ᠤᠳᠬ᠎ᠠ ᠲᠡᠭᠦᠯᠳᠡᠷ 《ᠤᠷᠠᠯᠢᠭ᠋᠎ᠤᠨ ᠶᠡᠬᠡ ᠴᠤᠭᠯᠠᠭᠠᠨ》
2026-01-19 11:25:18
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠬᠥᠬᠡᠬᠣᠲᠠ᠎ᠶᠢᠨ ᠰᠣᠶᠣᠯ ᠤᠷᠠᠯᠢᠭ᠋᠎ᠤᠨ ᠠᠵᠢᠯ ᠮᠡᠷᠭᠡᠵᠢᠯ᠎ᠦᠨ ᠰᠤᠷᠭᠠᠭᠤᠯᠢ ᠬᠣᠶᠠᠷ ᠡᠳᠦᠷ᠎ᠦᠨ ᠬᠤᠭᠤᠴᠠᠭ᠎ᠠ᠎ᠲᠠᠢ ᠲᠤᠰᠬᠠᠢ ᠮᠡᠷᠭᠡᠵᠢᠯ᠎ᠦᠨ ᠬᠢᠴᠢᠶᠡᠯ᠎ᠦᠨ ᠬᠤᠭᠤᠴᠠᠭᠠᠨ ᠡᠴᠦᠰ᠎ᠦᠨ ᠰᠢᠯᠭᠠᠯᠲᠠ ᠵᠢᠴᠢ ᠬᠤᠭᠤᠴᠠᠭᠠᠨ ᠡᠴᠦᠰ᠎ᠤᠨ ᠲᠤᠰᠬᠠᠢ ᠮᠡᠷᠭᠡᠵᠢᠯ᠎ᠦᠨ ᠦᠷ᠎ᠠ ᠪᠦᠳᠦᠬᠡᠯ᠎ᠤ᠋ᠨ ᠦᠵᠡᠭᠦᠯᠭᠡ᠎ᠶᠢᠨ ᠠᠵᠢᠯᠯᠠᠭ᠎ᠠ ᠥᠷᠨᠢᠭᠦᠯᠪᠡ᠃ ᠰᠤᠷᠭᠠᠭᠤᠯᠢ᠎ᠶᠢᠨ ᠬᠦᠷᠢᠶᠡᠨ᠎ᠳ᠋ᠤ 《ᠤᠷᠠᠯᠢᠭ᠋᠎ᠤᠨ ᠶᠡᠬᠡ ᠴᠤᠭᠯᠠᠭᠠᠨ》 ᠪᠤᠯᠵᠤ 7 ᠶᠡᠬᠡ ᠲᠦᠷᠦᠯ᠎ᠦᠨ 21 ᠲᠤᠰᠬᠠᠢ ᠮᠡᠷᠭᠡᠵᠢᠯ᠎ᠦᠨ ᠰᠤᠷᠤᠭ᠍ᠴᠢᠳ ᠲᠠᠢᠰᠠᠨ᠎ᠳᠤ ᠭᠠᠷᠴᠤ᠂ ᠭᠣᠢᠳᠠ ᠰᠠᠢᠬᠠᠨ ᠦᠵᠡᠭᠦᠯᠭᠡ᠎ᠶᠢᠨ ᠲᠣᠭᠯᠠᠯᠲᠠ ᠪᠠᠷ ᠰᠤᠷᠤᠯᠭ᠎ᠠ᠎ᠶᠢᠨ ᠬᠤᠭᠤᠴᠠᠭᠠᠨ᠎ᠤ ᠰᠤᠷᠤᠯᠭ᠎ᠠ᠎ᠶᠢᠨ ᠦᠷ᠎ᠡ ᠪᠦᠲᠦᠭᠡᠯ᠎ᠢᠶᠡᠨ ᠢᠯᠡᠷᠡᠭᠦᠯᠪᠡ᠃


QQ截图20260114161556.png


ᠴᠠᠢ ᠵᠢᠨ ᠤᠷᠠᠯᠢᠭ᠎ᠤᠨ ᠦᠵᠡᠭᠦᠯᠭᠡ 


ᠠᠵᠢᠯᠯᠠᠭ᠎ᠠ ᠨᠢ ᠪᠥᠵᠢᠭ᠂ ᠬᠡᠦᠬᠡᠳ ᠠᠰᠠᠷᠠᠨ ᠬᠥᠮᠥᠵᠢᠭᠦᠯᠬᠦ᠂ ᠡᠳ᠋᠎ᠦᠨ ᠶᠠᠪᠤᠳᠠᠯ᠎ᠤᠨ ᠨᠢᠭ᠍ᠲᠠᠯᠠᠨ ᠪᠤᠳᠤᠬᠤ᠂ ᠵᠢᠭᠤᠯᠴᠢᠯᠠᠯ᠂ ᠺᠣᠮᠫᠢᠦ᠋ᠲᠧᠷ᠂ ᠤᠷᠠᠨ ᠵᠢᠷᠤᠭ᠂ ᠳᠠᠭᠤᠯᠠᠬᠤᠢ ᠵᠡᠷᠭᠡ ᠤᠯᠠᠨ ᠬᠦᠷᠢᠶ᠎ᠡ᠎ᠶᠢ ᠬᠠᠮᠤᠷᠴᠤ᠂ ᠪᠦᠬᠦᠯᠢ ᠡᠳᠦᠷ᠎ᠢᠶᠡᠷ ᠤᠯᠠᠨ ᠲᠠᠯᠠᠪᠤᠷ᠎ᠲᠤ ᠵᠡᠷᠭᠡ ᠪᠡᠷ ᠶᠠᠪᠤᠭᠳᠠᠪᠠ᠃ ᠪᠥᠵᠢᠭ᠎ᠦᠨ ᠲᠤᠰᠬᠠᠢ ᠮᠡᠷᠭᠡᠵᠢᠯ᠎ᠦᠨ ᠰᠤᠷᠤᠭ᠍ᠴᠢᠳ ᠭᠤᠢᠳᠠ ᠰᠠᠢᠬᠠᠨ ᠪᠥᠵᠢᠭᠯᠡᠵᠦ᠂ ᠤᠷᠠᠨ ᠵᠢᠷᠤᠭ᠎ᠤᠨ ᠲᠤᠰᠬᠠᠢ ᠮᠡᠷᠭᠡᠵᠢᠯ᠎ᠦᠨ ᠪᠠᠭ᠍ᠰᠢ ᠰᠤᠷᠤᠭ᠍ᠴᠢᠳ ᠪᠢᠷ ᠪᠡᠬᠡ ᠪᠡᠷ ᠪᠠᠶᠠᠯᠢᠭ᠋ ᠰᠠᠢᠬᠠᠨ ᠪᠦᠲᠦᠭᠡᠯ ᠤᠷᠠᠯᠠᠨ ᠵᠢᠷᠤᠵᠤ᠂ ᠳᠠᠭᠤᠯᠠᠬᠤᠢ ᠪᠠ ᠬᠥᠭᠵᠢᠮ᠎ᠦᠨ ᠲᠣᠭᠯᠠᠯᠲᠠ ᠶ᠋ᠢᠨ ᠰᠤᠷᠤᠭᠴᠢᠳ ᠢᠷᠠᠭᠤ ᠡᠬᠡᠰᠢᠭᠳᠤ ᠬᠦᠭᠵᠢᠮ ᠪᠠ ᠤᠶᠠᠩᠭᠠᠯᠢᠭ᠋ ᠰᠠᠢᠬᠠᠨ ᠠᠶ᠎ᠠ ᠳᠠᠭᠤᠤ ᠪᠠᠨ ᠡᠷᠭᠦᠵᠦ᠂ ᠰᠢ ᠵᠦᠴᠦᠭᠡ ᠶ᠋ᠢᠨ ᠲᠣᠭᠯᠠᠯᠲᠠ ᠶ᠋ᠢᠨ ᠲᠤᠰᠬᠠᠢ ᠮᠡᠷᠭᠡᠵᠢᠯ᠎ᠤᠨ ᠬᠢᠨ ᠵᠢᠵᠢᠭ ᠲᠢᠶᠠᠲᠷ᠎ᠲᠤ ᠪᠡᠯᠡᠨ ᠳᠤᠭᠯᠠᠯᠳᠠ ᠭᠠᠷᠭᠠᠵᠤ᠂ ᠬᠡᠦᠬᠡᠳ ᠠᠰᠠᠷᠠᠨ ᠬᠦᠮᠦᠵᠢᠬᠦᠯᠬᠦ᠂ ᠡᠳ᠋᠎ᠦᠨ ᠶᠠᠪᠤᠳᠠᠯ᠎ᠤᠨ ᠨᠢᠭ᠍ᠲᠠᠯᠠᠨ ᠪᠤᠳᠤᠬᠤ ᠵᠡᠷᠭᠡ ᠲᠤᠰᠬᠠᠢ ᠮᠡᠷᠭᠡᠵᠢᠯ ᠤ᠋ᠨ ᠰᠤᠷᠤᠭᠴᠢᠳ ᠪᠤᠳᠠᠳᠤ ᠮᠡᠷᠬᠡᠵᠢᠯ ᠵᠢᠡᠨ ᠳᠡᠯᠬᠡᠨ ᠦᠵᠡᠬᠦᠯᠵᠦ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ ᠶ᠋ᠢᠨ ᠦᠷ᠎ᠡ ᠪᠦᠲᠦᠮᠵᠢ ᠶ᠋ᠢ ᠪᠥᠬᠥ ᠲᠠᠯ᠎ᠠ᠎ᠪᠠᠷ ᠬᠠᠷᠠᠭᠤᠯᠤᠬᠰᠠᠨ ᠪᠠᠢᠨ᠎ᠠ᠃


QQ截图20251217111712.png


ᠠᠶᠠᠭᠠᠨ ᠪᠦᠵᠢᠭ᠎ᠤᠨ ᠲᠤᠭᠯᠠᠯᠲᠠ


ᠲᠤᠬᠠᠢ᠎ᠶᠢᠨ ᠲᠠᠯᠠᠪᠤᠷ᠎ᠤᠨ ᠭᠡᠷ᠎ᠦᠨ ᠠᠬᠠᠮᠠᠳ᠎ᠤᠳ ᠡᠴᠡ ᠬᠡᠦᠬᠡᠳ᠎ᠦᠨ᠎ᠢᠶᠡᠨ ᠦᠰᠦᠨ ᠪᠣᠢᠵᠢᠭ᠍ᠰᠠᠨ ᠬᠣᠷᠣᠮ᠎ᠢ ᠲᠡᠮᠳᠡᠭᠯᠡᠵᠦ ᠂ ᠢᠯᠡ ᠦᠵᠡᠭᠦᠯᠭᠡ᠎ᠶᠢᠨ ᠠᠵᠢᠯᠯᠠᠭ᠎ᠠ ᠡᠴᠡ ᠬᠡᠦᠬᠡᠳ᠎ᠦᠨ᠎ᠢᠶᠡᠨ ᠳᠠᠪᠰᠢᠯᠲᠠ ᠪᠠ ᠰᠤᠷᠭᠠᠭᠤᠯᠢ᠎ᠶᠢᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠰᠢᠭᠤᠳ ᠣᠢᠯᠠᠭᠠᠵᠤ᠂ ᠭᠡᠷ ᠪᠦᠯᠢ ᠪᠠ ᠰᠤᠷᠭᠠᠭᠤᠯᠢ᠎ᠶᠢᠨ ᠬᠣᠭᠣᠷᠣᠨᠳᠣᠬᠢ ᠨᠡᠪᠲᠡᠷᠡᠯᠴᠡᠭᠡ ᠪᠠ ᠢᠲᠡᠭᠡᠯᠴᠡᠭᠡ᠎ᠶᠢ ᠪᠦᠲᠦᠮᠵᠢᠲᠡᠶ᠎ᠪᠡᠷ ᠨᠡᠮᠡᠭᠳᠡᠭᠦᠯᠵᠦ ᠴᠢᠳᠠᠵᠠᠢ ᠭᠡᠵᠦ ᠶᠠᠷᠢᠵᠠᠭᠠᠵᠤ ᠪᠠᠢᠯ᠎ᠠ ᠃ ᠡᠨᠡ ᠤᠳᠠᠭ᠎ᠠ ᠵᠢᠨ ᠬᠤᠭᠤᠴᠠᠭᠠᠨ ᠡᠴᠦᠰ᠎ᠤᠨ ᠦᠵᠡᠭᠦᠯᠭᠡ᠎ᠶᠢᠨ ᠠᠵᠢᠯᠯᠠᠭ᠎ᠠ ᠪᠣᠯ ᠵᠢᠭᠠᠨ ᠰᠤᠷᠭᠠᠯᠲᠠ᠎ᠶᠢᠨ ᠦᠨᠡᠯᠡᠯᠲᠡ᠎ᠶᠢᠨ ᠥᠭᠡᠷᠡᠴᠢᠯᠡᠯᠲᠡ᠎ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠲᠡᠷᠡ ᠨᠢ ᠤᠯᠠᠮᠵᠢᠯᠠᠯᠲᠤ ᠰᠢᠯᠭᠠᠯᠲᠠ᠎ᠶᠢᠨ ᠪᠢᠲᠡᠭᠦᠮᠵᠢᠯᠡᠭᠰᠡᠨ ᠵᠠᠭᠪᠤᠷ᠎ᠢ ᠡᠪᠳᠡᠵᠦ ᠂ ᠨᠡᠢᠭᠡᠮ᠎ᠦᠨ ᠡᠯ᠎ᠡ ᠡᠲᠡᠭᠡᠳ᠎ᠲᠦ ᠲᠤᠰᠬᠠᠢ ᠮᠡᠷᠭᠡᠵᠢᠯ᠎ᠦᠨ ᠵᠢᠭᠠᠨ ᠰᠤᠷᠭᠠᠯᠲᠠ᠎ᠶᠢᠨ ᠦᠷ᠎ᠡ ᠪᠦᠲᠦᠭᠡᠯ᠎ᠢᠶᠡᠨ ᠦᠵᠡᠭᠦᠯᠬᠦ᠎ᠵᠢ ᠵᠤᠷᠢᠭᠰᠠᠨ ᠪᠠᠢᠨ᠎ᠠ᠃ (ᠭᠡᠷᠡᠯ ᠵᠢᠷᠤᠭ᠎ᠢ ᠸᠠᠩ ᠯᠸᠢ ᠰᠡᠭᠦᠳᠡᠷᠯᠡᠪᠡ)


QQ截图20260119112457.png


ᠨᠢᠭᠲᠠᠯᠠᠨ ᠪᠤᠳᠤᠭᠴᠢ ᠵᠢᠨ ᠮᠡᠷᠭᠡᠵᠢᠯ᠎ᠤᠨ ᠦᠵᠡᠭᠦᠯᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号