ᠰᠤᠷᠪᠤᠯᠵᠢᠯᠠᠬᠴᠢ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠠᠬᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶᠠ ᠡᠴᠡ ᠤᠢᠯᠠᠭᠠᠭᠰᠠᠨ ᠶ᠋ᠢᠡᠷ᠂ ᠤᠯᠤᠰ ᠤ᠋ᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠲᠤᠪᠴᠢᠶᠠ ᠤᠢᠷᠠ ᠳ᠋ᠤ ᠠᠯᠪᠠᠨ ᠵᠠᠷᠯᠠᠯ ᠨᠡᠢᠲᠡᠯᠡᠨ᠂ 875 ᠠᠵᠤ ᠠᠬᠤᠢᠯᠠᠯᠤᠨ ᠭᠠᠵᠠᠷ ᠵᠦᠢᠵᠢᠨ ᠢᠯᠡᠷᠭᠡᠢᠯᠡᠯᠳᠤ ᠲᠤᠰᠬᠠᠢ ᠲᠡᠮᠳᠡᠭ ᠢ᠋ ᠭᠡᠷᠡᠭᠯᠡᠬᠦᠵᠢ ᠬᠢᠨᠡᠨ ᠵᠦᠪᠰᠢᠶᠠᠷᠠᠵᠤ᠂ ᠡᠬᠦᠨᠳᠤ ᠦᠪᠤᠷ ᠮᠤᠡᠭᠭᠤᠯ ᠤᠨ 16 ᠠᠵᠤ ᠠᠬᠤᠢᠯᠠᠯ ᠰᠤᠡᠭᠭᠤᠭᠳᠠᠨ᠂ ᠦᠢᠯᠡᠳᠪᠤᠷᠢᠯᠡᠭᠰᠡᠨ ᠭᠠᠵᠠᠷ ᠵᠦᠢ ᠶ᠋ᠢᠨ ᠢᠯᠡᠷᠬᠡᠢᠯᠡᠯᠳᠤ ᠪᠦᠳᠦᠭᠡᠭᠳᠡᠬᠦᠨ ᠨᠢ ᠤᠯᠤᠰᠤᠨ ᠲᠡᠰᠤᠨ ᠲᠤᠰᠬᠠᠢ ᠬᠠᠮᠠᠭᠠᠯᠠᠯᠳᠠᠵᠢ ᠬᠦᠷᠳᠡᠬᠦ ᠪᠤᠯᠤᠨᠠ᠃
ᠤᠢᠯᠠᠭᠠᠬᠰᠠᠨ ᠢ᠋ᠶ᠋ᠡᠷ᠂ ᠥᠪᠥᠷ ᠮᠣᠩᠭᠣᠯ ᠤ᠋ᠨ 16 ᠠᠵᠤ ᠠᠬᠤᠢᠯᠠᠯ ᠨᠢ ᠬᠦᠯᠦᠨ ᠪᠤᠢᠷ ᠬᠤᠲᠠ᠂ ᠤᠯᠠᠭᠠᠬᠬᠠᠳᠠ ᠬᠤᠳᠠ᠂ ᠤᠯᠠᠭᠠᠨᠴᠠᠪ ᠬᠤᠳᠠ ᠵᠡᠷᠭᠡ ᠤᠯᠠᠨ ᠠᠢᠮᠠᠭ ᠬᠤᠳᠠᠳᠤ ᠲᠠᠷᠬᠠᠵᠤ᠂ ᠡᠷᠳᠠᠨᠢ ᠰᠢᠰᠢ᠂ ᠰᠢᠨᠠ ᠪᠤᠷᠴᠠᠭ᠂ ᠨᠠᠷᠢᠮᠤ᠂ ᠬᠠᠷᠠ ᠲᠠᠯᠳᠠᠤ ᠵᠡᠷᠭᠡ ᠤᠯᠠᠨ ᠲᠦᠷᠦᠯᠢ ᠬᠠᠮᠤᠷᠴᠤ᠂ ᠲᠠᠯᠠ ᠨᠤᠳᠤᠭᠤᠨ ᠤᠨᠴᠠᠯᠢᠭ ᠪᠠ ᠭᠠᠵᠠᠷ ᠤᠷᠤᠨᠤ ᠲᠠᠪᠠᠭᠤᠯᠢᠭᠢ ᠬᠦᠢᠴᠡᠳ ᠢᠯᠡᠷᠡᠬᠦᠯᠪᠠ᠃ ᠡᠬᠦᠨᠳᠤ 《ᠠᠤᠬᠠᠨᠤ ᠨᠠᠷᠢᠮᠦ》 ᠨᠢ ᠦᠪᠡᠷᠮᠢᠴᠠ ᠴᠢᠨᠠᠷᠵᠢᠡᠷᠵᠢᠡᠨ ᠠᠮᠵᠢᠯᠳᠠ ᠲᠠᠢ ᠵᠦᠪᠰᠢᠶᠠᠷᠡᠭᠳᠡᠵᠠᠢ; ᠬᠦᠯᠦᠨ ᠪᠤᠢᠷ ᠤᠨ《ᠠᠷᠤᠨ ᠤ᠋ ᠰᠢᠷᠠ ᠪᠤᠷᠴᠠᠭ 》᠂ 《ᠠᠷᠤᠨ ᠤ᠋ ᠡᠷᠳᠡᠨᠢ ᠰᠢᠰᠢ》᠂ 《ᠭᠡᠭᠡᠨ ᠭᠤᠤᠯ ᠤ᠋ᠨ ᠬᠠᠷᠠ ᠳᠡᠯᠳᠡᠦ》᠂ 《ᠬᠦᠯᠦᠨ ᠪᠤᠢᠷ ᠤ᠋ᠨ ᠱᠤᠰᠢ 》᠂ 《ᠶᠠᠭᠰᠢᠵᠢᠨ ᠲᠦᠮᠦᠰᠤ》 ᠵᠡᠷᠭᠡ ᠤᠯᠠᠨ ᠪᠦᠳᠦᠭᠡᠭᠳᠡᠬᠦᠨ ᠨᠢ ᠭᠠᠵᠠᠷ ᠵᠦᠢᠵᠢᠨ ᠢᠯᠡᠷᠭᠡᠢᠯᠡᠯᠳᠤ ᠲᠤᠰᠬᠠᠢ ᠲᠡᠮᠳᠡᠭᠢ ᠭᠡᠷᠡᠭᠯᠡᠬᠦ ᠡᠷᠭᠡᠵᠢ ᠤᠯᠵᠠᠢ᠃ ᠡᠬᠦᠨ ᠡᠴᠡ ᠭᠠᠳᠠᠨᠠ᠂ 《ᠴᠠᠬᠠᠷ ᠬᠤᠨᠢᠨ ᠮᠢᠬᠠ》᠂ 《ᠬᠤᠷᠴᠢᠨ ᠵᠡᠭᠦᠨ ᠭᠠᠷᠤᠨ ᠬᠤᠢᠲᠤ ᠬᠤᠰᠢᠭᠤᠨ ᠤ᠋ ᠳᠤᠳᠤᠷᠭᠠ》 ᠵᠡᠷᠭᠡ ᠵᠠᠬᠠ ᠲᠡᠯᠭᠡᠬᠦᠷ ᠤᠨ ᠲᠠᠭᠠᠰᠢᠶᠠᠯ ᠢ ᠬᠦᠷᠳᠡᠭᠰᠡᠨ ᠤᠨᠴᠠᠯᠢᠬᠳᠤ ᠪᠦᠳᠦᠭᠡᠭᠳᠡᠬᠦᠨ ᠢ᠋ ᠪᠠᠰᠠ ᠬᠤᠯᠪᠤᠭᠳᠠᠯ ᠪᠦᠬᠦᠢ ᠠᠵᠤ ᠠᠬᠤᠢᠯᠡᠯᠤᠨ ᠭᠤᠶᠤᠴᠢᠯᠠᠵᠤ ᠬᠢᠨᠡᠨ ᠬᠠᠷᠭᠤᠭᠤᠯᠬᠤ ᠪᠠᠷ ᠲᠠᠮᠵᠢᠨ᠂ ᠭᠠᠵᠠᠷ ᠵᠦᠢᠵᠢᠨ ᠢᠯᠡᠷᠭᠡᠢᠯᠡᠯᠳᠤ ᠪᠦᠳᠦᠭᠡᠭᠳᠡᠬᠦᠨᠤ ᠬᠠᠮᠠᠭᠠᠯᠠᠯᠳᠠᠵᠢᠨ ᠰᠢᠰᠲᠸᠮᠳᠤ ᠤᠷᠤᠭᠤᠯᠪᠠ᠃
ᠭᠠᠵᠠᠷ ᠵᠦᠢ ᠶ᠋ᠢᠨ ᠢᠯᠡᠷᠬᠡᠢᠯᠡᠯᠳᠤ ᠲᠤᠰᠬᠠᠢ ᠲᠡᠮᠲᠡᠭ ᠪᠣᠯ ᠪᠦᠲᠦᠭᠡᠭ᠌ᠳᠡᠬᠦᠨ ᠤ᠋ ᠶᠠᠰᠤ ᠴᠢᠨᠠᠷ ᠪᠠ ᠣᠷᠣᠨ ᠨᠤᠲᠤᠭ ᠤ᠋ᠨ ᠦᠪᠡᠷᠮᠢᠴᠡ ᠣᠨᠴᠠᠯᠢᠭ ᠤ᠋ᠨ ᠴᠢᠬᠤᠯᠠ ᠪᠡᠯᠭᠡ ᠳᠡᠮᠳᠡᠭ ᠪᠠᠢᠵᠤ᠂ ᠳᠤᠰ ᠳᠡᠮᠳᠡᠭ ᠤ᠋ᠨ ᠬᠡᠷᠡᠭ᠌ᠯᠡᠬᠦ᠌ ᠡᠷᠬᠡ ᠵᠢ ᠣᠯᠤᠭ᠍ᠰᠠᠨ ᠨᠢ ᠪᠦᠲᠦᠭᠡᠭ᠌ᠳᠡᠬᠦᠨ ᠤ᠋ ᠲᠦᠭᠦᠬᠡᠶ ᠮᠠᠲ᠋ᠧᠷᠢᠶᠠᠯ᠂ ᠦᠢᠯᠡᠳᠪᠦᠷᠢᠯᠡᠯ ᠤ᠋ᠨ ᠤᠷᠠ ᠮᠡᠷᠭᠡᠵᠢᠯ᠂ ᠶᠠᠰᠤ ᠴᠢᠨᠠᠷ ᠤ᠋ᠨ ᠪᠠᠷᠢᠮᠵᠢᠶᠠ ᠵᠡᠷᠭᠡ ᠲᠠᠯᠠ ᠪᠡᠷ ᠴᠥᠮ ᠤᠯᠤᠰ ᠤ᠋ᠨ ᠬᠣᠯᠪᠣᠭ᠍ᠳᠠᠯ ᠪᠦᠬᠦᠢ ᠲᠣᠭ᠍ᠲᠠᠭᠠᠯ ᠳ᠋ᠤ ᠨᠡᠢᠴᠡᠬᠦ᠌ ᠵᠢ ᠬᠠᠷᠠᠭᠤᠯᠵᠤ ᠪᠠᠢᠨᠠ᠃ 《ᠭᠠᠵᠠᠷ ᠵᠦᠢ ᠶ᠋ᠢᠨ ᠢᠯᠡᠷᠬᠡᠢᠯᠡᠯᠲᠦ ᠪᠦᠲᠦᠭᠡᠭ᠌ᠳᠡᠬᠦᠨ ᠤ᠋ ᠬᠠᠮᠠᠭᠠᠯᠠᠯᠲᠠ ᠶ᠋ᠢᠨ ᠠᠷᠭᠠ 》 ᠵᠢ ᠦᠨᠳᠦᠰᠦᠯᠡᠪᠡᠯ᠂ ᠲᠤᠰ 16 ᠠᠵᠤ ᠠᠬᠤᠢᠯᠠᠯ ᠤ᠋ᠨ ᠦᠢᠯᠡᠳᠪᠦᠷᠢᠯᠡᠭ᠌ᠰᠡᠨ ᠭᠠᠵᠠᠷ ᠵᠦᠢ ᠶ᠋ᠢᠨ ᠢᠯᠡᠷᠬᠡᠢᠯᠡᠯᠲᠦ ᠪᠦᠲᠦᠭᠡᠭ᠌ᠳᠡᠬᠦᠨ ᠤ᠋ ᠪᠣᠭᠣᠳᠠᠯ ᠪᠠᠭ᠍ᠯᠠᠭᠠ᠂ ᠢᠯᠡᠳᠭᠡᠮᠵᠢ ᠳᠡᠮᠳᠡᠭ ᠳᠡᠭᠡᠷᠡ ᠭᠠᠵᠠᠷ ᠵᠦᠢ ᠶ᠋ᠢᠨ ᠢᠯᠡᠷᠬᠡᠢᠯᠡᠯᠳᠤ ᠲᠤᠰᠬᠠᠢ ᠳᠡᠮᠳᠡᠭ ᠢ᠋ ᠬᠡᠷᠡᠭ᠌ᠯᠡᠵᠦ᠍ ᠪᠣᠯᠬᠤ ᠵᠢ ᠵᠦᠪᠰᠢᠶᠡᠷᠡᠵᠦ᠂ ᠡᠨᠡ ᠨᠢ ᠪᠦᠲᠦᠭᠡᠭ᠌ᠳᠡᠬᠦᠨ ᠤ᠋ ᠵᠠᠬᠠ ᠳᠡᠯᠭᠡᠭᠦᠷ ᠤ᠋ᠨ ᠢᠯᠭᠠᠨ ᠲᠠᠨᠢᠬᠤ ᠬᠡᠮᠵᠢᠶᠡ ᠪᠠ ᠢᠲᠡᠭᠡᠭᠦᠯᠬᠦ᠌ ᠬᠦᠴᠦᠨ ᠢ᠋ ᠪᠦᠲᠦᠮᠵᠢᠲᠡᠶ ᠳᠡᠭᠡᠭ᠌ᠰᠢᠯᠡᠭᠦᠯᠵᠦ᠍᠂ ᠭᠣᠣᠯᠯᠠᠬᠤ ᠥᠷᠢᠰᠥᠯᠳᠦᠬᠦ᠌ ᠬᠦᠴᠦᠨ ᠢ᠋ ᠴᠢᠩᠭᠠᠷᠠᠭᠤᠯᠬᠤ ᠪᠣᠯᠤᠨᠠ᠃ ᠡᠭᠦᠨ ᠤ᠋ ᠬᠠᠮᠲᠤ᠂ ᠤᠯᠤᠰ ᠤ᠋ᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠲᠣᠪᠴᠢᠶᠠ ᠡᠴᠡ ᠴᠢᠩᠭᠠ ᠬᠢᠨᠠᠨ ᠪᠠᠲᠤᠯᠠᠬᠤ ᠪᠠ ᠳᠡᠩᠰᠡᠯᠡᠨ ᠲᠡᠮᠳᠡᠭ᠌ᠯᠡᠬᠦ᠌ ᠪᠡᠷ ᠳᠠᠮᠵᠢᠭᠤᠯᠤᠨ᠂ ᠭᠠᠵᠠᠷ ᠵᠦᠶ ᠶ᠋ᠢᠨ ᠢᠯᠡᠷᠬᠡᠢᠯᠡᠯᠲᠦ ᠪᠦᠲᠦᠭᠡᠭᠳᠡᠬᠦᠨ ᠳ᠋ᠤ ᠪᠥᠬᠥ᠌ ᠬᠡᠯᠬᠢᠶᠡ ᠵᠢᠨ ᠬᠠᠮᠠᠭᠠᠯᠠᠯᠲᠠ ᠶ᠋ᠢᠨ ᠲᠣᠭ᠍ᠲᠠᠴᠠ ᠵᠢ ᠪᠠᠢᠭᠤᠯᠵᠤ ᠂ ᠬᠠᠭᠤᠷᠮᠠᠭ ᠮᠠᠭᠤ ᠪᠦᠲᠦᠭᠡᠭ᠌ᠳᠡᠬᠦᠨ ᠢ᠋ ᠰᠡᠷᠭᠡᠢᠯᠡᠨ᠂ ᠵᠠᠬᠠ ᠳᠡᠯᠭᠡᠭᠦᠷ ᠤ᠋ᠨ ᠡᠮᠬᠢ ᠵᠢᠷᠤᠮ ᠪᠠ ᠬᠡᠷᠡᠭ᠌ᠯᠡᠭ᠌ᠴᠢᠳ ᠤ᠋ᠨ ᠡᠷᠬᠡ ᠠᠱᠢᠭ ᠢ᠋ ᠬᠠᠮᠠᠭᠠᠯᠠᠬᠤᠳᠤ ᠠᠱᠢᠭ᠍ᠲᠠᠶ ᠪᠠᠢᠳᠠᠭ᠃