ᠬᠦᠬᠡᠬᠤᠲᠠ ᠶ᠋ᠢᠨ ᠬᠦᠳᠡᠭᠡ ᠲᠤᠰᠬᠤᠨ ᠤ᠋ ᠤᠷᠤᠰᠢᠨ ᠰᠠᠭᠤᠷᠢᠰᠢᠬᠤ ᠨᠦᠬᠦᠴᠡᠯ ᠢᠯᠠᠳᠲᠠ ᠰᠠᠢᠵᠢᠷᠠᠪᠠ
2026-01-18 12:30:22
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

 2025 ᠣᠨ ᠳ᠋ᠤ᠂ ᠬᠥᠬᠡᠬᠣᠲᠠ ᠬᠥᠳᠡᠭᠡ ᠲᠣᠰᠭᠣᠨ ᠤ᠋ ᠠᠷᠢᠭᠤᠨ ᠴᠡᠪᠡᠷ ᠤ᠋ᠨ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠣᠯᠠᠨ ᠲᠦᠮᠡᠨ᠎ᠦ ᠭᠤᠤᠯ ᠴᠣᠭ᠍ᠴᠠ ᠵᠢᠨ ᠦᠶ᠋ᠯᠡᠳᠦᠯ ᠢ᠋ ᠪᠠᠳᠠᠷᠠᠭᠤᠯᠤᠨ ᠨᠡᠢᠲᠡ 12.71 ᠲᠦᠮᠡᠨ ᠬᠥᠮᠦᠨ ᠤᠳᠠᠭ᠎ᠠ ᠵᠢᠨ ᠬᠥᠳᠡᠯᠮᠦᠷᠢ ᠬᠦᠴᠦ ᠵᠢ ᠳᠠᠢᠴᠢᠯᠠᠨ ᠤᠷᠤᠯᠴᠠᠭᠤᠯᠵᠤ᠂ ᠬᠥᠳᠡᠭᠡ ᠲᠣᠰᠭᠣᠨ ᠤ᠋ ᠣᠷᠣᠱᠢᠨ ᠰᠠᠭᠤᠷᠢᠰᠢᠬᠤ ᠣᠷᠴᠢᠨ ᠨᠥᠬᠥᠴᠡᠯ ᠢ᠋ 《ᠦᠵᠡᠰᠭᠦᠯᠡᠩᠲᠦ ᠰᠠᠢᠬᠠᠨ ᠣᠷᠣᠱᠢᠨ ᠰᠠᠭᠤᠷᠢᠰᠢᠬᠤ ᠳ᠋ᠤ ᠲᠤᠬᠢᠷᠠᠮᠵᠢᠲᠠᠢ》 ᠪᠤᠯᠭᠠᠨ ᠬᠤᠪᠢᠷᠠᠭᠤᠯᠬᠤ ᠵᠢ ᠲᠦᠷᠬᠡᠳᠬᠡᠨ ᠠᠬᠢᠭᠤᠯᠪᠠ᠃

ᠬᠦᠬᠡᠬᠤᠲᠠ 2025 ᠤᠨ ᠳ᠋ᠦ ᠬᠥᠳᠡᠭᠡ ᠲᠣᠰᠭᠣᠨ ᠤ᠋ ᠠᠮᠢᠳᠤᠷᠠᠯ ᠤ᠋ᠨ ᠬᠣᠭ ᠨᠣᠪᠰᠢ ᠵᠢ ᠨᠡᠢᠲᠡ 26.22 ᠲᠦᠮᠡᠨ ᠲᠣᠨ ᠴᠡᠪᠡᠷᠯᠡᠨ᠂ ᠬᠣᠭ ᠨᠣᠪᠰᠢ ᠵᠢ ᠳᠤᠷ᠎ᠠ ᠪᠠᠷ ᠬᠠᠶᠠᠵᠤ ᠤᠪᠤᠭᠠᠯᠠᠬᠤ 4.29 ᠲᠦᠮᠡᠨ ᠴᠡᠭ ᠢ᠋ ᠴᠡᠪᠡᠷᠯᠡᠵᠦ᠍᠂ ᠲᠣᠰᠭᠣᠨ ᠢ᠋ ᠠᠷᠢᠭᠤᠨ ᠴᠡᠪᠡᠷ ᠲᠡᠷᠢ ᠲᠡᠭᠰᠢ ᠪᠤᠯᠭᠠᠵᠠᠢ; ᠤᠰᠤᠨ ᠱᠢᠰᠲ᠋ᠧᠮ ᠤ᠋ᠨ ᠣᠷᠴᠢᠨ ᠲᠣᠭᠣᠷᠢᠨ ᠢ᠋ ᠲᠠᠰ ᠳᠡᠪᠰᠢᠭᠦᠯᠤᠨ᠂ ᠲᠣᠰᠭᠣᠨ ᠤ᠋ ᠳᠣᠲᠣᠷᠠᠬᠢ 447 ᠤᠰᠤᠨ ᠴᠥᠭᠥᠷᠥᠮ ᠪᠤᠯᠤᠨ 3036.5 ᠺᠢᠯᠣᠮᠧᠲ᠋ᠷ ᠭᠤᠤ ᠰᠤᠪᠠᠭ ᠢ᠋ ᠴᠡᠪᠡᠷᠯᠡᠵᠤ᠂ ᠬᠥᠳᠡᠭᠡ ᠲᠣᠰᠭᠣᠨ ᠤ᠋ ᠤᠰᠤᠨ ᠱᠢᠰᠲ᠋ᠧᠮ ᠤ᠋ᠨ ᠠᠮᠢ ᠠᠬᠤᠶ ᠣᠷᠴᠢᠨ ᠲᠣᠭᠣᠷᠢᠨ ᠢ᠋ ᠦᠷᠭᠦᠯᠵᠢᠯᠡᠨ ᠰᠠᠢᠵᠢᠷᠠᠭᠤᠯᠵᠠᠢ᠃ ᠪᠠᠰᠠ 178.8 ᠺᠢᠯᠣᠮᠧᠲ᠋ᠷ ᠤ᠋ᠨ ᠦᠯᠡᠳᠡᠭ᠌ᠳᠡᠯ ᠬᠡᠷᠡᠮ ᠬᠠᠨ᠎ᠠ ᠵᠢ ᠦᠭᠡᠷᠡᠴᠢᠯᠡᠨ ᠵᠠᠰᠠᠵᠤ᠂ ᠴᠠᠬᠢᠯᠭᠠᠨ ᠤᠳᠠᠰᠤ᠂ ᠮᠡᠳᠡᠭᠡ ᠬᠣᠯᠪᠣᠭᠠᠨ ᠤ᠋ ᠤᠳᠠᠰᠤ᠂ ᠷᠠᠳᠢᠣ᠋ ᠲᠧᠯᠸᠢᠰ ᠤ᠋ᠨ ᠤᠳᠠᠰᠤ ᠵᠢ ᠡᠮᠬᠢᠯᠡᠨ ᠴᠡᠭ᠌ᠴᠡᠯᠡᠬᠦ᠌ ᠵᠢ ᠵᠡᠷᠭᠡ ᠪᠡᠷ ᠠᠬᠢᠭᠤᠯᠤᠭᠰᠠᠨ ᠪᠠᠢᠨ᠎ᠠ᠃

ᠬᠦᠬᠡᠬᠤᠳᠠ ᠵᠢᠨ ᠡᠯ᠎ᠡ ᠬᠣᠱᠢᠭᠤ ᠱᠢᠶᠠᠨ ᠲᠣᠭᠣᠷᠢᠭ ᠤ᠋ᠨ ᠡᠳ᠋ ᠤ᠋ᠨ ᠵᠠᠰᠠᠭ ᠡᠴᠡ ᠲᠣᠰᠭᠣᠨ ᠤ᠋ ᠳᠦᠷᠢ ᠲᠥᠷᠬᠦ᠌ ᠵᠢ ᠰᠠᠢᠵᠢᠷᠠᠭᠤᠯᠬᠤ ᠪᠠᠯᠠ ᠮᠥᠩᠭᠥ ᠵᠢ ᠨᠡᠢᠳᠡ 6460.3 ᠲᠦᠮᠡᠨ ᠲᠥᠭᠥᠷᠢᠭ ᠪᠠᠭᠤᠯᠭᠠᠬᠤ ᠵᠢᠨ ᠬᠠᠮᠳᠤ ᠨᠡᠢᠭᠡᠮ ᠤ᠋ᠨ ᠪᠡᠯᠡ ᠮᠦᠡᠭᠬᠦ ᠵᠢ 51.58 ᠲᠦᠮᠡᠨ ᠲᠥᠭᠥᠷᠢᠭ ᠴᠤᠭᠯᠠᠭᠤᠯᠵᠤ᠂ 《ᠡᠳ᠋ ᠤ᠋ᠨ ᠵᠠᠰᠠᠭ ᠵᠢᠡᠷ ᠭᠤᠤᠯᠯᠠᠭᠤᠯᠬᠤ᠂ ᠨᠡᠢᠭᠡᠮ ᠤ᠋ᠨ ᠪᠡᠯᠡ ᠮᠦᠡᠭᠬᠦ ᠪᠡᠷ ᠨᠥᠬᠥᠪᠥᠷᠢᠯᠡᠬᠦ᠌》 ᠣᠯᠠᠨ ᠡᠱᠢᠲᠦ ᠪᠠᠯᠠ ᠮᠥᠩᠭᠥ ᠵᠢᠨ ᠪᠠᠲᠤᠯᠠᠭ᠎ᠠ ᠵᠢᠨ ᠪᠠᠢᠷᠢᠱᠢᠯ ᠢ᠋ ᠪᠦᠷᠢᠯᠳᠦᠭᠦᠯᠪᠡ; 《ᠲᠤᠬᠠᠶ ᠵᠢᠨ ᠲᠠᠯᠠᠪᠤᠷ ᠲᠦ᠍ ᠱᠠᠯᠠᠪᠳᠠᠭᠤᠯᠤᠨ ᠭᠦᠶ᠋ᠴᠡᠳᠭᠡᠬᠦ᠌ + ᠣᠯᠠᠨ ᠲᠦᠮᠡᠨ ᠢᠯᠡᠴᠢᠯᠡᠨ ᠮᠡᠳᠡᠭᠦᠯᠬᠦ᠌ + ᠱᠠᠯᠠᠪᠳᠠᠭᠤᠯᠤᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ》 ᠬᠠᠮᠢᠶᠠᠷᠤᠯᠲᠠ ᠵᠢᠨ ᠲᠣᠭ᠍ᠲᠠᠴᠠ ᠵᠢ ᠪᠠᠢᠭᠤᠯᠵᠤ᠂ 2025 ᠤᠨ ᠳ᠋ᠦ ᠡᠯ᠎ᠡ ᠲᠥᠷᠥᠯ ᠤ᠋ᠨ ᠬᠡᠷᠡᠭ ᠢ᠋ ᠨᠡᠢᠲᠡ 500 ᠬᠤᠪᠢ ᠱᠢᠶ᠋ᠳᠪᠦᠷᠢᠯᠡᠨ᠂ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠤᠭ᠍ᠰᠠᠨ ᠨᠣᠷᠮ᠎ᠠ 100% ᠳ᠋ᠦ ᠬᠥᠷᠴᠠᠢ᠃ ᠪᠥᠬᠥ᠌ ᠬᠣᠲᠠ ᠵᠢᠨ 830 ᠵᠠᠰᠠᠭ ᠵᠠᠬᠢᠷᠭᠠᠨ ᠤ᠋ ᠲᠣᠰᠭᠣᠨ ᠨᠢᠭᠡᠨᠲᠡ ᠬᠣᠲᠠ ᠬᠥᠳᠡᠭᠡ ᠵᠢᠨ ᠣᠷᠴᠢᠨ ᠲᠣᠭᠣᠷᠢᠨ ᠤ᠋ ᠠᠷᠢᠭᠤᠨ ᠴᠡᠪᠡᠷ ᠢ᠋ ᠨᠢᠭᠡ ᠴᠣᠭ᠍ᠴᠠᠵᠢᠭᠤᠯᠬᠤ ᠵᠢ ᠪᠡᠶᠡᠯᠡᠭᠦᠯᠵᠦ᠍᠂ ᠲᠣᠰᠭᠣᠨ ᠤ᠋ ᠲᠦᠷᠢ ᠳᠦᠷᠬᠦ ᠵᠢ ᠰᠠᠢᠵᠢᠷᠠᠭᠤᠯᠬᠤ ᠠᠵᠢᠯ ᠢ᠋ ᠥᠷᠨᠢᠭᠦᠯᠵᠦ᠍ ᠪᠠᠢᠭ᠎ᠠ ᠪᠣᠶ ᠪᠥᠬᠥᠶ ᠵᠠᠰᠠᠭ ᠵᠠᠬᠢᠷᠭᠠᠨ ᠤ᠋ ᠲᠣᠰᠭᠣᠨ ᠨᠢ ᠪᠦᠷ ᠠᠮᠢᠳᠤᠷᠠᠯ ᠤ᠋ᠨ ᠬᠣᠭ ᠨᠣᠪᠰᠢ ᠵᠢ ᠬᠣᠷᠢᠶᠠᠨ ᠴᠤᠭ᠍ᠯᠠᠭᠤᠯᠬᠤ᠂ ᠱᠢᠯᠵᠢᠭᠦᠯᠦᠨ ᠲᠡᠭᠡᠭᠡᠪᠦᠷᠢᠯᠡᠬᠦ᠌ ᠲᠥᠬᠥᠭᠡᠷᠦᠮᠵᠢ ᠵᠢᠨ ᠬᠡᠷᠡᠭᠴᠡᠭᠡ ᠵᠢ ᠪᠦᠷᠢᠨ ᠬᠠᠡᠭᠭᠠᠵᠤ᠂ ᠬᠦᠳᠡᠭᠡ ᠲᠣᠰᠭᠣᠨ ᠤ᠋ ᠠᠷᠢᠭᠤᠨ ᠴᠡᠪᠡᠷ ᠤ᠋ᠨ ᠠᠵᠢᠯᠯᠠᠭ᠎ᠠ ᠵᠢ ᠣᠷᠳᠣ ᠬᠤᠭᠤᠴᠠᠭ᠎ᠠ ᠪᠠᠷ ᠠᠬᠢᠭᠤᠯᠬᠤ ᠳ᠋ᠤ ᠪᠠᠲᠤ ᠲᠤᠯᠭᠠᠭᠤᠷᠢᠯᠠᠯ ᠬᠠᠡᠭᠭᠠᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号