ᠰᠥᠨᠢᠳ ᠨᠤᠲᠤᠭ᠎ᠤᠨ ᠲᠤᠷᠠᠰᠤᠮᠵᠢ ( ᠪᠡᠭᠡᠵᠢᠡᠭ ) ᠪᠡᠶᠡᠴᠢᠯᠡᠨ ᠣᠢᠯᠠᠭᠠᠬᠤ ᠳᠡᠯᠭᠡᠭᠦᠷ ᠨᠡᠢᠰᠯᠡᠯ ᠪᠡᠭᠡᠵᠢᠩ ᠳ᠋ᠤ ᠡᠵᠡᠡᠭᠨᠡᠯᠳᠡ ᠪᠡᠨ ᠡᠬᠢᠯᠡᠬᠦᠯᠪᠡ
2026-01-18 11:30:20
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

 ᠰᠥᠨᠢᠳ ᠨᠤᠲᠤᠭ᠎ᠤᠨ ᠲᠤᠷᠠᠰᠤᠮᠵᠢ (ᠪᠡᠭᠡᠵᠢᠡᠭ)ᠪᠡᠶᠡᠴᠢᠯᠡᠨ ᠣᠢᠯᠠᠭᠠᠬᠤ ᠳᠡᠯᠭᠡᠭᠦᠷ ᠡᠮᠦᠨᠡᠬᠡᠨ ᠪᠡᠭᠡᠵᠢᠩ ᠬᠣᠲᠠ᠎ᠶ᠋ᠢᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠣᠷᠣᠨ᠎ᠤ ᠯᠢᠨᠺᠸᠨ ᠴᠡᠴᠡᠷᠯᠢᠭ ᠨᠡᠢᠭᠡᠮ ᠲᠣᠭᠣᠷᠢᠭ᠎ᠲᠤ ᠡᠷᠦᠬᠡ ᠪᠡᠨ ᠰᠡᠬᠦᠪᠡ᠃ ᠡᠬᠢᠯᠡᠬᠦ ᠶᠤᠰᠤᠯᠠᠯ᠎ᠤᠨ ᠠᠵᠢᠯᠯᠠᠭ᠎ᠠ ᠨᠢ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠪᠡᠷ ᠳᠠᠮᠵᠢᠨ ᠰᠥᠨᠢᠳ ᠪᠠᠷᠠᠭᠤᠨ ᠬᠣᠱᠢᠭᠤ ᠵᠢ ᠤᠢᠯᠠᠭᠠᠵᠠᠭᠠᠶ᠎ᠠ》 ᠭᠡᠬᠦ ᠰᠡᠳᠦᠪ ᠵᠢᠡᠷ ᠰᠢᠵᠢᠮᠯᠡᠵᠦ᠂ ᠪᠡᠭᠡᠵᠢᠩ᠎ᠦᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠣᠪᠴᠢᠶ᠎ᠠ᠂ ᠰᠥᠨᠢᠳ ᠪᠠᠷᠠᠭᠤᠨ ᠬᠣᠱᠢᠭᠤᠨ ᠎ᠤ ᠨᠠᠮ᠎ᠤᠨ ᠬᠣᠷᠢᠶ᠎ᠠ᠂ ᠰᠥᠨᠢᠳ ᠪᠠᠷᠠᠭᠤᠨ ᠬᠣᠱᠢᠭᠤᠨ᠎ᠤ ᠠᠷᠠᠳ᠎ᠤᠨ ᠵᠠᠰᠠᠭ᠎ᠤᠨ  ᠣᠷᠳᠣᠨ ᠬᠠᠮᠲᠤᠷᠠᠨ ᠡᠷᠭᠢᠯᠡᠵᠦ᠍᠂ ᠪᠡᠭᠡᠵᠢᠩ ᠥᠪᠥᠷ ᠮᠣᠩᠭᠣᠯ ᠎ᠤᠨ ᠬᠠᠮᠵᠢᠯᠴᠠᠭ᠎ᠠ ᠎ᠶ᠋ᠢ ᠭᠦᠨᠵᠡᠭᠡᠢᠷᠡᠭᠦᠯᠬᠦ᠌᠂ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢᠨ ᠵᠣᠯᠭᠠᠯᠴᠠᠭ᠎ᠠ᠎ᠶ᠋ᠢ ᠠᠬᠢᠭᠤᠯᠬᠤ᠎ᠳᠤ ᠲᠠᠪᠴᠠᠩ ᠬᠠᠩᠭᠠᠪᠠ᠃

ᠲᠤᠰ ᠤᠳᠠᠭᠠᠨ᠎ᠦ ᠠᠵᠢᠯᠯᠠᠭ᠎ᠠ ᠨᠢ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ ᠭᠣᠢᠳᠠ ᠰᠠᠢᠬᠠᠨ ᠲᠣᠭ᠍ᠯᠠᠯᠲᠠ ᠵᠢᠨ ᠲᠤᠮᠳᠠ ᠬᠥᠱᠢᠭᠡ᠎ᠪᠡᠨ ᠰᠡᠬᠦᠵᠦ᠍᠂ ᠳᠠᠭᠤᠤ 《ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠶ᠎ᠠ》᠂ ᠮᠣᠷᠢᠨ ᠬᠤᠭᠤᠷ᠎ᠤᠨ ᠭᠣᠴᠣᠯᠠᠯ ᠬᠥᠭ᠌ᠵᠢᠮ 《ᠲᠦᠮᠡᠨ ᠠᠭ᠍ᠲᠠ᠎ᠶ᠋ᠢᠨ ᠲᠦᠪᠡᠷᠭᠡᠨ》᠂ ᠪᠥᠵᠢᠭ 《ᠤᠰᠤᠨ ᠵᠢᠷᠤᠭ᠎ᠠ ᠮᠣᠷᠢ》 ᠵᠡᠷᠭᠡ ᠲᠣᠭ᠍ᠯᠠᠯᠲᠠ᠎ᠨᠢ ᠦᠨᠳᠦᠰᠦᠲᠡᠨ᠎ᠦ ᠪᠦᠯᠬᠦᠮᠳᠡᠯ᠎ᠦᠨ ᠭᠦᠨ ᠵᠤᠵᠠᠭᠠᠨ ᠠᠭᠤᠯᠤᠭ᠍ᠳᠠᠬᠤᠨ᠎ᠢ ᠲᠠᠢᠯᠪᠤᠷᠢᠯᠠᠵᠤ᠂ ᠲᠤᠬᠠᠶ᠎ᠶ᠋ᠢᠨ ᠲᠠᠯᠠᠪᠠᠶ᠎ᠶ᠋ᠢᠨ ᠠᠭᠤᠷ ᠠᠮᠢᠰᠬᠤᠯ᠎ᠢ ᠬᠦᠭᠵᠢᠭᠡᠪᠡ᠃

ᠰᠥᠨᠢᠳ ᠮᠠᠯ ᠎ᠤᠨ ᠠᠰᠢᠭ ᠰᠢᠮ᠎ᠡ ᠲᠠᠷᠢᠶᠠᠯᠠᠩ ᠎ᠤᠨ ᠪᠦᠲᠦᠭᠡᠭ᠌ᠳᠡᠬᠦᠨ᠎ᠦ ᠪᠣᠷᠣᠯᠠᠭᠤᠯᠭ᠎ᠠ᠎ᠶ᠋ᠢᠨ ᠬᠢᠵᠠᠭᠠᠷᠲᠤ ᠺᠣᠮᠫᠠᠨᠢ ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠠᠯᠲᠠᠨᠲᠣᠪᠴᠢ᠄ 《ᠡᠨᠡ ᠤᠳᠠᠭ᠎ᠠ ᠪᠡᠭᠡᠵᠢᠩ᠎ᠦᠨ ᠠᠵᠤ ᠠᠬᠤᠶ᠎ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠣᠷᠢᠭ᠎ᠲᠤ ᠪᠡᠶᠡᠴᠢᠯᠡᠨ ᠣᠢᠯᠠᠭᠠᠬᠤ ᠳᠡᠯᠭᠡᠭᠦᠷ ᠨᠡᠭᠡᠭᠡᠵᠦ᠍᠂ ᠦᠬᠡᠷ ᠬᠣᠨᠢᠨ ᠮᠢᠬ᠎ᠠ᠂ ᠴᠠᠭᠠᠨ ᠢᠳᠡᠭᠡᠨ ᠵᠢᠡᠨ ᠰᠢᠭᠤᠳ ᠪᠣᠷᠣᠯᠠᠭᠤᠯᠵᠤ᠂ ᠰᠥᠨᠢᠳ ᠪᠠᠷᠠᠭᠤᠨ ᠬᠣᠱᠢᠭᠤᠨ᠎ᠤ ᠠᠷᠠᠰᠤᠨ ᠰᠡᠢᠯᠦᠮᠡᠯ᠂ ᠶᠠᠰᠤᠨ ᠰᠡᠢᠯᠦᠮᠡᠯ᠂ ᠮᠥᠩᠭᠥᠨ ᠡᠳ᠋ᠯᠡᠯ ᠵᠡᠷᠭᠡ ᠪᠦᠲᠦᠭᠡᠭᠳᠡᠬᠦᠨ᠎ᠢ ᠳᠡᠯᠭᠡᠨ ᠦᠵᠡᠭᠦᠯᠵᠦ ᠪᠤᠷᠤᠯᠠᠭᠤᠯᠤᠭᠰᠠᠨ ᠨᠢ ᠮᠠᠨ᠎ᠤ ᠭᠠᠵᠠᠷ ᠤᠷᠤᠨ᠎ᠤ ᠪᠡᠨ ᠨᠠᠷᠠᠲᠤ ᠲᠡᠮᠳᠡᠭ᠌᠎ᠢ ᠪᠣᠳᠠᠲᠠᠢᠵᠢᠭᠤᠯᠬᠤ ᠪᠠ ᠵᠠᠬ᠎ᠠ ᠳᠡᠯᠭᠡᠭᠦᠷ᠎ᠢ ᠥᠷᠭᠡᠳᠭᠡᠬᠦ᠌᠎ᠳᠦ ᠪᠣᠳᠠᠲᠤ ᠴᠣᠭ᠍ᠴᠠ᠎ᠶ᠋ᠢᠨ ᠲᠤᠯᠭᠠᠭᠤᠷᠢᠯᠠᠯ ᠬᠠᠩᠭᠠᠬᠰᠠᠨ ᠪᠠᠢᠨ᠎ᠠ》 ᠭᠡᠵᠦ ᠰᠤᠷᠪᠤᠯᠵᠢᠯᠠᠭᠴᠢ᠎ᠳᠤ ᠶᠠᠷᠢᠯ᠎ᠠ᠃

ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠪᠡᠭᠡᠵᠢᠩ ᠬᠣᠲᠠ᠎ᠶ᠋ᠢᠨ ᠠᠵᠤ ᠠᠬᠤᠶ᠎ᠮᠡᠷᠭᠡᠵᠢᠯ ᠎ᠤᠨ ᠨᠡᠭᠡᠭᠡᠯᠲᠡ ᠎ᠶ᠋ᠢᠨ ᠲᠣᠭᠣᠷᠢᠭ᠎ᠤᠨ 4 ᠱᠢᠯᠢᠳᠡᠭ ᠠᠵᠤ ᠠᠬᠤᠢᠯᠠᠯ ᠪᠠᠰᠠ ᠰᠥᠨᠢᠳ ᠮᠠᠯ ᠎ᠤᠨ ᠠᠰᠢᠭ ᠰᠢᠮ᠎ᠡ ᠲᠠᠷᠢᠶᠠᠯᠠᠩ ᠎ᠤᠨ ᠪᠦᠲᠦᠭᠡᠭ᠌ᠳᠡᠬᠦᠨ᠎ᠦ ᠪᠣᠷᠣᠯᠠᠭᠤᠯᠭ᠎ᠠ᠎ᠶ᠋ᠢᠨ ᠬᠢᠵᠠᠭᠠᠷᠲᠤ ᠺᠣᠮᠫᠠᠨᠢ ᠯᠤᠭ᠎ᠠ ᠬᠠᠮᠳᠤᠷᠠᠯᠴᠠᠭᠠᠨ᠎ᠤ ᠭᠡᠷ᠎ᠡ ᠲᠣᠭ᠍ᠲᠠᠵᠤ᠂ ᠰᠥᠨᠢᠳ ᠪᠠᠷᠠᠭᠤᠨ ᠬᠣᠱᠢᠭᠤᠨ᠎ᠤ ᠣᠨᠴᠠᠯᠢᠭ᠍ᠲᠤ ᠪᠦᠲᠦᠭᠡᠭ᠌ᠳᠡᠬᠦᠨ᠎ᠦ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢᠨ ᠬᠠᠮᠲᠤᠷᠠᠯᠴᠠᠭ᠎ᠠ ᠱᠢᠨ᠎ᠡ ᠱᠠᠲᠤᠨ᠎ᠳᠤ ᠠᠬᠢᠪᠠ᠃ ᠲᠠᠯ᠎ᠠ ᠨᠤᠲᠤᠭ᠎ᠡᠴᠡ ᠨᠡᠢᠰᠯᠡᠯ ᠪᠡᠭᠡᠵᠢᠩ ᠬᠦᠷᠲᠡᠯ᠎ᠡ᠂ ᠠᠵᠤ ᠦᠶ᠋ᠯᠡᠰ᠎ᠦᠨ ᠬᠠᠮᠵᠢᠯᠴᠠᠭ᠎ᠠ᠎ᠡᠴᠡ ᠰᠣᠶᠣᠯ ᠰᠡᠳᠬᠢᠯᠭᠡ ᠵᠢᠨ ᠬᠠᠮᠳᠤ ᠵᠢᠨ ᠲᠠᠨᠢᠯᠳᠠ ᠵᠢ ᠨᠡᠢᠳᠭᠡᠬᠦ ᠬᠦᠷᠳᠡᠯ᠎ᠠ᠂ ᠰᠥᠨᠢᠳ ᠨᠤᠲᠤᠭ᠎ᠤᠨ ᠲᠤᠷᠠᠰᠤᠮᠵᠢ (ᠪᠡᠭᠡᠵᠢᠩ) ᠪᠡᠶᠡᠴᠢᠯᠡᠨ ᠣᠢᠯᠠᠭᠠᠬᠤ ᠳᠡᠯᠭᠡᠭᠦᠷ᠎ᠨᠢ ᠰᠥᠨᠢᠳ ᠪᠠᠷᠠᠭᠤᠨ ᠬᠣᠱᠢᠭᠤᠨ᠎ᠤ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ ᠎ᠤᠨ ᠪᠦᠲᠦᠭᠡᠭ᠌ᠳᠡᠬᠦᠨ᠎ᠳᠦ ᠱᠢᠭᠤᠳ ᠪᠡᠭᠡᠵᠢᠩ᠎ᠦᠨ ᠵᠠᠬ᠎ᠠ ᠳᠡᠯᠭᠡᠭᠦᠷ᠎ᠲᠦ ᠬᠥᠷᠬᠥ᠌ 《ᠰᠠᠭᠠᠳ ᠥᠬᠡᠶ ᠨᠡᠪᠲᠡᠷᠡᠬᠦ᠌ ᠵᠠᠮ》 ᠢ᠋ ᠨᠡᠭᠡᠭᠡᠵᠦ ᠦᠭᠭᠦᠭᠰᠡᠨ᠎ᠢᠶᠡᠷ ᠪᠠᠷᠠᠬᠤ ᠥᠬᠡᠶ᠂ ᠨᠠᠩ ᠴᠤ᠌ ᠬᠣᠶᠠᠷ ᠭᠠᠵᠠᠷ᠎ᠤᠨ ᠠᠷᠠᠳ ᠤᠯᠠᠨ᠎ᠤ ᠨᠦᠬᠦᠷᠯᠡᠯ ᠰᠣᠯᠢᠯᠴᠠᠭᠠᠨ᠎ᠤ ᠬᠥᠭᠥᠷᠭᠡ᠎ᠶ᠋ᠢ ᠴᠣᠭ᠍ᠴᠠᠯᠠᠵᠠᠶ᠃ ᠬᠣᠶᠠᠷ ᠭᠠᠵᠠᠷ ᠎ᠤᠨ ᠬᠢᠨ ᠲᠤᠰ ᠤᠳᠠᠭ᠎ᠠ᠎ᠶ᠋ᠢᠨ ᠬᠠᠮᠲᠤᠷᠠᠯᠴᠠᠭ᠎ᠠ᠎ᠪᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ᠂ ᠰᠣᠶᠣᠯ ᠵᠡᠷᠭᠡ ᠤᠯᠠᠨ ᠬᠦᠷᠢᠶᠡᠨ᠎ᠳᠡᠬᠢ ᠬᠠᠮᠵᠢᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号