ᠲᠦᠪ ᠭᠤᠤᠯᠴᠢ ·ᠴᠢᠨᠠᠷ ᠰᠠᠢᠳᠠᠢ · ᠤᠨᠤᠴᠠᠳᠠᠢ ᠦᠢᠯᠡᠴᠢᠯᠡᠬᠡ · ᠠᠭᠤᠰᠤᠯᠴᠠᠯ ᠬᠦᠭᠵᠢᠯ
2026-01-19 11:00:42
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

— ᠦᠪᠦᠷ ᠮᠤᠩᠭᠤᠯ᠎ᠤᠨ ᠰᠤᠷᠭᠠᠨ ᠬᠦᠮᠦᠵᠢᠯ᠎ᠤᠨ 《ᠠᠷᠪᠠᠨ ᠲᠦᠷᠪᠡᠳᠦᠬᠡᠷ ᠳᠠᠪᠤᠨ ᠵᠢᠯ》 ᠤ᠋ᠨ ᠲᠦᠯᠦᠪᠵᠢᠬᠦᠯᠬᠡ ᠵᠢᠨ ᠬᠢᠯᠠᠯᠵᠠᠮ᠎ᠠ ᠠᠮᠵᠢᠯᠳᠠ ᠵᠢ ᠳᠡᠮᠳᠡᠭᠯᠡᠪᠡ


《ᠠᠷᠪᠠᠨ ᠲᠦᠷᠪᠡᠳᠦᠬᠡᠷ ᠳᠠᠪᠤᠨ ᠵᠢᠯ》 ᠤ᠋ᠨ ᠲᠦᠯᠦᠪᠵᠢᠬᠦᠯᠬᠡ ᠵᠢᠨ ᠬᠤᠭᠤᠴᠠᠭᠠᠨ ᠳ᠋ᠤ ᠦᠪᠦᠷ ᠮᠤᠩᠭᠤᠯ ᠰᠤᠷᠭᠠᠨ ᠬᠦᠮᠦᠵᠢᠯ᠎ᠤᠨ ᠬᠦᠴᠦᠷᠬᠡᠭ ᠤᠷᠤᠨ᠎ᠢ ᠪᠠᠢᠭᠤᠯᠬᠤ ᠳᠤᠷᠪᠢᠯᠢᠭ ᠠᠯᠬᠤᠭ᠎ᠠ ᠵᠢ ᠠᠯᠬᠤᠵᠤ᠂ ᠤᠯᠤᠰ᠎ᠤᠨ ᠴᠢᠬᠤᠯᠠ ᠪᠠᠢᠯᠳᠤᠬᠤ ᠪᠤᠳᠤᠯᠭ᠎ᠠ ᠪᠠ ᠤᠷᠤᠨ ᠪᠦᠰᠡ ᠵᠢᠨ ᠬᠦᠭᠵᠢᠯᠳᠡ ᠳ᠋ᠤ ᠤᠨᠤᠴᠠᠳᠠᠢ ᠦᠢᠯᠡᠴᠢᠯᠡᠬᠦ ᠪᠡᠷ ᠬᠦᠴᠦᠯᠡᠵᠦ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠴᠢᠳᠠᠪᠤᠷᠢᠳᠠᠨ᠎ᠢ ᠨᠢᠬᠡ ᠴᠤᠭᠴᠠᠵᠢᠭᠤᠯᠤᠨ ᠬᠦᠭᠵᠢᠬᠦᠯᠵᠦ᠂ ᠲᠦᠬᠡᠮᠡᠯ ᠬᠠᠷᠠᠭᠠᠯᠵᠠᠯᠳᠤ ᠴᠢᠨᠠᠷ ᠰᠠᠢᠳᠠᠢ ᠤᠯᠠᠨ ᠨᠡᠢᠳᠡ ᠵᠢᠨ ᠦᠢᠯᠡᠴᠢᠯᠡᠬᠡ ᠵᠢ ᠨᠡᠩ ᠳᠡᠬᠦᠯᠳᠡᠷᠵᠢᠬᠦᠯᠵᠦ᠂ ᠬᠡᠦᠬᠡᠳ ᠨᠢᠬᠡᠪᠦᠷᠢ ᠳ᠋ᠤ ᠲᠦᠪ ᠭᠤᠤᠯᠴᠢ ᠰᠤᠷᠭᠠᠨ ᠬᠦᠮᠦᠵᠢᠯ ᠬᠦᠷᠳᠡᠬᠡᠬᠦ ᠪᠡᠷ ᠴᠢᠷᠮᠠᠢᠪᠡ᠃


QQ截图20260114161310.png


ᠰᠢᠨᠵᠢᠯᠡᠬᠦ ᠤᠬᠠᠭᠠᠨ᠎ᠤ ᠬᠢᠴᠢᠶᠠᠯ ᠤᠷᠤᠨ᠎ᠠ


ᠲᠦᠪ ᠭᠤᠤᠯᠴᠢ ᠴᠢᠨᠠᠷ ᠰᠠᠢᠲᠠᠢ ᠰᠠᠭᠤᠷᠢ ᠰᠤᠷᠭᠠᠨ ᠬᠥᠮᠦᠵᠢᠯ᠎ᠦᠨ ᠰᠢᠰᠲ᠋ᠧᠮ᠎ᠢ ᠲᠦᠷᠭᠡᠳᠬᠡᠨ ᠪᠠᠢᠭᠤᠯᠪᠠ

ᠥᠪᠥᠷ ᠮᠣᠩᠭᠣᠯ᠎ᠤᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠴᠡᠴᠡᠷᠯᠢᠭ᠎ᠲᠦ ᠣᠷᠣᠭᠰᠠᠨ ᠪᠥᠬᠥ ᠨᠣᠷᠮ᠎ᠠ 95.7% ᠳ᠋ᠤ ᠬᠦᠷᠴᠦ᠂ ᠶᠢᠰᠦᠨ ᠵᠢᠯ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠪᠡᠬᠢᠵᠢᠭᠦᠯᠦᠭᠰᠡᠨ ᠨᠣᠷᠮ᠎ᠠ 99.55% ᠳ᠋ᠤ ᠬᠦᠷᠴᠦ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠤ ᠰᠤᠷᠭᠠᠭᠤᠯᠢ᠎ᠳᠤ ᠣᠷᠣᠭᠰᠠᠨ ᠪᠥᠬᠥ ᠨᠣᠷᠮ᠎ᠠ 94.29% ᠳ᠋ᠤ ᠬᠦᠷᠴᠦ᠂ ᠴᠥᠮ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠡᠴᠡ ᠥᠨᠳᠥᠷ ᠪᠣᠯᠵᠠᠢ᠃ ᠢᠩᠭᠢᠵᠦ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠲᠦᠪ ᠭᠤᠤᠯᠴᠢ᠂ ᠴᠢᠨᠠᠷ ᠰᠠᠢᠲᠠᠢ ᠰᠠᠭᠤᠷᠢ ᠰᠤᠷᠭᠠᠨ ᠬᠥᠮᠦᠵᠢᠯ᠎ᠦᠨ ᠰᠢᠰᠲ᠋ᠧᠮ᠎ᠢ ᠪᠠᠶ᠋ᠢᠭᠤᠯᠬᠤ᠎ᠪᠠᠷ ᠭᠣᠣᠯ ᠡᠭᠦᠷᠭᠡ᠎ᠪᠡᠨ ᠪᠣᠯᠭᠠᠵᠤ᠂ ᠪᠦᠬᠦᠯᠢ ᠴᠣᠭᠴᠠ᠎ᠶᠢᠨ ᠲᠦᠪᠰᠢᠨ᠎ᠢ ᠢᠯᠡᠳᠲᠡ ᠳᠡᠬᠡᠭᠰᠢᠯᠡᠬᠦᠯᠵᠡᠢ᠃

ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠬᠦᠷᠢᠶᠡᠨ᠎ᠳᠦ ᠲᠦᠭᠡᠮᠡᠯ ᠬᠠᠷᠠᠭᠠᠯᠵᠠᠯ ᠦᠵᠡᠭᠦᠯᠬᠦ ᠠᠮᠤᠷ ᠲᠦᠪᠰᠢᠨ᠂ ᠴᠢᠨᠠᠷ ᠰᠠᠢᠲᠠᠢ ᠪᠠᠢᠬᠤ᠎ᠶᠢ ᠲᠦᠭᠡᠮᠡᠯᠵᠢᠭᠦᠯᠦᠨ ᠴᠢᠩᠭᠠᠳᠬᠠᠵᠤ᠂ ᠠᠯᠪᠠᠨ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠢ ᠶᠡᠬᠡᠪᠡᠷ ᠬᠥᠭᠵᠢᠭᠦᠯᠵᠦ᠂ ᠨᠡᠶ᠋ᠢᠲᠡ 41.56 ᠳ᠋ᠦᠩᠰᠢᠭᠤᠷ ᠲᠥᠭᠥᠷᠢᠭ᠎ᠦᠨ ᠲᠤᠰᠬᠠᠢ ᠪᠡᠯᠡ ᠮᠥᠩᠭᠥ ᠪᠠᠭᠤᠯᠭᠠᠵᠤ᠂ ᠰᠤᠷᠭᠠᠭᠤᠯᠢ ᠡᠷᠭᠢᠯᠡᠬᠦ ᠨᠥᠬᠥᠴᠡᠯ ᠢ᠋ ᠰᠠᠢᠵᠢᠷᠠᠭᠤᠯᠪᠠ᠃ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠠᠷᠠᠳ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠰᠣᠷᠣᠭ᠍ᠴᠢ ᠨᠢᠭᠡᠪᠦᠷᠢ᠎ᠳᠦ ᠳᠤᠮᠳᠠᠴᠢ ᠨᠡᠶ᠋ᠢᠲᠡ᠎ᠶᠢᠨ ᠬᠡᠷᠡᠭᠯᠡᠭᠡᠨ᠎ᠦ ᠵᠠᠷᠤᠳᠠᠯ᠎ᠤᠨ ᠨᠥᠬᠥᠪᠦᠷᠢ ᠣᠯᠭᠣᠭᠰᠠᠨ ᠰᠠᠭᠤᠷᠢᠨ ᠳᠡᠭᠡᠷ᠎ᠡ᠂ ᠬᠡᠦᠬᠡᠳ᠎ᠦᠨ ᠴᠡᠴᠡᠷᠯᠢᠭ᠎ᠦᠨ ᠰᠣᠷᠣᠭ᠍ᠴᠢ ᠨᠢᠭᠡᠪᠦᠷᠢ᠎ᠳᠦ ᠳᠤᠮᠳᠠᠴᠢ ᠱᠠᠩᠨᠠᠯ ᠨᠥᠬᠥᠪᠦᠷᠢ᠎ᠶᠢᠨ ᠪᠡᠯᠡ ᠮᠥᠩᠭᠥ ᠨᠡᠮᠡᠨ ᠲᠤᠬᠢᠷᠠᠭᠤᠯᠪᠠ᠃ ᠰᠤᠷᠭᠠᠭᠤᠯᠢ᠎ᠶᠢᠨ ᠨᠠᠰᠤᠨ᠎ᠠᠴᠠ ᠡᠮᠦᠨᠡᠬᠢ ᠰᠤᠷᠭᠠᠨ ᠬᠦᠮᠦᠵᠢᠯ᠎ᠤᠨ ᠰᠦᠢᠳᠬᠡᠯ ᠦᠯᠦ ᠬᠤᠷᠢᠶᠠᠬᠤ ᠲᠤᠬᠠᠢ ᠤᠯᠤᠰ᠎ᠤᠨ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠭᠡᠷ᠎ᠦᠨ ᠠᠬᠠᠮᠠᠳ᠎ᠤᠨ ᠠᠵᠤ ᠠᠬᠤᠢ᠎ᠶᠢᠨ ᠳᠠᠷᠤᠭᠠᠰᠤ ᠵᠢ ᠬᠦᠩᠬᠡᠷᠡᠬᠦᠯᠪᠡ᠃ ᠪᠥᠬᠥ ᠣᠷᠣᠨ᠎ᠤ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠬᠡᠦᠬᠡᠳ᠎ᠦᠨ ᠴᠡᠴᠡᠷᠯᠢᠭ᠎ᠦᠨ ᠪᠦᠷᠬᠦᠴᠡ᠎ᠶᠢᠨ ᠨᠣᠷᠮ᠎ᠠ ᠪᠠ ᠬᠡᠦᠬᠡᠳ᠎ᠤᠨ ᠴᠡᠴᠡᠷᠯᠢᠭ ᠳᠡᠬᠢ ᠠᠯᠪᠠᠨ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠤᠨ ᠡᠵᠡᠯᠡᠬᠦ ᠬᠠᠷᠢᠴᠠᠯ᠎ᠢ ᠴᠥᠮ 90%᠂ 60% ᠠ᠋ᠴᠠ ᠳᠡᠭᠡᠭᠰᠢ ᠲᠣᠭᠲᠠᠪᠤᠷᠢᠵᠢᠭᠤᠯᠪᠠ᠃

ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ 《ᠰᠤᠷᠤᠯᠴᠠᠬᠤ᠎ᠡᠴᠡ ᠰᠢᠯᠢᠳᠡᠭ ᠰᠤᠷᠭᠠᠨ ᠬᠥᠮᠦᠵᠢᠯ᠎ᠲᠠᠢ》 ᠪᠠᠢᠬᠤ ᠰᠢᠨ᠎ᠡ ᠰᠠᠭᠤᠷᠢ᠎ᠵᠢ ᠪᠠᠢᠭᠤᠯᠪᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠣᠲᠠ ᠬᠥᠳᠡᠭᠡ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠡᠶ᠋ᠢᠲᠡ 50.87 ᠳ᠋ᠦᠩᠰᠢᠭᠤᠷ ᠲᠥᠭᠥᠷᠢᠭ᠎ᠦᠨ ᠲᠤᠰᠬᠠᠢ ᠪᠡᠯᠡ ᠮᠥᠩᠭᠥ ᠪᠠᠭᠤᠯᠭᠠᠵᠤ᠂ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ ᠳᠤᠲᠠᠭᠤᠳᠠᠯ᠎ᠢᠶᠠᠨ ᠨᠥᠬᠥᠪᠦᠷᠢᠯᠡᠬᠦ᠎ᠶᠢ ᠣᠨᠣᠪᠴᠢᠲᠠᠶ ᠳᠡᠮᠵᠢᠪᠡ᠃ 2021 ᠣᠨ᠎ᠳᠤ ᠪᠥᠬᠥ ᠣᠷᠣᠨ᠎ᠤ 103 ᠬᠣᠰᠢᠭᠤ ᠰᠢᠶᠠᠨ (ᠬᠣᠲᠠ᠂ ᠲᠣᠭᠣᠷᠢᠭ᠋) ᠪᠥᠬᠥ ᠣᠷᠣᠨ ᠪᠦᠰᠡ᠎ᠪᠡᠷ᠎ᠢᠶᠡᠨ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠦᠨᠳᠦᠰᠦᠨ᠎ᠳᠡᠭᠡᠨ ᠲᠡᠩᠴᠡᠭᠦᠷᠢᠲᠡᠢ ᠪᠠᠢᠬᠤ᠎ᠶᠢ ᠦᠨᠡᠯᠡᠨ ᠵᠢᠱ᠌ᠢᠬᠦ ᠬᠢᠨᠠᠨ ᠳᠤᠭᠳᠠᠭᠠᠯᠳᠠ ᠵᠢ ᠦᠩᠬᠡᠷᠡᠵᠦ᠂ 2022 ᠣᠨ᠎ᠡᠴᠡ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠪᠥᠭᠡᠳ ᠲᠡᠩᠴᠡᠭᠦᠷᠢᠲᠡᠢ ᠰᠢᠶᠠᠨ᠎ᠢ ᠬᠢᠨᠠᠨ ᠲᠣᠭᠲᠠᠭᠠᠬᠤ ᠠᠵᠢᠯ᠎ᠢ ᠡᠬᠢᠯᠡᠭᠦᠯᠵᠦ᠂ ᠠᠯᠪᠠᠨ ᠵᠢᠷᠤᠮ᠎ᠤᠨ ᠰᠤᠷᠭᠠᠨ ᠬᠥᠮᠦᠵᠢᠯ ᠢ᠋ ᠠᠭᠤᠯᠤᠭᠳᠠᠬᠤᠨ ᠪᠦᠬᠦᠢ ᠬᠥᠭᠵᠢᠯᠲᠡ ᠪᠠ ᠶᠠᠰᠤ ᠴᠢᠨᠠᠷ᠎ᠤᠨ ᠳᠡᠭᠡᠭᠰᠢᠯᠡᠯᠲᠡ᠎ᠶᠢ ᠨᠠᠩ ᠴᠢᠬᠤᠯᠠᠴᠢᠯᠠᠬᠤ ᠰᠢᠨ᠎ᠡ ᠱᠠᠲᠤᠨ᠎ᠳᠤ ᠣᠷᠣᠭᠤᠯᠪᠠ᠃ ᠰᠢᠨᠵᠢᠯᠡᠬᠦ ᠤᠬᠠᠭᠠᠨ ᠤ᠋ ᠰᠤᠷᠭᠠᠨ ᠬᠥᠮᠦᠵᠢᠯ ᠢ᠋ ᠴᠢᠩᠭᠠᠳᠬᠠᠵᠤ᠂ 8 ᠭᠠᠵᠠᠷ ᠣᠷᠣᠨ ᠪᠠ 68 ᠰᠤᠷᠭᠠᠭᠤᠯᠢ ᠲᠤᠰ ᠲᠤᠰ ᠪᠦᠬᠦ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠦᠨ ᠲᠤᠷᠰᠢᠯᠲᠠ᠎ᠶᠢᠨ ᠲᠣᠭᠣᠷᠢᠭ᠋᠂ ᠲᠤᠷᠰᠢᠯᠲᠠ᠎ᠶᠢᠨ ᠰᠤᠷᠭᠠᠭᠤᠯᠢ᠎ᠳᠤ ᠰᠣᠩᠭᠣᠭᠳᠠᠵᠤ᠂ 16 ᠰᠤᠷᠭᠠᠭᠤᠯᠢ ᠪᠦᠬᠦ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠰᠤᠷᠭᠠᠨ ᠬᠥᠮᠦᠵᠢᠯ᠎ᠦᠨ ᠰᠠᠭᠤᠷᠢᠨ ᠵᠢᠡᠷ ᠰᠣᠩᠭᠣᠭᠳᠠᠪᠠ᠃

ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠤᠯᠠᠨ ᠶᠠᠩᠵᠤᠳᠤ ᠬᠥᠭᠵᠢᠯᠲᠡ᠎ᠶᠢ ᠠᠬᠢᠭᠤᠯᠵᠤ᠂ ᠥᠪᠥᠷ ᠮᠣᠩᠭᠣᠯ 《ᠤᠯᠠᠨ ᠡᠰᠢᠳᠤ ᠴᠢᠳᠠᠪᠤᠷᠢᠲᠠᠨ ᠪᠣᠯᠬᠤ》 ᠰᠢᠨ᠎ᠡ ᠰᠢᠰᠲ᠋ᠧᠮ᠎ᠢ ᠪᠠᠢᠭᠤᠯᠪᠠ᠃ 2022 ᠣᠨ᠎ᠳᠤ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠢᠨ᠎ᠡ ᠵᠢᠭᠠᠬᠤ ᠮᠠᠲᠧᠷᠢᠶᠠᠯ᠂ ᠰᠢᠨ᠎ᠡ ᠬᠢᠴᠢᠶᠡᠯ᠎ᠤᠨ ᠪᠠᠷᠢᠮᠵᠢᠶ᠎ᠠ᠂ ᠰᠢᠨ᠎ᠡ ᠮᠠᠶᠢᠭ᠋᠎ᠤᠨ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ 《ᠭᠤᠷᠪᠠᠨ ᠰᠢᠨ᠎ᠡ》 ᠥᠭᠡᠷᠡᠴᠢᠯᠡᠯᠲᠡ᠎ᠶᠢ ᠡᠬᠢᠯᠡᠭᠦᠯᠪᠡ᠃ ᠪᠥᠬᠥ ᠣᠷᠣᠨ᠎ᠳᠤ 28.9 ᠳ᠋ᠦᠩᠰᠢᠭᠤᠷ ᠲᠥᠭᠥᠷᠢᠭ᠎ᠦᠨ ᠲᠤᠰᠬᠠᠢ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠨ ᠪᠠᠭᠤᠯᠭᠠᠵᠤ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ ᠨᠥᠬᠥᠴᠡᠯ᠎ᠢᠶᠡᠨ ᠰᠠᠢᠵᠢᠷᠠᠭᠤᠯᠬᠤ᠎ᠶᠢ ᠳᠡᠮᠵᠢᠵᠦ᠂ ᠬᠢᠴᠢᠶᠡᠯ ᠰᠣᠩᠭᠣᠨ ᠠᠩᠭᠢ ᠰᠢᠯᠵᠢᠬᠦ᠂ ᠰᠢᠯᠢᠳᠡᠭ ᠰᠤᠷᠤᠭᠴᠢ ᠡᠯᠰᠡᠬᠦ ᠤᠷᠤᠨ ᠳᠤᠭ᠎ᠠ ᠵᠢᠨ ᠬᠠᠩᠭᠠᠯᠭ᠎ᠠ᠎ᠶᠢ ᠥᠷᠭᠡᠳᠬᠡᠪᠡ᠃ ᠣᠨᠴᠠᠭᠠᠶ ᠰᠤᠷᠭᠠᠨ ᠬᠥᠮᠦᠵᠢᠯ᠎ᠦᠨ ᠬᠦᠷᠢᠶᠡᠨ᠎ᠳᠦ 5 ᠵᠢᠯ ᠳ᠋ᠤ ᠨᠡᠶ᠋ᠢᠲᠡ 2.3 ᠳ᠋ᠦᠩᠰᠢᠭᠤᠷ ᠲᠥᠭᠥᠷᠢᠭ᠎ᠦᠨ ᠲᠤᠰᠬᠠᠢ ᠲᠦᠷᠦᠯ᠎ᠦᠨ ᠪᠡᠯᠡ ᠮᠥᠩᠭᠥ ᠪᠠᠭᠤᠯᠭᠠᠵᠤ᠂ ᠰᠤᠷᠭᠠᠭᠤᠯᠢ ᠡᠷᠭᠢᠯᠡᠬᠦ ᠨᠥᠬᠥᠴᠡᠯ᠎ᠢ᠋ ᠰᠠᠢᠵᠢᠷᠠᠭᠤᠯᠪᠠ᠃ ᠪᠠᠢᠩᠭᠤ ᠰᠠᠭᠤᠭ᠎ᠠ ᠬᠥᠮᠥᠨ ᠠᠮᠠ ᠨᠢ 20 ᠲᠦᠮᠡ᠎ᠡᠴᠡ ᠳᠡᠭᠡᠭᠰᠢ ᠬᠣᠰᠢᠭᠤ ᠰᠢᠶᠠᠨ (ᠬᠣᠲᠠ᠂ ᠲᠣᠭᠣᠷᠢᠭ᠋) ᠳ᠋ᠤ ᠴᠥᠮ ᠤᠨᠴᠠᠭᠠᠢ ᠰᠤᠷᠭᠠᠨ ᠬᠥᠮᠦᠵᠢᠯ᠎ᠦᠨ ᠰᠤᠷᠭᠠᠭᠤᠯᠢ ᠪᠠᠢᠭᠤᠯᠪᠠ᠃


QQ截图20260114161434.png


ᠤᠷ᠎ᠠ ᠮᠡᠷᠭᠡᠵᠢᠯ᠎ᠤᠨ ᠤᠷᠤᠯᠳᠤᠭᠠᠨ


ᠳᠡᠬᠡᠳᠤ ᠵᠡᠷᠬᠡ ᠵᠢᠨ ᠰᠤᠷᠭᠠᠨ ᠬᠦᠮᠦᠵᠢᠯ᠎ᠤᠨ ᠠᠵᠤ ᠠᠬᠤᠢ ᠨᠡᠢᠬᠡᠮ᠎ᠤᠨ ᠬᠦᠭᠵᠢᠯᠳᠡ ᠳ᠋ᠤ ᠦᠢᠯᠡᠴᠢᠯᠡᠬᠦ ᠵᠢ ᠠᠬᠢᠭᠤᠯᠪᠠ

ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠰᠤᠷᠭᠠᠭᠤᠯᠢ᠎ᠳᠤ ᠣᠷᠣᠭᠰᠠᠨ ᠨᠣᠷᠮ᠎ᠠ 60.41% ᠳ᠋ᠤ ᠬᠦᠷᠴᠦ᠂ 42 ᠲᠦᠮᠡ ᠭᠠᠷᠤᠢ ᠣᠶᠤᠲᠠᠨ ᠦᠪᠦᠷ ᠮᠣᠩᠭᠣᠯ᠎ᠳᠤ ᠦᠯᠡᠳᠡᠵᠦ ᠠᠵᠢᠯ ᠣᠯᠵᠤ ᠦᠢᠯᠡᠰ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠲᠦ ᠦᠢᠯᠡᠴᠢᠯᠡᠬᠦ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠦᠨ ᠡᠵᠡᠯᠡᠬᠦ ᠬᠠᠷᠢᠴᠠᠯ 63.5% ᠳ᠋ᠤ ᠬᠦᠷᠴᠡᠢ ᠁ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ ᠨᠢ ᠤᠯᠤᠰ᠎ᠤᠨ ᠪᠠᠢᠯᠳᠤᠬᠤ ᠪᠣᠳᠣᠯᠭ᠎ᠠ ᠪᠠ ᠣᠷᠣᠨ ᠪᠦᠰᠡ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠳᠤ ᠦᠢᠯᠡᠴᠢᠯᠡᠬᠦ᠎ᠪᠡᠷ ᠤᠳᠤᠷᠢᠳᠤᠮᠵᠢ ᠪᠣᠯᠭᠠᠵᠤ᠂ ᠰᠢᠨᠵᠢᠯᠡᠭᠡᠨ᠎ᠦ ᠰᠠᠯᠠᠭ᠎ᠠ ᠲᠤᠰᠬᠠᠢ ᠮᠡᠷᠭᠡᠵᠢᠯ᠎ᠦᠨ ᠪᠠᠢᠷᠢᠰᠢᠭᠤᠯᠤᠯᠲᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠳᠠᠪᠤᠷᠢᠲᠠᠨ ᠬᠥᠮᠥᠵᠢᠭᠦᠯᠬᠦ ᠵᠠᠭᠪᠤᠷ᠎ᠤᠨ ᠰᠢᠨ᠎ᠡ᠎ᠶᠢ ᠡᠭᠦᠳᠴᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠎ᠶᠢ ᠠᠬᠢᠭᠤᠯᠵᠤ᠂ ᠦᠪᠦᠷ ᠮᠤᠩᠭᠤᠯ᠎ᠤᠨ ᠬᠦᠭᠵᠢᠯᠳᠡ ᠳ᠋ᠤ ᠴᠢᠳᠠᠪᠤᠷᠢᠲᠠᠨ᠎ᠤ ᠬᠦᠴᠦᠲᠡᠢ ᠪᠠᠲᠤᠯᠠᠭ᠎ᠠ ᠪᠠ ᠣᠶᠤᠨ᠎ᠤ ᠲᠤᠯᠭᠠᠭᠤᠷᠢᠯᠠᠯ ᠬᠠᠩᠭᠠᠪᠠ᠃

ᠥᠪᠥᠷ ᠮᠣᠩᠭᠣᠯ 《ᠨᠡᠢᠭᠡᠮ᠎ᠳᠦ ᠶᠠᠭᠤ ᠬᠡᠷᠡᠭᠴᠡᠭᠡ᠎ᠲᠠᠢ ᠪᠣᠯ ᠶᠡᠬᠡ ᠳᠡᠭᠡᠳᠦ ᠰᠤᠷᠭᠠᠭᠤᠯᠢ ᠤᠷᠢᠳᠴᠢᠯᠠᠨ ᠪᠠᠢᠷᠢᠯᠠᠭᠤᠯᠬᠤ》 ᠶ᠋ᠢ ᠪᠠᠷᠢᠮᠲᠠᠯᠠᠵᠤ᠂ ᠦᠪᠦᠷ ᠮᠤᠩᠭᠤᠯ᠎ᠤᠨ ᠭᠣᠣᠯᠳᠠᠯᠭ᠎ᠠ᠎ᠲᠠᠢ ᠠᠵᠤ ᠦᠢᠯᠡᠰ᠎ᠦᠨ ᠪᠦᠯᠦᠭᠵᠢᠯ᠎ᠦᠨ ᠪᠠᠢᠷᠢᠰᠢᠭᠤᠯᠤᠯᠲᠠ ᠳ᠋ᠤ ᠠᠩᠬᠠᠷᠤᠯ ᠵᠢᠡᠨ ᠲᠦᠪᠯᠡᠷᠡᠬᠦᠯᠵᠦ᠂ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ ᠢ᠋ ᠳᠤᠬᠢᠷᠠᠭᠤᠯᠵᠤ᠂ ᠡᠨᠧᠷᠭᠢ᠎ᠶᠢᠨ ᠬᠥᠳᠡᠯᠭᠡᠬᠦ ᠬᠦᠴᠦᠨ᠂ ᠠᠮᠢᠳᠤ ᠪᠣᠳᠠᠰ ᠬᠢᠭᠡᠳ ᠡᠮ ᠡᠮᠨᠡᠯᠭᠡ ᠵᠡᠷᠭᠡ 7 ᠲᠤᠰᠬᠠᠢ ᠮᠡᠷᠭᠡᠵᠢᠯ᠎ᠦᠨ ᠡᠷᠳᠡᠮ᠎ᠦᠨ ᠴᠣᠯᠠ᠎ᠶᠢᠨ ᠳ᠋ᠣᠺᠲ᠋ᠣᠷᠠᠨᠲ᠎ᠤᠨ ᠴᠡᠭ᠎ᠢ ᠰᠢᠨ᠎ᠡ᠎ᠪᠡᠷ ᠨᠡᠮᠡᠭᠳᠡᠭᠦᠯᠵᠦ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ ᠵᠡᠷᠭᠡ 9 ᠰᠢᠨᠵᠢᠯᠡᠭᠡᠨ᠎ᠦ ᠰᠠᠯᠠᠭ᠎ᠠ᠎ᠶᠢᠨ ᠪᠦᠯᠦᠭᠵᠢᠯ᠎ᠢ  ᠪᠠᠢᠭᠤᠯᠵᠤ᠂ ᠬᠣᠣᠰ ᠣᠶᠤᠲᠠᠨ ᠴᠣᠯᠠ ᠬᠠᠮᠠᠭᠠᠯᠠᠬᠤ ᠲᠦᠷᠦᠯ ᠵᠦᠢᠯ᠎ᠢ ᠬᠡᠷᠡᠭᠵᠢᠬᠦᠯᠪᠡ᠃ ᠪᠠᠢᠭᠠᠯᠢ ᠲᠧᠭᠨᠢᠭ᠎ᠦᠨ ᠤᠬᠠᠭᠠᠨ᠂ ᠲᠠᠷᠢᠶᠠᠯᠠᠩ᠂ ᠡᠮᠨᠡᠯᠭᠡ᠎ᠶᠢᠨ ᠲᠥᠷᠥᠯ᠎ᠦᠨ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠦᠨ ᠡᠵᠡᠯᠡᠬᠦ ᠬᠠᠷᠢᠴᠠᠯ ᠨᠢ 51.2% ᠳ᠋ᠤ ᠬᠦᠷᠴᠦ᠂ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠡᠴᠡ ᠥᠨᠳᠥᠷ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠦᠨ ᠪᠦᠯᠦᠭᠵᠢᠯ ᠳ᠋ᠤ ᠬᠠᠨᠳᠤᠨ 300 《ᠪᠢᠴᠢᠯ ᠲᠤᠰᠬᠠᠢ ᠮᠡᠷᠭᠡᠵᠢᠯ》 ᠨᠡᠬᠡᠬᠡᠵᠦ᠂ ᠪᠠᠴᠢᠮ ᠬᠡᠷᠡᠭᠰᠡᠬᠦ ᠲᠤᠰᠬᠠᠢ ᠮᠡᠷᠭᠡᠵᠢᠯ᠎ᠦᠨ ᠬᠣᠭᠣᠰᠤᠨ᠎ᠢ ᠲᠦᠷᠭᠡᠨ ᠨᠥᠬᠥᠪᠦᠷᠢᠯᠡᠪᠡ᠃

ᠥᠪᠥᠷ ᠮᠣᠩᠭᠣᠯ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠤᠨ ᠲᠠᠯ᠎ᠠ᠎ᠪᠠᠷ ᠦᠷᠭᠦᠯᠵᠢᠯᠡᠨ ᠰᠢᠨ᠎ᠡ᠎ᠶᠢ ᠡᠬᠦᠳᠪᠡ᠃ ᠤᠯᠤᠰ᠎ᠤᠨ ᠲᠠᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢ᠋ 17 ᠵᠦᠪᠰᠢᠶᠡᠷᠡᠬᠦᠯᠵᠦ᠂ ᠥᠪᠡᠷᠲᠡᠭᠡᠨ ᠵᠠᠰᠠᠬᠤ ᠣᠷᠣᠨ᠎ᠤ ᠠᠰᠫᠢᠷᠠᠨᠲ ᠢ᠋ ᠬᠠᠮᠲᠤᠷᠠᠨ ᠬᠥᠮᠥᠵᠢᠭᠦᠯᠬᠦ ᠰᠠᠭᠤᠷᠢᠨ᠎ᠢ 122 ᠪᠠᠢᠭᠤᠯᠵᠤ᠂ ᠠᠰᠫᠢᠷᠠᠨᠲ ᠢ᠋ ᠲᠠᠷᠢᠶᠠᠯᠠᠩ ᠪᠠ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠨᠢᠭᠡᠳᠦᠭᠡᠷ ᠹᠷᠣᠨᠲ᠎ᠲᠤ ᠲᠣᠮᠢᠯᠠᠨ ᠰᠠᠭᠤᠯᠭᠠᠵᠤ᠂ ᠦᠢᠯᠡᠳᠦᠯᠭᠡ᠎ᠶᠢᠨ ᠳᠤᠮᠳᠠ ᠰᠢᠨᠵᠢᠯᠡᠬᠦ ᠤᠬᠠᠭᠠᠨ᠎ᠤ ᠰᠤᠳᠤᠯᠭᠠᠨ᠎ᠢ ᠥᠷᠨᠢᠭᠦᠯᠦᠨ᠂ ᠪᠣᠳᠠᠲᠠᠢ ᠠᠰᠠᠭᠤᠳᠠᠯ᠎ᠢ ᠰᠢᠢᠳᠪᠦᠷᠢᠯᠡᠪᠡ᠃ ᠵᠢᠩᠬᠢᠨᠢ ᠠᠩᠭᠢ᠎ᠶᠢᠨ ᠰᠣᠷᠣᠭ᠍ᠴᠢ ᠳ᠋ᠤ ᠵᠠᠬᠢᠶᠠᠯᠠᠭ᠎ᠠ᠎ᠶᠢᠨ ᠮᠠᠶᠢᠭ᠋᠎ᠵᠢᠡᠷ ᠴᠢᠳᠠᠪᠤᠷᠢᠳᠠᠨ ᠬᠥᠮᠥᠵᠢᠭᠦᠯᠬᠦ᠎ᠶᠢ ᠬᠡᠷᠡᠭᠵᠢᠭᠦᠯᠵᠦ᠂ 31 ᠵᠢᠱ᠌ᠢᠶ᠎ᠡ ᠦᠵᠡᠭᠦᠯᠬᠦ ᠴᠢᠨᠠᠷᠲᠠᠢ ᠣᠨᠴᠠᠯᠢᠭ᠍ᠲᠤ ᠳᠡᠭᠡᠳᠦ ᠰᠤᠷᠭᠠᠭᠤᠯᠢ᠎ᠶᠢ ᠪᠠᠢᠭᠤᠯᠵᠦ᠂ ᠠᠵᠤ ᠦᠢᠯᠡᠰ᠎ᠦᠨ ᠦᠷ᠎ᠡ ᠪᠦᠲᠦᠭᠡᠯ᠎ᠢ ᠵᠢᠭᠠᠬᠤ ᠮᠠᠲᠧᠷᠢᠶᠠᠯ᠎ᠳᠤ ᠣᠷᠣᠭᠤᠯᠬᠤ᠂ ᠦᠢᠯᠡᠳᠦᠯᠭᠡ᠎ᠶᠢᠨ ᠵᠢᠱ᠌ᠢᠶ᠎ᠡ᠎ᠶᠢ ᠵᠢᠭᠠᠬᠤ ᠲᠥᠰᠥᠯ᠎ᠳᠦ ᠣᠷᠣᠭᠤᠯᠬᠤ᠂ ᠠᠵᠢᠯ ᠲᠥᠷᠥᠯ᠎ᠦᠨ ᠲᠤᠰᠬᠠᠢ ᠮᠡᠷᠭᠡᠵᠢᠯᠲᠡᠨ᠎ᠢ ᠬᠢᠴᠢᠶᠡᠯ᠎ᠦᠨ ᠲᠠᠩᠬᠢᠮ᠎ᠳᠤ ᠣᠷᠣᠭᠤᠯᠬᠤ᠎ᠶᠢ ᠠᠬᠢᠭᠤᠯᠪᠠ᠃

ᠥᠪᠥᠷ ᠮᠣᠩᠭᠣᠯ 《ᠠᠵᠤ ᠠᠬᠤᠢᠯᠠᠯ ᠰᠡᠳᠦᠪ ᠭᠠᠷᠭᠠᠬᠤ᠂ ᠰᠤᠷᠭᠠᠨ ᠬᠥᠮᠦᠵᠢᠯ᠎ᠦᠨ ᠲᠢᠩᠬᠢᠮ ᠰᠡᠳᠦᠪ ᠲᠣᠭᠲᠠᠭᠠᠬᠤ᠂ ᠶᠡᠬᠡ ᠳᠡᠭᠡᠳᠦ ᠰᠤᠷᠭᠠᠭᠤᠯᠢ ᠰᠡᠳᠦᠪ ᠬᠠᠷᠢᠭᠤᠯᠬᠤ᠂ ᠵᠠᠬ᠎ᠠ ᠳᠡᠯᠭᠡᠭᠦᠷ ᠰᠡᠳᠦᠪ ᠬᠢᠨᠠᠬᠤ》 ᠬᠣᠯᠪᠤᠭᠠᠯᠠᠨ ᠬᠥᠳᠡᠯᠦᠯᠴᠡᠬᠦ ᠲᠣᠭᠲᠠᠴᠠ᠎ᠶᠢ ᠪᠠᠢᠭᠤᠯᠵᠤ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ ᠵᠡᠷᠭᠡ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ ᠴᠢᠬᠤᠯᠠ ᠶᠡᠬᠡ ᠲᠤᠰᠬᠠᠢ ᠲᠦᠷᠦᠯ ᠵᠦᠢᠯ᠎ᠢ ᠪᠠᠢᠭᠤᠯᠵᠤ᠂ ᠰᠤᠷᠭᠠᠭᠤᠯᠢ ᠠᠵᠤ ᠠᠬᠤᠢᠯᠠᠯ ᠬᠣᠯᠪᠤᠭᠠᠯᠠᠨ ᠪᠣᠭᠣᠮᠲᠠ ᠰᠢᠪᠲᠤᠯᠬᠤ᠎ᠶᠢ ᠥᠷᠨᠢᠭᠦᠯᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ᠋ ᠤᠨᠳᠤᠤᠰᠢᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ 《ᠮᠡᠷᠭᠡᠵᠢᠯ᠎ᠢᠶᠡᠷ ᠬᠤᠪᠢ ᠣᠷᠣᠬᠤ + ᠪᠡᠯᠡᠨ ᠵᠣᠭᠣᠰ᠎ᠢᠶᠠᠷ ᠬᠤᠪᠢ ᠣᠷᠣᠬᠤ》 ᠵᠡᠷᠭᠡ ᠵᠠᠭᠪᠤᠷ᠎ᠢ ᠬᠡᠷᠡᠭᠵᠢᠬᠦᠯᠪᠡ᠃

ᠠᠵᠤ ᠦᠢᠯᠡᠰ ᠪᠠ ᠵᠢᠭᠠᠨ ᠰᠤᠷᠭᠠᠯᠳᠠ᠎ᠶᠢᠨ ᠠᠭᠤᠰᠤᠯᠴᠠᠯ ᠵᠢᠡᠷ ᠰᠤᠳᠤᠨ ᠴᠢᠳᠠᠪᠤᠷᠢᠳᠠᠨ ᠬᠦᠮᠦᠵᠢᠬᠦᠯᠪᠡ

ᠥᠪᠥᠷ ᠮᠣᠩᠭᠣᠯ᠎ᠳᠤ 3 ᠵᠢᠩᠬᠢᠨᠢ ᠠᠩᠭᠢ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠂ 33 ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠂ 171 ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠲᠠᠢ ᠪᠠᠢᠵᠤ᠂ ᠰᠤᠷᠭᠠᠭᠤᠯᠢ᠎ᠳᠤ ᠪᠠᠢᠭ᠎ᠠ ᠰᠣᠷᠣᠭ᠍ᠴᠢ 43.08 ᠲᠦᠮᠡ ᠪᠤᠢ᠃ 28 ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠲᠠᠪᠤᠨ ᠵᠢᠯ᠎ᠦᠨ ᠳᠦᠷᠢᠮᠲᠦ ᠬᠥᠮᠥᠵᠢᠭᠦᠯᠬᠦ ᠲᠤᠰᠬᠠᠢ ᠮᠡᠷᠭᠡᠵᠢᠯ᠎ᠢ 499 ᠨᠡᠭᠡᠭᠡᠵᠦ᠂ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ 8500 ᠭᠠᠷᠤᠢ ᠰᠣᠷᠣᠭ᠍ᠴᠢ ᠵᠢᠩᠬᠢᠨᠢ ᠠᠩᠭᠢ᠎ᠳ᠋ᠤ ᠰᠤᠷᠤᠯᠴᠠᠬᠤ ᠬᠦᠰᠡᠯ᠎ᠢᠶᠡᠨ ᠪᠡᠶᠡᠯᠡᠭᠦᠯᠵᠦ᠂ 7.6 ᠲᠦᠮᠡ ᠭᠠᠷᠤᠢ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠣᠷᠣᠭ᠍ᠴᠢ ᠲᠤᠰᠬᠠᠢ ᠮᠡᠷᠭᠡᠵᠢᠯ᠎ᠡᠴᠡ ᠵᠢᠩᠬᠢᠨᠢ ᠠᠩᠭᠢ᠎ᠳᠤ ᠳᠡᠪᠰᠢᠨ ᠦᠷᠭᠦᠯᠵᠢᠯᠡᠨ ᠰᠤᠷᠤᠯᠴᠠᠵᠤ᠂ 《ᠳᠤᠮᠳᠠ ᠵᠡᠷᠭᠡ᠎ᠶᠢᠨ ᠠᠵᠢᠯ ᠮᠡᠷᠭᠡᠵᠢᠯ — ᠳᠡᠭᠡᠳᠦ ᠵᠡᠷᠭᠡ᠎ᠶᠢᠨ ᠠᠵᠢᠯ ᠮᠡᠷᠭᠡᠵᠢᠯ — ᠵᠢᠩᠬᠢᠨᠢ ᠠᠩᠭᠢ》 ᠵᠢ ᠪᠦᠲᠦᠮᠵᠢᠲᠡᠶ ᠵᠣᠯᠭᠠᠭᠤᠯᠤᠭᠰᠠᠨ ᠬᠥᠮᠥᠵᠢᠭᠦᠯᠬᠦ ᠰᠢᠰᠲᠧᠮ᠎ᠢ ᠨᠢᠭᠡᠨᠲᠡ ᠪᠦᠷᠢᠯᠳᠦᠭᠦᠯᠪᠡ ᠁ 《ᠠᠷᠪᠠᠨ ᠳᠥᠷᠪᠡᠳᠦᠭᠡᠷ ᠲᠠᠪᠤᠨ ᠵᠢᠯ》 ᠳ᠋ᠤ ᠥᠪᠥᠷ ᠮᠣᠩᠭᠣᠯ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠨᠢ ᠲᠥᠷᠥᠯ ᠬᠡᠯᠪᠡᠷᠢ᠎ᠶᠢᠨ ᠪᠠᠢᠷᠢ ᠲᠣᠭᠲᠠᠭᠠᠯᠲᠠ᠎ᠶᠢ ᠲᠣᠭᠲᠠᠭᠠᠵᠤ᠂ ᠦᠢᠯᠡᠴᠢᠯᠡᠭᠡᠨ᠎ᠦ ᠭᠣᠣᠯ ᠰᠢᠵᠢᠮ᠎ᠲᠠᠢ ᠨᠢᠭ᠍ᠲᠠ ᠤᠶᠠᠯᠳᠤᠭᠤᠯᠤᠨ᠂ ᠶᠠᠰᠤ ᠴᠢᠨᠠᠷ ᠢ᠋ ᠳᠡᠬᠡᠭᠰᠢᠯᠡᠬᠦᠯᠵᠦ ᠬᠠᠮᠤᠷᠬᠤ ᠬᠡᠪᠴᠢᠶ᠎ᠠ ᠵᠢ ᠦᠷᠬᠡᠳᠬᠡᠪᠡ᠃

ᠥᠪᠥᠷ ᠮᠣᠩᠭᠣᠯ ᠣᠷᠣᠨ ᠪᠦᠰᠡ ᠪᠠ ᠠᠵᠤ ᠦᠢᠯᠡᠰ᠎ᠦᠨ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠬᠦ᠎ᠶᠢ ᠪᠠᠷᠢᠮᠲᠠᠯᠠᠵᠤ᠂ 53 ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠦᠯᠦᠭᠯᠡᠯ᠎ᠢ ᠪᠠᠢᠭᠤᠯᠵᠤ᠂ 12 ᠬᠣᠲᠠ᠎ᠶᠢᠨ ᠬᠡᠪᠴᠢᠶᠡᠨ᠎ᠦ ᠠᠵᠤ ᠦᠢᠯᠡᠰ ᠪᠠ ᠵᠢᠭᠠᠨ ᠰᠤᠷᠭᠠᠯᠳᠠ ᠵᠢᠨ ᠬᠣᠯᠪᠣᠭᠠᠲᠤ ᠴᠣᠭᠴᠠ᠂ 19 ᠠᠵᠢᠯ ᠲᠥᠷᠥᠯ᠎ᠦᠨ ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠭᠰᠠᠨ ᠬᠠᠮᠲᠤ᠎ᠶᠢᠨ ᠴᠣᠭᠴᠠ᠂ 122 ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠭᠰᠠᠨ ᠦᠢᠯᠡᠳᠦᠯᠭᠡ᠎ᠶᠢᠨ ᠲᠥᠪ᠎ᠢ ᠲᠤᠷᠰᠢᠨ ᠪᠠᠢᠭᠤᠯᠵᠤ᠂ ᠠᠵᠤ ᠦᠢᠯᠡᠰ ᠪᠠ ᠵᠢᠭᠠᠨ ᠰᠤᠷᠭᠠᠯᠳᠠ ᠠᠭᠤᠰᠤᠯᠴᠠᠭᠰᠠᠨ ᠬᠡᠯᠪᠡᠷᠢ᠎ᠶᠢᠨ 121 ᠠᠵᠤ ᠠᠬᠤᠢᠯᠠᠯ᠎ᠢ ᠪᠣᠢᠵᠢᠭᠤᠯᠪᠠ᠃ 746 ᠠᠵᠤ ᠠᠬᠤᠢᠯᠠᠯ ᠬᠤᠳᠠ᠎ᠶᠢᠨ ᠬᠡᠪᠴᠢᠶᠡᠨ᠎ᠦ ᠠᠵᠤ ᠦᠢᠯᠡᠰ ᠪᠠ ᠵᠢᠭᠠᠨ ᠰᠤᠷᠭᠠᠯᠳᠠ ᠵᠢᠨ ᠬᠣᠯᠪᠣᠭᠠᠲᠤ ᠴᠣᠭᠴᠠ ᠪᠣᠯᠣᠨ ᠠᠵᠢᠯ ᠲᠦᠷᠦᠯ᠎ᠦᠨ ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠭᠰᠠᠨ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠳᠤ ᠭᠦᠨᠵᠡᠭᠡᠢ ᠣᠷᠣᠯᠴᠠᠵᠤ᠂ 《ᠰᠤᠷᠭᠠᠭᠤᠯᠢ ᠪᠠ ᠣᠷᠣᠨ ᠨᠤᠲᠤᠭ ᠬᠠᠮᠲᠤ ᠪᠠᠷ ᠣᠷᠣᠰᠢᠬᠤ᠂ ᠰᠤᠷᠭᠠᠭᠤᠯᠢ ᠪᠠ ᠠᠵᠤ ᠠᠬᠤᠢᠯᠠᠯ ᠬᠠᠮᠲᠤ ᠪᠠᠷ ᠠᠰᠢᠭ᠋ ᠬᠦᠷᠳᠡᠬᠦ》 ᠠᠮᠢᠳᠤᠯᠢᠭ᠋ ᠪᠠᠢᠷᠢᠰᠢᠯ᠎ᠢ ᠪᠦᠷᠢᠯᠳᠦᠭᠦᠯᠪᠡ᠃ ᠠᠵᠤ ᠦᠢᠯᠡᠰ᠎ᠦᠨ ᠬᠦᠭᠵᠢᠯᠳᠡ᠎ᠶᠢ ᠳᠠᠭᠠᠵᠤ ᠲᠤᠰᠬᠠᠢ ᠮᠡᠷᠭᠡᠵᠢᠯ᠎ᠦᠨ ᠪᠠᠢᠷᠢᠯᠠᠭᠤᠯᠤᠯᠲᠠ᠎ᠳᠤ ᠲᠣᠬᠢᠷᠠᠭᠤᠯᠤᠯᠲᠠ ᠬᠢᠵᠦ᠂ ᠲᠠᠪᠤᠨ ᠵᠢᠯ᠎ᠳᠦ ᠨᠡᠶ᠋ᠢᠲᠡ 1430 ᠲᠤᠰᠬᠠᠢ ᠮᠡᠷᠭᠡᠵᠢᠯ᠎ᠦᠨ ᠪᠠᠢᠷᠢᠯᠠᠭᠤᠯᠤᠯᠲᠠ᠎ᠳᠤ ᠲᠣᠬᠢᠷᠠᠭᠤᠯᠤᠯᠲᠠ ᠬᠢᠪᠡ᠃ ᠣᠳᠣᠬᠠᠨ᠎ᠳᠤ ᠪᠥᠬᠥ ᠣᠷᠣᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ 508 ᠲᠤᠰᠬᠠᠢ ᠮᠡᠷᠭᠡᠵᠢᠯ ᠨᠡᠭᠡᠭᠡᠵᠦ᠂ 3071 ᠲᠤᠰᠬᠠᠢ ᠮᠡᠷᠭᠡᠵᠢᠯ᠎ᠦᠨ ᠴᠡᠭ ᠪᠠᠢᠷᠢᠯᠠᠭᠤᠯᠵᠤ᠂ ᠭᠣᠣᠯᠳᠠᠯᠭ᠎ᠠ᠎ᠲᠠᠢ ᠠᠵᠤ ᠦᠢᠯᠡᠰ᠎ᠲᠤ᠌ ᠦᠢᠯᠡᠴᠢᠯᠡᠬᠦ ᠲᠤᠰᠬᠠᠢ ᠮᠡᠷᠭᠡᠵᠢᠯ᠎ᠦᠨ ᠡᠵᠡᠯᠡᠬᠦ ᠬᠠᠷᠢᠴᠠᠯ 80.4% ᠳ᠋ᠤ ᠬᠦᠷᠴᠡᠢ᠃ ᠠᠵᠤ ᠠᠬᠤᠢᠯᠠᠯ᠎ᠤᠨ ᠬᠡᠷᠡᠭᠴᠡᠭᠡ ᠲᠠᠢ ᠵᠣᠯᠭᠠᠭᠤᠯᠤᠨ 103 ᠪᠢᠴᠢᠯ ᠲᠤᠰᠬᠠᠢ ᠮᠡᠷᠭᠡᠵᠢᠯ ᠪᠠ 157 ᠲᠥᠷᠥᠯ᠎ᠦᠨ ᠠᠵᠢᠯ ᠮᠡᠷᠭᠡᠵᠢᠯ᠎ᠦᠨ ᠴᠢᠳᠠᠪᠤᠷᠢ᠎ᠶᠢᠨ ᠪᠣᠯᠪᠠᠰᠤᠷᠠᠯ᠎ᠤᠨ ᠬᠢᠴᠢᠶᠡᠯ ᠨᠡᠭᠡᠭᠡᠵᠦ᠂ ᠵᠢᠯ ᠪᠦᠷᠢ ᠵᠠᠬᠢᠶᠠᠯᠠᠭ᠎ᠠ ᠪᠡᠷ ᠲᠡᠭᠦᠰᠬᠦ ᠰᠣᠷᠣᠭ᠍ᠴᠢ 1 ᠲᠦᠮᠡ᠎ᠡᠴᠡ ᠳᠡᠭᠡᠭᠰᠢ ᠪᠠᠢᠵᠤ᠂ ᠰᠢᠨ᠎ᠡ ᠡᠨᠧᠷᠭᠢ᠂ ᠰᠢᠨ᠎ᠡ ᠬᠡᠯᠪᠡᠷᠢ᠎ᠶᠢᠨ ᠬᠢᠮᠢ᠎ᠶᠢᠨ ᠠᠵᠤ ᠦᠢᠯᠡᠳᠪᠦᠷᠢ᠂ ᠣᠲᠣ᠌ ᠦᠶ᠎ᠡ᠎ᠶᠢᠨ ᠲᠣᠨᠣᠭ ᠲᠥᠬᠦᠭᠡᠷᠦᠮᠵᠢ ᠦᠢᠯᠡᠳᠬᠦ ᠵᠡᠷᠭᠡ ᠬᠦᠷᠢᠶᠡᠨ᠎ᠳᠦ ᠨᠢᠭᠡᠳᠦᠭᠡᠷ ᠹᠷᠣᠨᠲ ᠲᠤ᠌ ᠰᠢᠨ᠎ᠡ᠎ᠪᠡᠷ ᠨᠡᠮᠡᠭᠳᠡᠭᠰᠡᠨ ᠠᠵᠢᠯᠲᠠᠨ᠎ᠤ 70%᠎ᠡᠴᠡ ᠳᠡᠭᠡᠭᠰᠢᠬᠢ ᠨᠢ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠠᠴᠠ ᠢᠷᠡᠯᠲᠡ᠎ᠲᠠᠢ ᠶᠤᠮ᠃ ᠲᠠᠪᠤᠨ ᠵᠢᠯ᠎ᠳᠦ ᠨᠡᠢ᠍ᠢᠳᠡ 65.08 ᠲᠦᠮᠡᠨ ᠤᠷ᠎ᠠ ᠮᠡᠷᠭᠡᠵᠢᠯ ᠤ᠋ᠨ ᠴᠢᠳᠠᠪᠤᠷᠢᠲᠠᠨ᠎ᠢ ᠬᠦᠮᠦᠵᠢᠬᠦᠯᠪᠡ᠃

ᠥᠪᠥᠷ ᠮᠣᠩᠭᠣᠯ ᠤᠯᠠᠨ ᠡᠰᠢᠲᠦ ᠬᠠᠮᠵᠢᠯᠴᠠᠨ ᠬᠥᠭᠵᠢᠬᠦ᠎ᠶᠢ ᠪᠠᠷᠢᠮᠲᠠᠯᠠᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠠᠰᠢᠭ᠋ ᠲᠤᠰᠠ᠎ᠶᠢ ᠨᠡᠩ ᠤᠯᠠᠨ ᠬᠥᠮᠥᠰ᠎ᠲᠦ ᠬᠦᠷᠲᠡᠭᠡᠪᠡ᠃ ᠨᠠᠰᠤᠲᠠᠢᠴᠤᠳ᠎ᠤᠨ ᠶᠡᠬᠡ ᠰᠤᠷᠭᠠᠭᠤᠯᠢ᠎ᠶᠢ ᠰᠢᠶᠠᠨ᠎ᠤ ᠬᠡᠪᠴᠢᠶ᠎ᠡ᠎ᠪᠡᠷ ᠪᠦᠬᠦᠨ᠎ᠢ ᠬᠠᠮᠤᠷᠬᠤ᠎ᠶᠢ ᠪᠡᠶᠡᠯᠡᠬᠦᠯᠪᠡ᠃ ᠰᠢᠨ᠎ᠡ ᠮᠠᠶᠢᠭ᠋᠎ᠤᠨ ᠮᠠᠯᠴᠢᠨ ᠲᠠᠷᠢᠶᠠᠴᠢᠨ᠂ ᠠᠵᠢᠯ᠎ᠤᠨ ᠪᠠᠢᠷᠢ᠎ᠠᠴᠠ᠎ᠪᠠᠨ ᠪᠠᠭᠤᠭᠰᠠᠨ ᠠᠵᠢᠯᠲᠠᠨ ᠠᠵᠢᠯᠴᠢᠨ᠎ᠢ ᠨᠡᠢ᠍ᠢᠳᠡ 68.4 ᠲᠦᠮᠡᠨ ᠬᠥᠮᠥᠨ ᠤᠳᠠᠭ᠎ᠠ ᠪᠣᠯᠪᠠᠰᠤᠷᠠᠯ ᠬᠦᠷᠳᠡᠬᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 14 ᠳᠡᠭᠡᠳᠦ ᠰᠤᠷᠭᠠᠭᠤᠯᠢ (ᠮᠠᠯᠴᠢᠨ ᠲᠠᠷᠢᠶᠠᠴᠢᠨ᠎ᠤ ᠪᠣᠯᠪᠠᠰᠤᠷᠠᠯ᠎ᠤᠨ ᠳᠡᠭᠡᠳᠦ ᠰᠤᠷᠭᠠᠭᠤᠯᠢ) ᠶ᠋ᠢ ᠪᠠᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号