ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠬᠡᠨ ᠤ᠋ ᠠᠯᠪᠠᠨ ᠬᠡᠷ ᠤ᠋ᠨ 1 ᠰᠠᠷ᠎ᠠ ᠵᠢᠨ 16 ᠤ᠋ ᠡᠳᠤᠷ ᠬᠤᠷᠠᠯᠳᠤᠭᠰᠠᠨ 2025 ᠣᠨ ᠳ᠋ᠡᠬᠢ ᠦᠪᠤᠷ ᠮᠤᠩᠭᠤᠯ ᠤ᠋ᠨ ᠭᠠᠳᠠᠭᠠᠳᠤ ᠠᠷᠠᠯᠵᠢᠶᠡᠨ ᠤ᠋ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠪᠠᠢᠳᠠᠯ ᠤ᠋ᠨ ᠰᠤᠨᠢᠨ ᠮᠡᠳᠡᠬᠡ ᠨᠡᠢᠳᠡᠯᠡᠬᠦ ᠬᠤᠷᠠᠯ ᠡᠴᠡ ᠤᠢᠯᠠᠭᠠᠭᠰᠠᠨ ᠵᠢᠡᠷ᠂ 2025 ᠤᠨ ᠳ᠋ᠤ ᠮᠠᠨ ᠤ᠋ ᠣᠷᠣᠨ ᠤ᠋ ᠭᠠᠳᠠᠭᠠᠳᠤ ᠠᠷᠠᠯᠵᠢᠶᠠᠨ ᠤ᠋ ᠬᠡᠮᠵᠢᠶ᠎ᠠ 2206.7 ᠳ᠋ᠦᠩᠱᠢᠭᠤᠷ ᠲᠥᠭᠥᠷᠢᠭ ᠲᠦ᠍ ᠬᠦᠷᠴᠦ᠍᠂ ᠲᠠᠬᠡᠷ᠎ᠠ ᠵᠢᠯ ᠤ᠋ᠨ ᠬᠢ ᠡᠴᠡ ᠪᠠᠨ 6.4% ᠪᠠᠷ ᠨᠡᠮᠡᠭ᠌ᠳᠡᠨ᠂ ᠲᠡᠦᠬᠡ ᠵᠢᠨ ᠱᠢᠨ᠎ᠡ ᠲᠡᠮᠳᠡᠭ᠌ᠯᠡᠯ ᠢ᠋ ᠡᠭᠦᠳᠴᠦ᠂ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠨᠡᠮᠡᠭ᠌ᠳᠡᠯ ᠤ᠋ᠨ ᠬᠤᠷᠳᠤᠴᠠ ᠪᠠ ᠬᠡᠪᠴᠢᠶ᠎ᠡ ᠪᠡᠷ ᠲᠣᠰ ᠲᠣᠰ ᠪᠥᠬᠥ᠌ ᠤᠯᠤᠰ ᠤ᠋ᠨ 12 ᠳ᠋ᠤᠭᠠᠷ ᠪᠠ 24 ᠳ᠋ᠤᠭᠡᠷ ᠲᠦ᠍ ᠣᠷᠣᠪᠠ᠃ ᠡᠭᠦᠨ ᠳ᠋ᠤ ᠭᠠᠳᠠᠭᠠᠳᠤ ᠭᠠᠷᠭᠠᠯᠲᠠ 898.7 ᠳ᠋ᠦᠩᠱᠢᠭᠤᠷ ᠲᠥᠭᠥᠷᠢᠭ ᠲᠦ᠍ ᠬᠦᠷᠴᠦ᠍᠂ 5.4% ᠪᠠᠷ ᠨᠡᠮᠡᠭ᠌ᠳᠡᠨ᠂ ᠭᠠᠳᠠᠭᠠᠳᠤ ᠣᠷᠣᠭᠤᠯᠤᠯᠲᠠ 1308 ᠳ᠋ᠦᠩᠱᠢᠭᠤᠷ ᠲᠥᠭᠥᠷᠢᠭ ᠲᠦ᠍ ᠬᠦᠷᠴᠦ᠍᠂ 7% ᠪᠠᠷ ᠨᠡᠮᠡᠭ᠌ᠳᠡᠵᠠᠢ᠃
ᠵᠠᠬ᠎ᠠ ᠳᠡᠯᠭᠡᠭᠦᠷ ᠦᠷᠭᠦᠯᠵᠢᠯᠡᠨ ᠥᠷᠭᠡᠳᠴᠦ᠍᠂ ᠠᠷᠠᠯᠵᠢᠶᠠᠨ ᠤ᠋ ᠬᠠᠨᠢᠳᠠᠨ ᠨᠡᠩ ᠤᠯᠠᠨ ᠡᠱᠢᠵᠢᠪᠡ᠃ 2025 ᠣᠨ ᠳ᠋ᠤ᠂ ᠮᠠᠨ ᠤ᠋ ᠣᠷᠣᠨ 201 ᠤᠯᠤᠰ ᠪᠠ ᠭᠠᠵᠠᠷ ᠣᠷᠣᠨᠯᠤᠭᠠ ᠠᠷᠠᠯᠵᠢᠶᠠᠨ ᠤ᠋ ᠶᠠᠪᠤᠯᠴᠠᠭ᠎ᠠ ᠦᠷᠨᠢᠬᠦᠯᠵᠤ᠂ ᠲᠠᠬᠡᠷ᠎ᠠ ᠵᠢᠯ ᠤ᠋ᠨ ᠬᠢ ᠡᠴᠡ ᠪᠠᠨ 21 ᠨᠡᠮᠡᠭ᠌ᠳᠡᠵᠠᠢ᠃ 《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠥᠲᠥᠭᠡᠨ ᠪᠠᠢᠭᠤᠯᠬᠤ ᠤᠯᠤᠰ ᠯᠤᠭ᠎ᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠬᠡᠮᠵᠢᠶ᠎ᠠ 1734.4 ᠳ᠋ᠦᠩᠱᠢᠭᠤᠷ ᠲᠥᠭᠥᠷᠢᠭ ᠲᠦ᠍ ᠬᠦᠷᠴᠦ᠍᠂ 2.9% ᠪᠠᠷ ᠨᠡᠮᠡᠭ᠌ᠳᠡᠨ᠂ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠶᠡᠷᠦᠩᠬᠡᠶ ᠬᠡᠮᠵᠢᠶᠠᠨ ᠤ᠋ 78.6% ᠶ᠋ᠢ ᠡᠵᠡᠯᠡᠪᠡ᠃ ᠡᠭᠦᠨ ᠳ᠋ᠤ ᠮᠣᠩᠭᠣᠯ ᠤᠯᠤᠰ ᠪᠠ ᠣᠷᠣᠰᠯᠤᠭᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠬᠡᠮᠵᠢᠶ᠎ᠠ 1112.5 ᠳ᠋ᠦᠩᠱᠢᠭᠤᠷ ᠲᠥᠭᠥᠷᠢᠭ ᠲᠦ᠍ ᠬᠦᠷᠴᠦ᠍᠂ ᠪᠦᠬᠦ ᠤᠷᠤᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠶᠡᠷᠦᠩᠬᠡᠶ ᠬᠡᠮᠵᠢᠶᠠᠨ ᠤ᠋ 50.4% ᠶ᠋ᠢ ᠡᠵᠡᠯᠡᠪᠡ᠃ ᠡᠮᠦᠨᠡᠲᠦ ᠠᠮᠧᠷᠢᠺᠠ ᠲᠢᠪ᠂ ᠧᠦ᠋ᠷᠣᠫᠠ ᠲᠢᠪ ᠤ᠋ᠨ ᠬᠤᠯᠪᠤᠭᠠᠨ ᠤ᠋ ᠤᠯᠤᠰ᠂ ᠠᠹᠷᠢᠺᠠ ᠲᠢᠪ ᠯᠤᠬᠡ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠬᠡᠮᠵᠢᠶ᠎ᠠ ᠲᠤᠰᠪᠤᠷᠢ 178.4 ᠳ᠋ᠦᠩᠱᠢᠭᠤᠷ ᠲᠥᠭᠥᠷᠢᠭ᠂ 91.2 ᠳ᠋ᠦᠩᠱᠢᠭᠤᠷ ᠲᠥᠭᠥᠷᠢᠭ ᠪᠠ 69.5 ᠳ᠋ᠦᠩᠱᠢᠭᠤᠷ ᠲᠥᠭᠥᠷᠢᠭ ᠲᠦ᠍ ᠬᠦᠷᠴᠦ᠍᠂ ᠲᠤᠰ ᠲᠤᠰ 32.6%᠂ 2.2% ᠪᠠ 27% ᠪᠡᠷ ᠨᠡᠮᠡᠭ᠌ᠳᠡᠪᠡ᠃ 2025 ᠤᠨ ᠳ᠋ᠤ ᠮᠠᠨ ᠤ᠋ ᠤᠷᠤᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠨᠡᠮᠡᠭ᠌ᠳᠡᠯ ᠤ᠋ᠨ ᠬᠤᠷᠳᠤᠴᠠ ᠪᠥᠬᠥ᠌ ᠤᠯᠤᠰ ᠤ᠋ᠨ ᠳᠤᠮᠳᠠᠴᠢ ᠨᠡᠮᠡᠭ᠌ᠳᠡᠯ ᠤ᠋ᠨ ᠬᠤᠷᠳᠤᠴᠠ ᠡᠴᠡ ᠵᠠᠭᠤᠨ ᠤ᠋ ᠬᠠᠷᠢᠴᠠᠯ ᠵᠢᠡᠷ 2.6 ᠬᠤᠪᠢ ᠲᠠᠪᠠᠵᠤ᠂ ᠡᠭᠦᠨ ᠳ᠋ᠤ ᠭᠠᠳᠠᠭᠠᠳᠤ ᠣᠷᠣᠭᠤᠯᠤᠯᠲᠠ ᠵᠢᠨ ᠨᠡᠮᠡᠭ᠌ᠳᠡᠯ ᠤ᠋ᠨ ᠬᠤᠷᠳᠤᠴᠠ ᠪᠥᠬᠥ᠌ ᠤᠯᠤᠰ ᠤ᠋ᠨ ᠳᠤᠮᠳᠠᠴᠢ ᠨᠡᠮᠡᠭ᠌ᠳᠡᠯ ᠤ᠋ᠨ ᠬᠤᠷᠳᠤᠴᠠ ᠡᠴᠡ ᠵᠠᠭᠤᠨ ᠤ᠋ ᠬᠠᠷᠢᠴᠠᠯ ᠵᠢᠡᠷ 6.5 ᠬᠤᠪᠢ ᠲᠠᠪᠠᠭᠰᠠᠨ ᠪᠠᠢᠨ᠎ᠠ᠃
ᠭᠠᠳᠠᠭᠠᠳᠤ ᠳ᠋ᠤ ᠭᠠᠷᠭᠠᠬᠤ ᠭᠣᠣᠯ ᠲᠠᠸᠠᠷ ᠲᠣᠭ᠍ᠲᠠᠭᠤᠨ ᠪᠠᠢᠵᠤ᠂ ᠬᠡᠰᠡᠭ ᠲᠠᠸᠠᠷ ᠦᠷᠭᠦᠯᠵᠢᠯᠡᠨ ᠨᠡᠮᠡᠭ᠌ᠳᠡᠪᠡ᠃ 2025 ᠣᠨ ᠳ᠋ᠤ᠂ ᠮᠠᠱᠢᠨ ᠴᠠᠬᠢᠯᠭᠠᠨ ᠤ᠋ ᠦᠶ᠋ᠯᠡᠳᠬᠦᠨ᠂ ᠲᠠᠷᠢᠶᠠᠯᠠᠩ ᠤ᠋ᠨ ᠪᠦᠲᠦᠭᠡᠭ᠌ᠳᠡᠬᠦᠨ᠂ ᠦᠨᠳᠦᠰᠦᠨ ᠣᠷᠭᠠᠨᠢᠭ ᠬᠢᠮᠢ ᠵᠢᠨ ᠦᠶ᠋ᠯᠡᠳᠬᠦᠨ᠂ ᠪᠣᠯᠣᠳ ᠮᠠᠲ᠋ᠧᠷᠢᠶᠠᠯ᠂ ᠬᠥᠳᠡᠯᠮᠦᠷᠢ ᠬᠦᠴᠤ ᠨᠢᠭ᠍ᠲᠠᠷᠬᠠᠰᠠᠨ ᠬᠡᠯᠪᠡᠷᠢ ᠵᠢᠨ ᠦᠶ᠋ᠯᠡᠳᠬᠦᠨ ᠨᠢ ᠪᠥᠬᠥ᠌ ᠣᠷᠣᠨ ᠤ᠋ ᠭᠠᠳᠠᠭᠠᠳᠤ ᠳ᠋ᠤ ᠭᠠᠷᠭᠠᠬᠤ ᠭᠤᠤᠯ ᠲᠠᠸᠠᠷ ᠪᠣᠯᠵᠣ᠂ ᠭᠠᠳᠠᠭᠠᠳᠤ ᠭᠠᠷᠭᠠᠯᠳᠠ ᠵᠢᠨ ᠬᠡᠮᠵᠢᠶ᠎ᠠ ᠨᠢ 575.4 ᠳ᠋ᠦᠩᠱᠢᠭᠤᠷ ᠲᠥᠭᠥᠷᠢᠭ ᠲᠦ᠍ ᠬᠦᠷᠴᠦ᠍᠂ ᠪᠥᠬᠥ᠌ ᠣᠷᠣᠨ ᠤ᠋ ᠭᠠᠳᠠᠭᠠᠳᠤ ᠭᠠᠷᠭᠠᠯᠳᠠ ᠵᠢᠨ ᠶᠡᠷᠦᠩᠬᠡᠶ ᠬᠡᠮᠵᠢᠶᠡᠨ ᠤ᠋ 64% ᠶ᠋ᠢ ᠡᠵᠡᠯᠡᠪᠡ᠃ ᠡᠭᠦᠨ ᠳ᠋ᠤ ᠲᠠᠷᠢᠶᠠᠯᠠᠩ ᠤ᠋ᠨ ᠪᠦᠲᠦᠭᠡᠭ᠌ᠳᠡᠬᠦᠨ᠂ ᠦᠨᠳᠦᠰᠦᠨ ᠣᠷᠭᠠᠨᠢᠭ ᠬᠢᠮᠢ ᠵᠢᠨ ᠦᠢᠯᠡᠳᠬᠦᠨ᠂ ᠬᠥᠳᠡᠯᠮᠦᠷᠢ ᠬᠦᠴᠤ ᠨᠢᠬᠳᠠᠷᠠᠬᠰᠠᠨ ᠬᠡᠯᠪᠡᠷᠢ ᠵᠢᠨ ᠦᠢᠯᠡᠳᠬᠦᠨ ᠤ᠋ ᠭᠠᠳᠠᠭᠠᠳᠤ ᠭᠠᠷᠭᠠᠯᠲᠠ ᠵᠢᠨ ᠬᠡᠮᠵᠢᠶ᠎ᠠ ᠲᠤᠰᠪᠤᠷᠢ 139.1 ᠳ᠋ᠦᠩᠱᠢᠭᠤᠷ ᠲᠥᠭᠥᠷᠢᠭ᠂ 80.8 ᠳ᠋ᠦᠩᠱᠢᠭᠤᠷ ᠲᠥᠭᠥᠷᠢᠭ ᠪᠠ 45.3 ᠳ᠋ᠦᠩᠱᠢᠭᠤᠷ ᠲᠥᠭᠥᠷᠢᠭ ᠲᠦ᠍ ᠬᠦᠷᠴᠦ᠍᠂ ᠲᠤᠰ ᠲᠤᠰ 15.4%᠂ 11.4% ᠪᠠ 22.5% ᠪᠡᠷ ᠨᠡᠮᠡᠭ᠌ᠳᠡᠵᠠᠢ᠃
ᠭᠠᠳᠠᠭᠠᠳᠤ ᠤᠷᠤᠭᠤᠯᠤᠯᠳᠠ ᠨᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠵᠢᠡᠷ ᠭᠣᠣᠯᠳᠠᠵᠤ᠂ ᠭᠠᠳᠠᠭᠠᠳᠤ ᠠᠷᠠᠯᠵᠢᠶᠠᠨ ᠤ᠋ ᠨᠡᠮᠡᠭ᠌ᠳᠡᠯ ᠢ᠋ ᠬᠦᠴᠦᠳᠠᠢ ᠲᠠᠢ᠌ᠴᠢᠯᠠᠪᠠ᠃ 2025 ᠣᠨ ᠳ᠋ᠤ᠂ ᠪᠥᠬᠥ᠌ ᠣᠷᠣᠨ ᠤ᠋ ᠭᠠᠳᠠᠭᠠᠳᠤ ᠡᠴᠡ ᠣᠷᠣᠭᠤᠯᠤᠭ᠍ᠰᠠᠨ ᠨᠡᠭᠦᠷᠡᠰᠦ 7255.9 ᠲᠦᠮᠡᠨ ᠲᠣᠨ ᠳ᠋ᠤ ᠬᠦᠷᠴᠦ᠍᠂ 10.2% ᠵᠢᠡᠷ ᠨᠡᠮᠡᠭ᠌ᠳᠡᠨ᠂ ᠭᠠᠳᠠᠭᠠᠳᠤ ᠡᠴᠡ ᠣᠷᠣᠭᠤᠯᠤᠭ᠍ᠰᠠᠨ ᠲᠡᠮᠦᠷ ᠤ᠋ᠨ ᠬᠦᠳᠡᠷ 1460.9 ᠲᠦᠮᠡᠨ ᠲᠣᠨ ᠳ᠋ᠤ ᠬᠦᠷᠴᠦ᠍᠂ 12.7% ᠪᠡᠷ ᠨᠡᠮᠡᠭ᠌ᠳᠡᠵᠤ᠂ ᠭᠠᠳᠠᠭᠠᠳᠤ ᠡᠴᠡ ᠣᠷᠣᠭᠤᠯᠤᠭ᠍ᠰᠠᠨ ᠵᠡᠰ ᠤ᠋ᠨ ᠬᠦᠳᠡᠷ 281.4 ᠲᠦᠮᠡᠨ ᠲᠣᠨ ᠳ᠋ᠤ ᠬᠦᠷᠴᠦ᠍᠂ 27% ᠪᠡᠷ ᠨᠡᠮᠡᠭ᠌ᠳᠡᠪᠡ᠃ ᠡᠨᠡ ᠭᠤᠷᠪᠠᠨ ᠵᠦᠶ᠋ᠯ ᠤ᠋ᠨ ᠲᠠᠸᠠᠷ ᠤ᠋ᠨ ᠭᠠᠳᠠᠭᠠᠳᠤ ᠤᠷᠤᠭᠤᠯᠤᠯᠳᠠ ᠵᠢᠨ ᠬᠡᠮᠵᠢᠶ᠎ᠠ 959.1 ᠳ᠋ᠦᠩᠱᠢᠭᠤᠷ ᠲᠥᠭᠥᠷᠢᠭ ᠲᠦ᠍ ᠬᠦᠷᠴᠦ᠂ ᠪᠥᠬᠥ᠌ ᠣᠷᠣᠨ ᠤ᠋ ᠭᠠᠳᠠᠭᠠᠳᠤ ᠤᠷᠤᠭᠤᠯᠤᠯᠳᠠ ᠵᠢᠨ ᠶᠡᠷᠦᠩᠬᠡᠶ ᠬᠡᠮᠵᠢᠶᠡᠨ ᠤ᠋ 73.3%ᠶ᠋ᠢ ᠡᠵᠡᠯᠡᠵᠦ᠍᠂ ᠪᠥᠬᠥ᠌ ᠣᠷᠣᠨ ᠤ᠋ ᠭᠠᠳᠠᠭᠠᠳᠤ ᠤᠷᠤᠭᠤᠯᠤᠯᠳᠠ ᠵᠢᠨ ᠨᠡᠮᠡᠭ᠌ᠳᠡᠯ ᠢ᠋ ᠵᠠᠭᠤᠨ ᠤ᠋ ᠬᠠᠷᠢᠴᠠᠯ ᠵᠢᠡᠷ 4.6 ᠬᠤᠪᠢ ᠳᠠᠢᠴᠢᠯᠠᠪᠠ᠃
ᠠᠵᠤ ᠠᠬᠤᠢᠯᠠᠯ ᠤ᠋ᠨ ᠠᠮᠢᠵᠢᠷᠠᠯ ᠤ᠋ᠨ ᠬᠦᠴᠦᠨ ᠲᠠᠰᠤᠷᠠᠯᠲᠠ ᠥᠬᠡᠶ ᠴᠢᠩᠭᠠᠷᠠᠵᠤ᠂ ᠠᠷᠠᠳ ᠤ᠋ᠨ ᠡᠵᠡᠡᠭᠨᠡᠯᠳᠡ ᠵᠢᠨ ᠠᠵᠤ ᠠᠬᠤᠢᠯᠠᠯ ᠭᠤᠤᠯᠯᠠᠬᠤ ᠪᠠᠢᠷᠢ ᠶ᠋ᠢ ᠡᠵᠡᠯᠡᠪᠡ᠃ 2025 ᠣᠨ ᠳ᠋ᠤ᠂ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠲᠠᠯ᠎ᠠ ᠪᠡᠷ ᠪᠣᠳᠠᠲᠤ ᠠᠮᠵᠢᠯᠲᠠ ᠣᠯᠤᠭ᠍ᠰᠠᠨ ᠪᠥᠬᠥ᠌ ᠣᠷᠣᠨ ᠤ᠋ ᠭᠠᠳᠠᠭᠠᠳᠤ ᠠᠷᠠᠯᠵᠢᠶᠠᠨ ᠤ᠋ ᠠᠵᠤ ᠠᠬᠤᠢᠯᠠᠯ 3987 ᠪᠠᠢᠵᠤ᠂ ᠲᠠᠬᠡᠷ᠎ᠠ ᠵᠢᠯ ᠤ᠋ᠨ ᠬᠢ ᠡᠴᠡ ᠪᠠᠨ 13.1% ᠪᠠᠷ ᠨᠡᠮᠡᠭ᠌ᠳᠡᠪᠡ᠃ ᠡᠭᠦᠨ ᠳ᠋ᠤ ᠠᠷᠠᠳ ᠤ᠋ᠨ ᠡᠵᠡᠡᠭᠨᠡᠯᠳᠡ ᠵᠢᠨ ᠠᠵᠤ ᠠᠬᠤᠢᠯᠠᠯ 3813 ᠪᠠᠢᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠬᠡᠮᠵᠢᠶ᠎ᠠ ᠨᠢ 1805.7 ᠳ᠋ᠦᠩᠱᠢᠭᠤᠷ ᠲᠥᠭᠥᠷᠢᠭ ᠲᠦ᠍ ᠬᠦᠷᠴᠦ᠍᠂ 10.5% ᠪᠠᠷ ᠨᠡᠮᠡᠭ᠌ᠳᠡᠨ᠂ ᠪᠥᠬᠥ᠌ ᠣᠷᠣᠨ ᠤ᠋ ᠭᠠᠳᠠᠭᠠᠳᠤ ᠠᠷᠠᠯᠵᠢᠶᠠᠨ ᠤ᠋ ᠶᠡᠷᠦᠩᠬᠡᠶ ᠬᠡᠮᠵᠢᠶ᠎ᠠ ᠵᠢᠨ 81.8% ᠶ᠋ᠢ ᠡᠵᠡᠯᠡᠵᠦ᠍᠂ ᠪᠥᠬᠥ᠌ ᠣᠷᠣᠨ ᠤ᠋ ᠭᠠᠳᠠᠭᠠᠳᠤ ᠠᠷᠠᠯᠵᠢᠶ᠎ᠠ ᠶ᠋ᠢ ᠦᠷᠭᠦᠯᠵᠢᠯᠡᠨ ᠬᠦᠳᠤᠯᠤᠨ ᠲᠠᠭᠠᠭᠤᠯᠵᠠᠢ᠃