ᠥᠪᠥᠷ ᠮᠣᠩᠭᠣᠯ᠎ᠤᠨ ᠠᠷᠤᠷ᠎ᠠ ᠪᠥᠮᠪᠥᠭᠡ᠎ᠶ᠋ᠢᠨ ᠠᠩᠭᠢ 2025 — 2026 ᠣᠨ ᠎ᠤ ᠤᠷᠤᠯᠳᠤᠭᠠᠨ᠎ᠤ ᠤᠯᠠᠷᠢᠯ᠎ᠤᠨ ᠡᠪᠦᠯ᠎ᠦᠨ ᠪᠣᠯᠪᠠᠰᠤᠷᠠᠯ᠎ᠤᠨ ᠲᠡᠮᠢᠷ ᠲᠡᠩᠭᠡᠭᠡ ᠵᠢᠨ ᠰᠤᠷᠢᠯᠳᠠ ᠬᠢᠵᠠᠢ
2026-01-19 18:25:45
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ 2025 — 2026 ᠣᠨ᠎ᠤ ᠤᠷᠤᠯᠳᠤᠭᠠᠨ᠎ᠤ ᠤᠯᠠᠷᠢᠯ᠎ᠤᠨ ᠡᠪᠦᠯ᠎ᠦᠨ  ᠪᠣᠯᠪᠠᠰᠤᠷᠠᠯ᠎ᠤᠨ ᠠᠵᠢᠯ ᠎ᠢ ᠯᠠᠪᠳᠠᠭᠤᠨ ᠪᠠᠲᠤᠲᠠᠶ ᠠᠬᠢᠭᠤᠯᠬᠤ᠎ᠶ᠋ᠢᠨ ᠲᠥᠯᠥᠭᠡ᠂ ᠥᠪᠥᠷ ᠮᠣᠩᠭᠣᠯ᠎ᠤᠨ ᠠᠷᠤᠷ᠎ᠠ ᠪᠥᠮᠪᠥᠭᠡ᠎ᠶ᠋ᠢᠨ ᠠᠩᠭᠢ ᠤᠯᠤᠰ᠎ᠤᠨ ᠤᠮᠠᠷᠠᠲᠤ᠎ᠶ᠋ᠢᠨ ᠬᠥᠯ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ᠎ᠳᠦ ᠡᠪᠦᠯ᠎ᠦᠨ ᠪᠣᠯᠪᠠᠰᠤᠷᠠᠯ ᠎ᠤᠨ ᠡᠬᠢᠨ᠎ᠦ ᠦᠶ᠎ᠡ᠎ᠶ᠋ᠢᠨ ᠲᠡᠮᠢᠷ ᠲᠡᠩᠭᠡᠭᠡ ᠵᠢᠨ ᠰᠤᠷᠢᠯᠳᠠ᠎ᠶ᠋ᠢ ᠤᠷᠤᠭ᠍ᠰᠢᠲᠠᠶ ᠥᠷᠨᠢᠭᠦᠯᠪᠡ᠃ ᠲᠤᠰ ᠰᠤᠷᠢᠯᠳᠠ᠎ᠳᠦ ᠳᠠᠰᠭᠠᠯᠵᠢᠭᠤᠯᠤᠭ᠍ᠴᠢ ᠵᠢᠴᠢ ᠲᠠᠮᠢᠷᠴᠢᠨ 87 ᠬᠥᠮᠦᠨ ᠣᠷᠣᠯᠴᠠᠪᠠ᠃

ᠲᠤᠰ ᠤᠳᠠᠭᠠᠨ᠎ᠤ ᠰᠤᠷᠢᠯᠳᠠ᠎ᠳᠤ 30 ᠮᠧᠲ᠋ᠷ᠎ᠦᠨ ᠭᠦᠶᠦᠯᠲᠡ᠂  ᠵᠣᠭ᠍ᠰᠣᠭ᠎ᠠ ᠬᠣᠯᠠ ᠬᠠᠷᠠᠢᠯᠲᠠ᠂ 1200 ᠮᠧᠲ᠋ᠷ ᠎ᠦᠨ ᠭᠦᠶᠦᠯᠲᠡ ᠵᠡᠷᠭᠡ ᠤᠯᠠᠨ ᠲᠥᠷᠥᠯ ᠵᠦᠶ᠋ᠯ᠎ᠢ ᠲᠣᠬᠢᠷᠠᠭᠤᠯᠵᠤ᠂ ᠲᠠᠮᠢᠷᠴᠢᠳ᠎ᠤᠨ ᠲᠡᠮᠢᠷ ᠲᠡᠩᠭᠡᠭᠡ ᠵᠢ ᠪᠦᠬᠦ᠌ ᠲᠠᠯ᠎ᠠ᠎ᠪᠠᠷ ᠰᠢᠯᠭᠠᠨ ᠪᠠᠢᠴᠠᠭᠠᠪᠠ᠃ ᠳᠠᠰᠭᠠᠯᠵᠢᠭᠤᠯᠤᠭ᠍ᠴᠢ᠎ᠶ᠋ᠢᠨ ᠪᠦᠯᠬᠦᠮ᠎ᠨᠢ ᠰᠤᠷᠢᠯᠳᠠ᠎ᠶ᠋ᠢᠨ ᠦᠷ᠎ᠡ ᠳ᠋ᠦᠩ᠎ᠢᠶᠡᠷ ᠦᠨᠳᠦᠰᠦᠯᠡᠯ ᠪᠣᠯᠭᠠᠵᠤ᠂ ᠬᠠᠮᠲᠤ᠎ᠶ᠋ᠢᠨ ᠪᠣᠯᠪᠠᠰᠤᠷᠠᠯ᠎ᠤᠨ ᠳᠤᠲᠠᠭᠤᠳᠠᠯ ᠪᠣᠯᠤᠨ ᠲᠠᠮᠢᠷᠴᠢᠨ᠎ᠤ ᠲᠤᠰ ᠪᠡᠶ᠎ᠡ᠎ᠶ᠋ᠢᠨ ᠬᠦᠷᠦᠯᠴᠡᠬᠦ᠌ ᠥᠬᠡᠶ ᠲᠠᠯ᠎ᠠ᠎ᠶ᠋ᠢ ᠣᠨᠣᠪᠴᠢᠲᠠᠶ ᠲᠣᠭ᠍ᠲᠠᠭᠠᠵᠤ᠂ 《ᠨᠢᠭᠡ ᠬᠥᠮᠦᠨ᠎ᠳᠦ ᠨᠢᠭᠡ ᠠᠷᠭ᠎ᠠ ᠪᠣᠳᠣᠯᠭ᠎ᠠ ᠠᠪᠬᠤ》 ᠥᠪᠡᠷᠮᠢᠴᠡ ᠪᠣᠯᠪᠠᠰᠤᠷᠠᠯ᠎ᠤᠨ ᠲᠥᠰᠦᠯ ᠲᠣᠭ᠍ᠲᠠᠭᠠᠵᠤ᠂ ᠣᠨᠣᠪᠴᠢᠲᠠᠶ ᠪᠣᠯᠪᠠᠰᠤᠷᠠᠯ ᠬᠢᠬᠦ᠌ ᠎ᠶ᠋ᠢ ᠪᠡᠶᠡᠯᠡᠭᠦᠯᠬᠦ ᠪᠤᠯᠤᠨ᠎ᠠ᠃ ᠡᠪᠦᠯ᠎ᠦᠨ ᠪᠣᠯᠪᠠᠰᠤᠷᠠᠯ᠎ᠤᠨ ᠬᠤᠭᠤᠴᠠᠭᠠᠨ᠎ᠳᠤ ᠪᠠᠰᠠ 4 ᠤᠳᠠᠭᠠᠨ ᠎ᠤ ᠲᠡᠮᠢᠷ ᠲᠡᠩᠭᠡᠭᠡ ᠵᠢᠴᠢ ᠲᠤᠰᠭᠠᠶ ᠮᠡᠷᠭᠡᠵᠢᠯ᠎ᠦᠨ ᠶᠡᠷᠦᠨᠭᠭᠡᠢᠯᠡᠭᠰᠡᠨ ᠰᠤᠷᠢᠯᠳᠠ ᠥᠷᠨᠢᠭᠦᠯᠵᠦ᠍᠂ ᠲᠣᠭ᠎ᠠ ᠪᠠᠷᠢᠮᠲᠠ᠎ᠶ᠋ᠢ ᠦᠷᠭᠦᠯᠵᠢᠯᠡᠨ ᠨᠥᠬᠥᠪᠥᠷᠢᠯᠡᠨ ᠬᠥᠮᠥᠷᠭᠡ ᠳ᠋ᠤ ᠣᠷᠣᠭᠤᠯᠵᠤ᠂《ᠱᠢᠯᠭᠠᠬᠤ ᠵᠠᠳᠠᠯᠬᠤ ᠲᠣᠬᠢᠷᠠᠭᠤᠯᠬᠤ》 ᠪᠣᠯᠪᠠᠰᠤᠷᠠᠯ᠎ᠤᠨ ᠱᠢᠰᠲ᠋ᠧᠮ᠎ᠢ ᠪᠠᠢᠭᠤᠯᠬᠤ ᠪᠤᠯᠤᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号