ᠴᠠᠬᠳᠠᠭ᠎ᠠ ᠵᠢᠨ ᠯᠢᠶᠠᠩ 《ᠪᠦᠬᠦ ᠤᠯᠤᠰ ᠤ᠋ᠨ ᠬᠠᠮᠤᠬ ᠤ᠋ᠨ ᠭᠤᠶᠤ ᠦᠨᠳᠦᠰᠦᠨ ᠱᠠᠳᠤᠨ ᠤ᠋ ᠴᠠᠬᠳᠠᠭ᠎ᠠ》 ᠪᠡᠷ ᠴᠤᠯᠠᠯᠠᠭᠳᠠᠵᠠᠢ
2026-01-18 11:26:02
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠠᠮᠤᠭᠤᠯᠠᠩᠳᠤ ᠲᠤᠮᠳᠠᠳᠤ ᠤᠯᠤᠰ᠂ ᠬᠠᠤᠯᠢ ᠪᠡᠷ ᠵᠠᠰᠠᠬᠤ ᠲᠤᠮᠳᠠᠳᠤ ᠤᠯᠤᠰ ᠤ᠋ᠨ ᠪᠠᠢᠭᠤᠯᠤᠯᠳᠠ ᠵᠢᠨ ᠬᠦᠴᠦᠨ ᠴᠢᠳᠠᠯ ᠎ᠢ ᠤᠯᠠᠮ ᠨᠢᠬᠡ ᠠᠯᠬᠤᠮ ᠨᠢᠬᠳᠠᠷᠠᠭᠤᠯᠬᠤ ᠵᠢᠨ ᠲᠤᠯᠠᠳᠠ᠂ ᠤᠢᠷ᠎ᠠ ᠳ᠋ᠸ᠋ ᠲᠤᠳᠤᠭᠠᠳᠤ ᠵᠢ ᠬᠠᠮᠠᠭᠠᠯᠠᠬᠤ ᠶᠠᠮᠤᠨ ᠡᠴᠨ 20 ᠨᠡᠷᠡᠰ《ᠬᠠᠮᠤᠬ ᠤ᠋ᠨ ᠭᠤᠶᠤ ᠦᠨᠳᠦᠰᠦᠨ ᠱᠠᠳᠤᠨ ᠤ᠋ ᠴᠠᠬᠳᠠᠭ᠎ᠠ》 ᠵᠢ ᠨᠡᠢᠬᠡᠮ ᠨᠡᠢᠳᠡ ᠳ᠋ᠸ᠋ ᠵᠠᠷᠯᠠᠨ ᠨᠡᠢᠳᠡᠯᠡᠪᠡ᠃ ᠡᠬᠦᠨ ᠳ᠋ᠸ᠋᠂ ᠦᠪᠦᠷ ᠮᠤᠩᠭᠤᠯ ᠤ᠋ᠨ ᠬᠢᠩᠭᠠᠨ ᠠᠢᠮᠠᠬ ᠤ᠋ᠨ ᠵᠠᠯᠠᠢᠳ ᠬᠤᠰᠢᠭᠤᠨ ᠤ᠋ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠲᠡᠮᠡᠬᠡᠴᠢ ᠤᠯᠤᠰ ᠤ᠋ᠨ ᠲᠡᠰ ᠤ᠋ᠨ ᠪᠠᠢᠭᠠᠯᠢ ᠵᠢᠨ ᠬᠠᠮᠠᠭᠠᠯᠠᠯᠳᠠ ᠵᠢᠨ ᠤᠷᠤᠨ ᠤ᠋ ᠤᠢ ᠰᠢᠭᠤᠢ ᠵᠢᠨ ᠲᠤᠳᠤᠭᠠᠳᠤ ᠵᠢ ᠬᠠᠮᠠᠭᠠᠯᠠᠬᠤ ᠲᠤᠮᠢᠯᠠᠬᠰᠠᠨ ᠰᠠᠯᠪᠤᠷᠢ ᠵᠢᠨ ᠲᠠᠷᠤᠭ᠎ᠠ ᠵᠢᠨ ᠯᠢᠶᠠᠩ 《ᠬᠠᠮᠤᠬ ᠤ᠋ᠨ ᠭᠤᠶᠤ ᠦᠨᠳᠦᠰᠦᠨ ᠱᠠᠳᠤᠨ ᠤ᠋ ᠴᠠᠬᠳᠠᠭ᠎ᠠ》  ᠪᠠᠷ  ᠴᠤᠯᠠᠯᠠᠭᠳᠠᠵᠠᠢ ᠃

ᠵᠢᠨ ᠯᠢᠶᠠᠩ ᠲᠤᠳᠤᠭᠠᠳᠤ ᠵᠢ ᠬᠠᠮᠠᠭᠠᠯᠠᠬᠤ ᠠᠵᠢᠯ ᠳ᠋ᠸ᠋ ᠤᠷᠤᠯᠴᠠᠬᠰᠠᠨ ᠡᠴᠨ ᠨᠠᠭᠠᠰᠢ᠂ ᠢᠮᠠᠬᠳᠠ ᠤᠢ ᠰᠢᠭᠤᠢ ᠵᠢᠨ ᠲᠤᠳᠤᠭᠠᠳᠤ ᠵᠢ ᠬᠠᠮᠠᠭᠠᠯᠠᠬᠤ ᠨᠢᠬᠡᠳᠦᠭᠡᠷ ᠹᠷᠤᠨᠲ᠎ᠤᠨ ᠠᠵᠢᠯ ᠤ᠋ᠨ ᠪᠠᠢᠷᠢᠨ ᠳ᠋ᠸ᠋ ᠦᠨᠳᠦᠰᠦᠯᠡᠨ᠂ ᠠᠮᠢ ᠠᠬᠤᠢ ᠵᠢ ᠬᠠᠮᠠᠭᠠᠯᠠᠬᠤ ᠵᠠᠮ ᠵᠢᠡᠷ ᠵᠠᠮᠨᠠᠨ᠂ ᠠᠮᠢ ᠠᠬᠤᠢ ᠵᠢᠨ ᠬᠦᠷᠢᠶᠡᠨ ᠤ᠋ ᠬᠡᠷᠡᠭ ᠰᠢᠢᠳᠪᠦᠷᠢᠯᠡᠬᠦ ᠴᠢᠳᠠᠪᠤᠷᠢᠳᠠᠨ ᠪᠤᠯᠵᠠᠢ᠃ 2000 ᠭᠠᠷᠤᠢ ᠤᠳᠠᠭ᠎ᠠ ᠵᠢᠨ ᠤᠢ ᠰᠢᠭᠤᠢ ᠵᠢᠨ ᠵᠠᠰᠠᠬ ᠵᠠᠬᠢᠷᠭᠠᠨ ᠤ᠋ ᠬᠡᠷᠡᠭ᠂ 400 ᠭᠠᠷᠤᠢ ᠤᠳᠠᠭ᠎ᠠ ᠵᠢᠨ ᠡᠷᠡᠬᠦᠦ ᠵᠢᠨ ᠬᠡᠷᠡᠭ ᠎ᠢ ᠰᠢᠢᠳᠪᠦᠷᠢᠯᠡᠬᠦ ᠳ᠋ᠸ᠋ ᠤᠷᠤᠯᠴᠠᠵᠤ᠂ 2600 ᠭᠠᠷᠤᠢ ᠬᠠᠤᠯᠢ ᠡᠴᠨ ᠵᠦᠷᠢᠴᠡᠭᠰᠡᠨ ᠶᠠᠯ᠎ᠠ ᠵᠢᠨ ᠰᠡᠵᠢᠭᠳᠡᠨ᠎ᠢ ᠪᠠᠢᠴᠠᠭᠠᠨ ᠰᠢᠢᠳᠪᠦᠷᠢᠯᠡᠵᠦ᠂ ᠠᠮᠢ ᠠᠬᠤᠢ ᠵᠢᠨ ᠬᠠᠤᠯᠢ ᠡᠴᠨ ᠵᠦᠷᠢᠴᠡᠭᠰᠡᠨ ᠶᠠᠯᠠᠳᠤ ᠠᠵᠢᠯᠯᠠᠭ᠎ᠠ ᠳ᠋ᠸ᠋ ᠴᠢᠩᠭ᠎ᠠ ᠴᠤᠬᠢᠯᠳᠡ ᠦᠭᠪᠡ᠃ ᠵᠢᠨ ᠯᠢᠶᠠᠩ ᠬᠠᠷᠢᠶ᠎ᠠ ᠤᠷᠤᠨ ᠤ᠋ ᠰᠢᠪᠠᠭᠤᠨ ᠤ᠋ ᠲᠦᠷᠦᠯ ᠎ᠢ ᠵᠦᠪ ᠤᠨᠤᠪᠴᠢᠳᠠᠢ ᠪᠡᠷ ᠢᠯᠭᠠᠨ ᠳᠠᠨᠢᠵᠦ᠂ 《ᠰᠢᠪᠠᠭᠤ ᠵᠢ ᠬᠠᠮᠠᠭᠠᠯᠠᠬᠰᠠᠨ ᠲᠡᠮᠳᠡᠭᠯᠡᠯ》 ᠎ᠢ᠋ 8 ᠲᠡᠪᠳᠡᠷ ᠪᠢᠴᠢᠵᠦ᠂ 30 ᠲᠦᠮᠡ ᠭᠠᠷᠤᠢ ᠦᠰᠦᠭ ᠲᠦ᠍ ᠬᠦᠷᠴᠡᠢ᠃ ᠵᠢᠨ ᠯᠢᠶᠠᠩ《ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠵᠢᠡᠷ ᠬᠦᠴᠦᠨ ᠤᠯᠭᠤᠬᠤ  +  ᠲᠤᠬᠳᠠᠴᠠ ᠵᠢᠨ ᠰᠢᠨ᠎ᠡ ᠵᠢ ᠡᠬᠦᠳᠬᠦ》 ᠵᠢ ᠪᠠᠷᠢᠮᠳᠠᠯᠠᠨ᠂ ᠠᠮᠢ ᠠᠬᠤᠢ ᠵᠢᠨ ᠴᠠᠬᠳᠠᠭᠠᠨ ᠤ᠋ ᠶᠠᠪᠤᠳᠠᠯ ᠎ᠢ ᠭᠠᠬᠴᠠᠭᠠᠷ ᠠᠵᠢᠯᠯᠠᠵᠤ ᠪᠠᠢᠬᠰᠨᠨ ᠡᠴᠨ 《ᠴᠤᠬᠭᠠᠷ ᠠᠳᠬᠤᠨ ᠬᠠᠮᠳᠤ ᠪᠡᠷ ᠬᠠᠮᠢᠶᠠᠷᠬᠤ》 ᠪᠤᠯᠭᠠᠨ ᠬᠤᠪᠢᠷᠠᠭᠤᠯᠵᠤ᠂ 《ᠠᠵᠢᠯᠳᠠᠨ᠎ᠤ ᠲᠤᠭᠤᠷᠢᠨ ᠬᠠᠮᠠᠭᠠᠯᠠᠬᠤ + ᠸᠢᠳᠢᠣ᠋ ᠵᠢᠨ ᠠᠯᠤᠰ ᠡᠵᠡᠮᠳᠡᠯ + ᠵᠢᠯᠤᠭᠤᠴᠢ ᠦᠬᠡᠢ ᠨᠢᠰᠬᠡᠯ ᠎ᠤᠨ ᠠᠭᠠᠷ ᠎ᠤᠨ ᠬᠠᠮᠠᠭᠠᠯᠠᠯᠳᠠ》 ᠵᠢᠨ ᠪᠤᠰᠤᠭ᠎ᠠ ᠴᠤᠬᠴᠠᠳᠤ ᠲᠤᠭᠤᠷᠢᠨ ᠬᠠᠮᠠᠭᠠᠯᠠᠬᠤ ᠰᠢᠰᠲᠸᠮ᠎ᠢ ᠪᠠᠢᠭᠤᠯᠬᠤ ᠵᠢ ᠠᠬᠢᠭᠤᠯᠵᠠᠢ᠃ ᠲᠡᠷᠡ ᠤᠷᠢᠳ ᠬᠤᠵᠢᠳ ᠦᠪᠡᠷᠳᠡᠬᠡᠨ ᠵᠠᠰᠠᠬᠤ ᠤᠷᠤᠨ ᠤ᠋ ᠰᠢᠯᠢᠳᠡᠭ ᠠᠷᠠᠳ ᠤ᠋ᠨ ᠴᠠᠬᠳᠠᠭ᠎ᠠ ᠵᠡᠷᠬᠡ ᠢᠷᠠᠭᠤ ᠠᠯᠳᠠᠷ ᠎ᠢ ᠬᠦᠷᠳᠡᠵᠦ᠂ ᠬᠢᠩᠭᠠᠨ ᠠᠢᠮᠠᠬ ᠤ᠋ᠨ ᠤᠢ ᠰᠢᠭᠤᠢ ᠵᠢᠨ ᠲᠤᠳᠤᠭᠠᠳᠤ ᠵᠢ ᠬᠠᠮᠠᠭᠠᠯᠠᠬᠤ ᠰᠢᠰᠲᠸᠮ ᠤ᠋ᠨ 《ᠶᠡᠬᠡ ᠠᠳᠠᠯᠢᠳᠬᠠᠯ》 ᠤ᠋ᠨ ᠠᠵᠢᠯᠯᠠᠭ᠎ᠠ ᠳ᠋ᠸ᠋ 4 ᠤᠳᠠᠭ᠎ᠠ ᠨᠢᠬᠡᠳᠦᠬᠡᠷ ᠲᠡᠰ ᠤ᠋ᠨ ᠱᠠᠩᠨᠠᠯ ᠤᠯᠵᠤ᠂ ᠬᠤᠪᠢ ᠬᠦᠮᠦᠨ ᠤ᠋ ᠬᠤᠶᠠᠳᠤᠭᠠᠷ ᠲᠡᠰ ᠤ᠋ᠨ ᠭᠠᠪᠢᠶ᠎ᠠ ᠵᠢ 1 ᠤᠳᠠᠭ᠎ᠠ᠂ ᠭᠤᠷᠪᠠᠳᠤᠭᠠᠷ ᠲᠡᠰ ᠤ᠋ᠨ ᠭᠠᠪᠢᠶ᠎ᠠ ᠵᠢ 3 ᠤᠳᠠᠭ᠎ᠠ ᠪᠠᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号