᠠᠯ᠎ᠳᠤ ᠱᠢᠭᠤᠳ ᠬᠠᠨᠳᠤᠵᠤ᠂ ᠵᠣᠷᠢᠭ᠍ᠲᠠᠢ᠎ᠪᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠬᠦᠴᠦᠯᠡᠨ ᠴᠢᠷᠮᠠᠢᠵᠤ ᠵᠢᠳᠭᠦᠯ ᠴᠢᠷᠮᠠᠢᠯᠭ᠎ᠠ ᠭᠠᠷᠭᠠᠬᠤ ᠵᠣᠷᠢᠭ ᠰᠠᠨᠠᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》ᠠᠵᠢᠯ ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢ ᠬᠦᠳᠦᠯᠦᠨ ᠵᠢᠯᠣᠭᠣᠳᠭᠤ ᠪᠠ ᠠᠬᠢᠭᠤᠯᠬᠤ ᠬᠡᠷᠡᠭ᠌ᠲᠡᠢ᠃ ᠥᠪᠡᠷ᠎ᠢ᠎ᠪᠡᠨ ᠲᠥᠪ ᠪᠣᠯᠭᠠᠵᠤ ᠪᠡᠶ᠎ᠡ ᠪᠡᠨ ᠴᠢᠩᠭ᠎ᠠ ᠱᠠᠭᠠᠷᠳᠠᠵᠤ ᠪᠡᠶ᠎ᠡ᠎ᠪᠡᠨ ᠪᠠᠷᠢᠵᠤ᠂ ᠲᠦᠷᠦᠭᠦᠯᠡᠨ ᠤᠤᠷ ᠴᠢᠨᠠᠷ᠎ᠢᠶᠠᠨ ᠪᠠᠲᠤᠯᠠᠵᠤ᠂ ᠬᠤᠪᠢ᠎ᠪᠠᠨ ᠰᠠᠬᠢᠵᠤ᠂ ᠣᠨᠴᠠ ᠡᠷᠬᠡ᠎ᠶ᠋ᠢᠨ ᠦᠵᠡᠯ ᠰᠠᠨᠠᠭ᠎ᠠ ᠪᠣᠯᠤᠨ ᠣᠨᠴᠠ ᠡᠷᠬᠡ᠎ᠶ᠋ᠢᠨ ᠦᠵᠡᠭ᠌ᠳᠡᠯ᠎ᠢ ᠲᠦᠷᠦᠭᠦᠯᠡᠨ ᠡᠰᠡᠷᠭᠦᠴᠡᠵᠦ᠍᠂ ᠭᠡᠷ ᠪᠦᠯᠢ ᠭᠡᠷ᠎ᠤᠨ ᠬᠥᠮᠦᠵᠢᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠲᠦᠷᠦᠭᠦᠯᠡᠨ ᠴᠢᠩᠭᠠᠳᠭᠠᠵᠤ᠂ 《ᠨᠢᠭᠡ ᠠᠵᠢᠯ ᠤᠨ ᠪᠠᠢᠷᠢ ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠌》 ᠵᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠦᠷᠭᠦᠯᠵᠢᠯᠡᠨ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃