ᠭᠡᠷ ᠣᠷᠣᠨ᠎ᠳ᠋ᠠᠭᠠᠨ ᠪᠢ ᠦᠪᠡᠰᠤᠪᠡᠨ ᠡᠵᠡᠨ ᠮᠡᠳᠡᠨ᠎ᠡ — 156 ᠡᠷᠦᠬᠡ ᠰᠠᠭᠤᠭᠠᠯᠢ ᠠᠷᠠᠳ᠎ᠤᠨ᠎ᠭᠤᠤᠯᠯᠠᠨ ᠤᠳᠤᠷᠢᠳᠤᠭᠰᠠᠨ ᠬᠣᠲᠠ᠎ᠵᠢᠨ ᠱᠢᠨᠡᠳᠭᠡᠯᠲᠡ
2026-01-19 10:11:35
ᠵᠣᠬᠢᠶᠠᠭ᠍ᠴᠢ᠄
​ᠼᠠᠢ ᠳ᠋ᠦᠩ ᠮᠧᠢ
ᠣᠩᠱᠢᠭ᠍ᠰᠠᠨ ᠣᠳᠠᠭ᠎ᠠ᠄
★★★☆☆

ᠠᠷᠠᠳ ᠲᠦᠮᠡᠨ᠎ᠦ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠨ᠂ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠠᠷᠠᠳ ᠲᠦᠮᠡᠨ᠎ᠦ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠨ᠎ᠡ᠃

— 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠤᠨ ᠠᠯᠪᠠᠨ ᠮᠡᠳᠡᠭᠡ》 ᠡᠴᠡ


ᠪᠤᠭᠤᠲᠤ ᠬᠤᠳᠠ᠎ᠶ᠋ᠢᠨ ᠳ᠋ᠦᠩ ᠾᠧ ᠲᠣᠭᠣᠷᠢᠭ᠎ᠤᠨ ᠠᠵᠤ ᠦᠢᠯᠡᠳᠪᠦᠷᠢ᠎ᠵᠢᠨ ᠵᠠᠮ᠎ᠤᠨ ᠪᠠᠷᠢᠯᠭ᠎ᠠ᠎ᠶ᠋ᠢᠨ ᠭᠠᠵᠠᠷ᠎ᠲᠤ  ᠡᠪᠦᠯ᠎ᠦᠨ ᠨᠠᠷᠠᠠ ᠡᠭᠡᠯᠢᠳᠡᠢ ᠲᠤᠰᠤᠨ᠎ᠠ᠃ ᠬᠥᠬᠡ ᠥᠩᠭᠡ᠎ᠶ᠋ᠢᠨ ᠬᠠᠯᠬᠠᠪᠴᠢ ᠬᠦᠷᠢᠶ᠎ᠠ ᠳᠣᠲᠣᠷ᠎ᠠ᠂ ᠰᠤᠪᠤᠷᠭᠠᠨ ᠡᠯᠭᠦᠭᠦᠷ ᠠᠭᠠᠵᠢᠮ᠎ᠢᠶᠠᠷ ᠡᠷᠭᠢᠯᠳᠦᠵᠦ᠍᠂ ᠱᠢᠨ᠎ᠡ ᠵᠢᠷᠭᠤᠭᠠᠨ ᠳᠠᠪᠬᠤᠷ ᠠᠰᠠᠷ ᠨᠢᠭᠡᠨᠲᠡ ᠰᠦᠨᠳᠡᠷᠯᠡᠨ ᠪᠣᠰᠴᠤ᠌᠂ ᠠᠵᠢᠯᠴᠢᠳ ᠵᠠᠰᠠᠵᠤ ᠴᠢᠮᠡᠭ᠌ᠯᠡᠬᠦ᠌ ᠠᠵᠢᠯ᠎ᠢ ᠶᠠᠭᠠᠷᠠᠯᠲᠠᠢ ᠬᠢᠵᠡᠭᠡᠨ᠎ᠡ᠃ ᠮᠠᠱᠢᠨ᠎ᠤ ᠬᠦᠷᠴᠢᠬᠢᠨᠡᠬᠦ ᠲᠠᠭᠤᠨ ᠪᠣᠯᠤᠨ ᠲᠡᠮᠦᠷᠯᠢᠭ᠎ᠦᠨ ᠮᠥᠷᠭᠥᠯᠳᠦᠬᠦ᠌ ᠲᠠᠭᠤᠨ ᠨᠢ ᠬᠦᠰᠡᠯ ᠪᠢᠯᠬᠠᠭ᠍ᠰᠠᠨ ᠨᠠᠢᠷᠠᠯ ᠬᠥᠭ᠌ᠵᠢᠮ ᠪᠣᠯᠵᠤ ᠰᠣᠯᠪᠢᠴᠠᠨ᠎ᠠ᠃

76 ᠨᠠᠰᠤᠲᠠᠢ ᠯᠢᠶᠠᠩ ᠵᠢᠶᠠᠨ ᠱᠢᠤ ᠨᠠᠰᠤᠲᠠᠨ ᠬᠠᠯᠬᠠᠪᠴᠢ ᠬᠦᠷᠢᠶ᠎ᠠ᠎ᠶ᠋ᠢᠨ ᠭᠠᠳᠠᠨ᠎ᠠ᠎ᠡᠴᠡ ᠲᠤᠳᠤᠭᠰᠢ ᠱᠢᠷᠲᠡᠨ᠎ᠡ᠂ ᠲᠡᠷᠡ ᠭᠤᠷᠪᠠᠳᠤᠭᠠᠷ ᠳᠠᠪᠬᠤᠷᠯᠢᠭ᠎ᠤᠨ ᠨᠢᠭᠡᠨ ᠴᠤᠨᠭᠬᠤ᠎ᠶ᠋ᠢ ᠵᠢᠭᠠᠵᠤ᠄ 《ᠦᠵᠡᠭᠡᠴᠢ᠂ ᠲᠡᠷᠡ ᠪᠣᠯ ᠳᠠᠷᠤᠢ ᠮᠢᠨᠦ᠍ ᠠᠰᠠᠷ ᠮᠥᠨ᠂ ᠬᠠᠪᠤᠷ ᠡᠬᠢᠯᠡᠮᠡᠭ᠌ᠴᠡ ᠪᠢ 〈ᠱᠢᠨ᠎ᠡ ᠭᠡᠷ〉 ᠳᠡᠭᠡᠨ ᠨᠡᠭᠦᠨ᠎ᠠ》 ᠭᠡᠪᠡ᠃ ᠳᠡᠮᠡᠢ ᠬᠤᠯᠠ ᠦᠭᠡᠢ ᠭᠠᠵᠠᠷ᠎ᠲᠤ᠂ ᠦᠩᠭᠡ ᠨᠢ ᠪᠠᠭᠤᠷᠠᠭ᠍ᠰᠠᠨ ᠲᠦᠷᠦᠯ ᠵᠦᠢᠯ᠎ᠦᠨ ᠦᠷ᠎ᠡ ᠪᠦᠲᠦᠮᠵᠢ᠎ᠶ᠋ᠢᠨ ᠵᠢᠷᠤᠭ᠎ᠤᠨ ᠡᠮᠦᠨ᠎ᠡ᠂ ᠬᠡᠳᠦᠨ ᠬᠠᠭᠤᠴᠢᠨ ᠬᠥᠷᠰᠢ ᠰᠠᠭᠠᠬᠠᠯᠲᠠ ᠨᠢ ᠲᠡᠳᠡᠨᠤᠰ᠎ᠤᠨ  ᠬᠠᠯᠠᠭᠤᠨ ᠳᠤᠯᠠᠭᠠᠨ ᠭᠡᠷ ᠪᠦᠯᠢ —《ᠵᠢᠶᠠ ᠾᠸ ᠰᠢᠨ᠎ᠡ ᠰᠠᠭᠤᠴᠠ》 ᠣᠷᠣᠨ ᠰᠠᠭᠤᠴᠠ᠎ᠶ᠋ᠢᠨ ᠨᠠᠷᠢᠨ ᠵᠦᠢᠯᠡᠰ᠎ᠢ ᠬᠠᠯᠠᠭᠤᠨ᠎ᠢᠶᠠᠷ ᠶᠠᠷᠢᠯᠴᠠᠵᠤ᠂ ᠪᠠᠶᠠᠷ ᠪᠠᠶᠠᠰᠤᠯ᠎ᠤᠨ ᠢᠨᠢᠶᠡᠳᠦ ᠤᠮᠠᠷᠠᠲᠤ ᠣᠷᠣᠨ᠎ᠤ ᠵᠢᠬᠡᠭᠦᠨ ᠬᠦᠢᠲᠡᠨ᠎ᠢ ᠬᠦᠭᠡᠭᠡᠬᠦ ᠱᠢᠭ ᠪᠠᠢᠯ᠎ᠠ᠃

ᠡᠨᠡ ᠬᠡᠰᠡᠭ ᠭᠠᠵᠠᠷ ᠳᠡᠭᠡᠷ᠎ᠡ ᠶᠠᠭ ᠡᠭᠦᠰᠴᠦ᠍ ᠪᠠᠢᠬᠤ ᠨᠢ ᠠᠮᠢᠳᠤᠯᠢᠭ ᠪᠥᠭᠡᠳ ᠭᠦᠨ ᠭᠦᠨᠵᠡᠭᠡᠶ ᠦᠨᠳᠦᠰᠦᠨ ᠱᠠᠲᠤᠨ᠎ᠤ ᠵᠠᠰᠠᠯᠲᠠ᠎ᠶ᠋ᠢᠨ ᠦᠶ᠋ᠯᠡᠳᠦᠯᠭᠡ ᠪᠤᠯᠤᠨ᠎ᠠ᠂ 156 ᠡᠷᠦᠬᠡ ᠡᠩ᠎ᠦᠨ ᠰᠠᠭᠤᠭᠠᠯᠢ ᠠᠷᠠᠳ ᠪᠡᠶ᠎ᠡ᠎ᠪᠡᠷ᠎ᠢᠶᠡᠨ ᠵᠢᠷᠤᠭ᠍ᠯᠠᠵᠤ᠂ ᠪᠥᠬᠥ᠌ ᠶᠠᠪᠤᠴᠠ᠎ᠳᠤ ᠣᠷᠣᠯᠴᠠᠭ᠍ᠰᠠᠨ  《ᠬᠡᠷ ᠣᠷᠣᠨ᠎ᠤ ᠳᠠᠬᠢᠨ ᠠᠮᠢᠯᠠᠭ᠍ᠰᠠᠨ ᠲᠡᠮᠳᠡᠭ᠌ᠯᠡᠯ》 ᠮᠥᠨ᠃ ᠡᠨᠡ ᠬᠦ᠌ ᠦᠯᠢᠭᠡᠷ ᠨᠢ ᠠᠮᠤᠷ ᠲᠠᠢᠪᠤᠩ ᠠᠮᠢᠳᠤᠷᠠᠬᠤ᠎ᠶ᠋ᠢᠨ ᠠᠷᠭ᠎ᠠ ᠦᠭᠡᠢ ᠨᠤᠷᠠᠬᠤ ᠠᠶᠤᠯᠲᠠᠢ ᠭᠡᠷ ᠪᠠᠢᠱᠢᠩ᠎ᠤᠨ ᠬᠦᠴᠢᠷᠳᠡᠯᠳᠦ ᠪᠠᠢᠳᠠᠯ᠎ᠡᠴᠡ ᠡᠬᠢᠯᠡᠵᠦ᠍᠂ 《ᠭᠡᠷ ᠣᠷᠣᠨ ᠳ᠋ᠠᠭᠠᠨ ᠪᠢ ᠥᠪᠡᠰᠦᠪᠡᠨ ᠡᠵᠡᠨ ᠮᠡᠳᠡᠬᠦ᠌》 ᠵᠣᠷᠢᠭ᠍ᠲᠠᠢ ᠰᠦᠪᠡᠭ᠌ᠴᠢᠯᠡᠯ ᠪᠠ ᠠᠷᠠᠳᠴᠢᠯᠠᠯ᠎ᠤᠨ ᠦᠢᠯᠡᠳᠦᠯᠭᠡ ᠪᠤᠯᠵᠤ᠂ ᠨᠡᠩ ᠴᠤ᠌ ᠤᠯᠤᠰ᠎ᠤᠨ ᠬᠤᠳᠠ᠎ᠶ᠋ᠢᠨ ᠱᠢᠨᠡᠴᠢᠯᠡᠯᠲᠡ᠎ᠶ᠋ᠢᠨ ᠲᠦᠷᠦ᠍᠎ᠶ᠋ᠢᠨ ᠪᠤᠳᠤᠯᠭ᠎ᠠ᠎ᠲᠠᠶ ᠢᠵᠢᠯᠢ ᠠᠯᠬᠤᠮ᠎ᠢᠶᠠᠷ ᠶᠠᠪᠤᠭ᠍ᠳᠠᠬᠤ ᠭᠦᠨᠵᠡᠭᠡᠢ ᠴᠤᠤᠷᠢᠶᠠᠲᠤᠯ ᠪᠤᠯᠤᠨ᠎ᠠ᠃

2020 ᠣᠨ᠎ᠤ ᠬᠠᠪᠤᠷ᠎ᠤᠨ ᠦᠶ᠎ᠡ ᠪᠡᠷ᠂ 1978 ᠣᠨ᠎ᠳᠤ ᠪᠠᠢᠭᠤᠯᠤᠭᠳᠠᠭᠰᠠᠨ ᠭᠤᠷᠪᠠᠨ ᠳᠠᠪᠬᠤᠷᠯᠢᠭ᠎ᠤᠨ ᠵᠢᠷᠭᠤᠭᠠᠨ ᠰᠠᠭᠤᠷᠢ ᠬᠠᠭᠤᠴᠢᠨ ᠠᠰᠠᠷ᠎ᠤᠨ ᠬᠠᠭᠤᠴᠢᠷᠠᠭ᠍ᠰᠠᠨ ᠬᠣᠭᠣᠯᠠᠢ ᠲᠤᠤᠷ᠂  ᠪᠣᠬᠢᠷ ᠤᠰᠤ ᠵᠢᠴᠢ ᠡᠪᠦᠯ᠎ᠦᠨ ᠡᠳᠦᠷ ᠨᠡᠭᠦᠷᠡᠰᠦᠨ ᠵᠤᠤᠬ᠎ᠠ ᠱᠢᠲᠠᠭᠠᠵᠤ ᠳᠤᠯᠠᠭᠠᠯᠠᠬᠤ ᠬᠠᠲᠠᠭᠤ ᠪᠡᠷᠬᠡ ᠨᠦᠬᠦᠴᠡᠯ ᠨᠢ ᠯᠢᠶᠠᠩ ᠵᠢᠶᠠᠨ ᠱᠢᠤ ᠪᠣᠯᠤᠨ ᠲᠡᠭᠦᠨ᠎ᠦ 155 ᠡᠷᠦᠬᠡ ᠬᠠᠭᠤᠴᠢᠨ ᠬᠥᠷᠰᠢ ᠰᠠᠭᠠᠬᠠᠯᠲᠠ᠎ᠶ᠋ᠢᠨ ᠬᠠᠮᠲᠤ᠎ᠶ᠋ᠢᠨ ᠳᠤᠷᠠᠳᠭᠠᠯ ᠪᠣᠯᠤᠨ᠎ᠠ᠃ ᠥᠭᠡᠷᠡᠴᠢᠯᠡᠨ ᠪᠠᠢᠭᠤᠯᠬᠤ ᠠᠵᠢᠯ ᠪᠠᠴᠢᠮ ᠲᠤᠯᠭᠠᠮ ᠪᠤᠯᠵᠤ᠂ ᠲᠤᠬᠠᠢ᠎ᠶ᠋ᠢᠨ ᠭᠠᠵᠠᠷ᠎ᠤᠨ ᠵᠠᠰᠠᠭ᠎ᠤᠨ ᠣᠷᠳᠣᠨ ᠦᠳᠲᠡᠷ ᠲᠦᠷᠭᠡᠨ ᠬᠥᠳᠡᠯᠦᠯᠴᠡᠵᠦ᠍᠂ ᠰᠠᠭᠤᠭᠠᠯᠢ ᠠᠷᠠᠳ᠎ᠢ ᠵᠣᠬᠢᠶᠠᠨ ᠪᠠᠢᠭᠤᠯᠤᠨ ᠲᠦᠷ ᠴᠠᠭ ᠲᠥᠪᠬᠢᠨᠡᠭᠦᠯᠵᠦ᠍᠂ ᠪᠠᠴᠢᠮ ᠪᠠᠢᠳᠠᠯ᠎ᠢ ᠠᠷᠭᠠᠴᠠᠭᠠᠪᠠ᠃ ᠭᠡᠲᠡᠯ᠎ᠡ᠂ ᠲᠦᠷ ᠴᠠᠭ᠎ᠤᠨ ᠨᠡᠭᠦᠯᠲᠡ ᠨᠢ ᠣᠯᠠᠨ᠎ᠤ 《 ᠭᠡᠷ᠎ᠲᠡᠬᠡᠨ ᠬᠠᠷᠢᠬᠤ》 ᠭᠡᠰᠡᠨ ᠭᠦᠨ ᠬᠦᠰᠡᠯ ᠡᠷᠡᠮᠡᠯᠵᠡᠯ᠎ᠢ ᠤᠨᠲᠠᠷᠠᠭᠠᠭ᠍ᠰᠠᠨ ᠦᠭᠡᠢ᠃ ᠱᠢᠨ᠎ᠡ ᠭᠠᠷᠬᠤ ᠵᠠᠮ ᠴᠤᠬᠤᠮ ᠬᠠᠮᠢᠭ᠎ᠠ ᠪᠠᠢᠳᠠᠭ ᠪᠤᠯ?

ᠡᠷᠭᠢᠯᠲᠡ ᠨᠢ ᠤᠯᠤᠰ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠭᠦᠨᠵᠡᠭᠡᠢᠷᠡᠯᠲᠡ ᠪᠠ ᠣᠷᠣᠨ ᠨᠤᠲᠤᠭ᠎ᠤᠨ ᠦᠢᠯᠡᠳᠦᠯᠭᠡ᠎ᠶ᠋ᠢᠨ ᠰᠦᠪᠡᠭ᠌ᠴᠢᠯᠡᠯᠲᠡ᠎ᠶ᠋ᠢ ᠳᠠᠭᠠᠯᠳᠤᠨ ᠪᠤᠢ ᠪᠣᠯᠤᠭ᠍ᠰᠠᠨ ᠶᠤᠮ᠃ 2024 ᠣᠨ᠎ᠳᠤ᠂ ᠤᠯᠤᠰ᠎ᠤᠨ ᠬᠣᠲᠠ ᠪᠠᠯᠭᠠᠰᠤᠨ᠎ᠤ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢᠨ ᠢᠨᠵᠧᠨᠧᠷᠢᠩ᠎ᠦᠨ ᠨᠥᠬᠥᠪᠥᠷᠢ᠎ᠶ᠋ᠢᠨ ᠬᠡᠪᠴᠢᠶ᠎ᠡ ᠤᠯᠠᠮ ᠨᠢᠭᠡ ᠠᠯᠬᠤᠮ ᠥᠷᠭᠡᠳᠴᠤ᠂ ᠬᠣᠲᠠ᠎ᠶ᠋ᠢᠨ ᠨᠤᠷᠠᠬᠤ ᠠᠶᠤᠯᠲᠠᠶ ᠬᠠᠭᠤᠴᠢᠨ ᠬᠡᠷ ᠪᠠᠢᠱᠢᠩ᠎ᠢ ᠥᠭᠡᠷᠡᠴᠢᠯᠡᠨ ᠪᠠᠢᠭᠤᠯᠬᠤ᠎ᠶ᠋ᠢ ᠳᠡᠮᠵᠢᠬᠦ᠌ ᠬᠡᠪᠴᠢᠶᠡᠨ᠎ᠳᠦ ᠣᠷᠣᠭᠤᠯᠤᠨ᠎ᠠ ᠭᠡᠵᠦ᠍ ᠲᠣᠳᠣᠷᠬᠠᠶ ᠲᠣᠭ᠍ᠲᠠᠭᠠᠪᠠ᠃  ᠥᠪᠥᠷ ᠮᠣᠩᠭᠣᠯ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ(ᠣᠷᠣᠨ ᠰᠠᠭᠤᠴᠠ)᠎ᠢ᠋ ᠪᠡᠶ᠎ᠡ᠎ᠪᠡᠨ ᠳᠠᠭᠠᠭᠠᠵᠤ ᠱᠢᠨᠡᠳᠭᠡᠬᠦ᠌ ᠲᠤᠷᠱᠢᠯᠲᠠ᠎ᠶ᠋ᠢᠨ ᠠᠵᠢᠯ᠎ᠢ ᠡᠬᠢᠯᠡᠭᠦᠯᠵᠦ᠍᠂ ᠰᠠᠭᠤᠭᠠᠯᠢ ᠠᠷᠠᠳ᠎ᠤᠨ ᠵᠠᠰᠠᠭ᠎ᠤᠨ ᠣᠷᠳᠣᠨ᠎ᠤ ᠵᠢᠯᠣᠭᠣᠳᠣᠯᠭ᠎ᠠ ᠳᠤᠤᠷ᠎ᠠ ᠪᠡᠶ᠎ᠡ᠎ᠪᠡᠨ ᠳᠠᠭᠠᠭᠠᠵᠤ ᠵᠥᠪᠳᠡᠯᠴᠡᠬᠦ᠌᠂ ᠬᠠᠮᠲᠤ᠎ᠪᠠᠷ ᠪᠠᠯᠠ ᠭᠠᠷᠭᠠᠬᠤ᠂ ᠥᠭᠡᠷᠡᠴᠢᠯᠡᠨ ᠱᠢᠨᠡᠳᠭᠡᠬᠦ᠌ ᠪᠥᠬᠥ᠌ ᠶᠠᠪᠤᠴᠠ᠎ᠳᠤ ᠣᠷᠣᠯᠴᠠᠬᠤ᠎ᠶ᠋ᠢ ᠵᠣᠷᠢᠭ᠍ᠵᠢᠭᠤᠯᠪᠠ᠃ 

ᠪᠤᠭᠤᠲᠤ ᠬᠣᠲᠠ ᠡᠨᠡ ᠬᠦ᠌ ᠱᠢᠨ᠎ᠡ᠎ᠶ᠋ᠢ ᠡᠭᠦᠳᠬᠦ᠌ ᠵᠠᠭ᠍ᠪᠤᠷ᠎ᠤᠨ ᠠᠩᠬᠠᠨ᠎ᠤ ᠪᠦᠯᠦᠭ 《ᠵᠠᠮ ᠬᠠᠢᠭ᠍ᠴᠢ》ᠪᠣᠯᠪᠠ᠃ ᠲᠦᠷᠦ᠍᠎ᠶ᠋ᠢᠨ ᠪᠤᠳᠤᠯᠭ᠎ᠠ᠎ᠶ᠋ᠢᠨ ᠵᠢᠷᠤᠭ ᠲᠥᠰᠦᠪ ᠨᠢ ᠴᠢᠭ᠌ᠯᠡᠯ᠎ᠢ ᠵᠢᠷᠤᠭ᠍ᠯᠠᠭ᠍ᠰᠠᠨ ᠪᠣᠯᠪᠠᠴᠤ᠌ ᠪᠣᠳᠠᠲᠠᠢ ᠠᠷᠭ᠎ᠠ ᠵᠠᠮ ᠨᠢ ᠦᠨᠳᠦᠰᠦᠨ ᠱᠠᠲᠤᠨ᠎ᠤ ᠤᠶᠤᠨ ᠤᠬᠠᠭᠠᠨ ᠪᠣᠯᠤᠨ ᠰᠠᠭᠤᠭᠠᠯᠢ ᠠᠷᠠᠳ᠎ᠲᠦ ᠲᠦᠰᠢᠭᠯᠡᠨ᠎ᠡ᠃

ᠵᠠᠩᠭᠢᠯᠠᠭ᠎ᠠ᠎ᠶ᠋ᠢᠨ ᠨᠢᠭᠡᠳᠦᠭᠡᠷ ᠠᠯᠬᠤᠮ ᠪᠣᠯ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》᠎ᠢ᠋ ᠨᠢᠭ᠍ᠲᠠᠷᠠᠭᠤᠯᠤᠨ᠂ 《ᠪᠡᠶ᠎ᠡ᠎ᠪᠡᠨ ᠳᠠᠭᠠᠭᠠᠬᠤ》᠎ᠵᠢ ᠠᠬᠢᠭᠤᠯᠬᠤ ᠶᠠᠪᠤᠳᠠᠯ ᠪᠤᠯᠤᠨ᠎ᠠ᠃ 《ᠨᠤᠷᠠᠬᠤ ᠠᠶᠤᠯᠲᠠᠢ ᠵᠢᠷᠭᠤᠭᠠᠨ ᠠᠰᠠᠷ》᠎ᠢ᠋ ᠥᠭᠡᠷᠡᠴᠢᠯᠡᠨ ᠪᠠᠢᠭᠤᠯᠬᠤ ᠨᠠᠷᠢᠨ ᠪᠤᠳᠤᠯᠢᠶᠠᠨᠲᠠᠶ ᠵᠥᠪᠯᠡᠬᠦ᠌ ᠰᠡᠳᠦᠪ᠎ᠦᠨ ᠡᠮᠦᠨ᠎ᠡ᠂ ᠬᠠᠷᠢᠶ᠎ᠠ ᠨᠠᠨ ᠭᠧ ᠳ᠋ᠦᠩ ᠵᠡᠭᠡᠯᠢ ᠭᠤᠳᠤᠮᠵᠢ ᠪᠣᠯᠤᠨ ᠵᠢᠨ ᠯᠦᠩ ᠸᠠᠩ ᠮᠢᠶᠤᠤ ᠨᠡᠢᠭᠡᠮ ᠲᠣᠭᠣᠷᠢᠭ᠎ᠲᠤ ᠳᠥᠭᠥᠮᠬᠡᠨ ᠣᠷᠣᠯᠠᠨ ᠭᠦᠶ᠋ᠴᠡᠳᠭᠡᠬᠦ᠌ ᠲᠣᠭ᠍ᠲᠠᠭᠠᠯ ᠭᠠᠷᠭᠠᠭ᠍ᠰᠠᠨ ᠥᠬᠡᠶ᠂ ᠬᠠᠷᠢᠨ ᠰᠠᠭᠤᠭᠠᠯᠢ ᠠᠷᠠᠳ᠎ᠤᠨ ᠶᠠᠷᠢᠯᠴᠠᠬᠤ ᠬᠤᠷᠠᠯ᠂ ᠪᠥᠬᠥ᠌ ᠥᠮᠴᠢᠲᠡᠨ᠎ᠦ ᠶᠡᠬᠡ ᠬᠤᠷᠠᠯ᠎ᠢ ᠵᠠᠯᠭᠠᠭ᠎ᠠ᠎ᠪᠠᠷ ᠵᠣᠬᠢᠶᠠᠨ ᠪᠠᠢᠭᠤᠯᠤᠨ ᠬᠤᠷᠠᠯᠳᠤᠭᠤᠯᠵᠤ᠂ ᠭᠦᠶ᠋ᠴᠡᠳ ᠨᠡᠪᠲᠡᠷᠡᠯᠴᠡᠵᠦ᠍᠂ ᠠᠷᠠᠳ᠎ᠤᠨ ᠰᠠᠨᠠᠭ᠎ᠠ᠎ᠶ᠋ᠢ ᠰᠣᠨᠣᠰᠪᠠ᠃ ᠳᠠᠬᠢᠨ ᠳᠠᠪᠲᠠᠨ ᠪᠣᠳᠣᠯᠬᠢᠯᠠᠬᠤ ᠪᠠ ᠠᠷᠠᠳᠴᠢᠯᠠᠯ᠎ᠢᠶᠠᠷ ᠲᠠᠨᠢᠯᠴᠠᠭᠤᠯᠬᠤ ᠳᠤᠮᠳᠠ᠂ 156 ᠡᠷᠦᠬᠡ ᠰᠠᠭᠤᠭᠠᠯᠢ ᠠᠷᠠᠳ ᠪᠢᠯᠧᠲ ᠥᠭ᠌ᠴᠦ ᠰᠣᠩᠭᠣᠨ ᠭᠠᠷᠭᠠᠭ᠍ᠰᠠᠨ 《ᠠᠵᠤ ᠦᠢᠯᠡᠳᠪᠦᠷᠢ ᠵᠠᠮ᠎ᠤᠨ 〈ᠨᠤᠷᠠᠬᠤ ᠠᠶᠤᠯᠲᠠᠢ ᠵᠢᠷᠭᠤᠭᠠᠨ ᠠᠰᠠᠷ〉᠎ᠤ᠋ᠨ ᠥᠮᠴᠢᠲᠡᠨ᠎ᠦ ᠪᠡᠶ᠎ᠡ᠎ᠪᠡᠨ ᠳᠠᠭᠠᠭᠠᠵᠤ ᠱᠢᠨᠡᠳᠭᠡᠬᠦ᠌ ᠵᠥᠪᠯᠡᠯ》 2024 ᠣᠨ᠎ᠤ ᠰᠡᠭᠦᠯᠴᠢ᠎ᠪᠡᠷ ᠵᠢᠩᠬᠢᠨᠢ᠎ᠪᠡᠷ ᠪᠠᠢᠭᠤᠯᠤᠭᠳᠠᠵᠠᠢ᠃ ᠡᠩ᠎ᠦᠨ ᠴᠠᠭ᠎ᠲᠤ ᠦᠭᠡ ᠬᠡᠯᠡᠬᠦ᠌ ᠵᠣᠷᠢᠭ᠎ᠲᠠᠶ᠂ ᠨᠡᠢᠲᠡ᠎ᠶ᠋ᠢᠨ ᠠᠰᠠᠷᠠᠮᠵᠢ᠎ᠳᠤ ᠬᠠᠯᠠᠭᠤᠨ ᠰᠡᠳᠭᠢᠯ᠎ᠲᠡᠶ ᠮᠠ ᠶᠢᠦ ᠵᠥᠪᠯᠡᠯ᠎ᠦᠨ ᠡᠷᠬᠢᠯᠡᠭ᠌ᠴᠢ᠎ᠪᠡᠷ ᠰᠣᠩᠭᠣᠭ᠍ᠳᠠᠪᠠ᠃ 《ᠪᠦᠷ ᠥᠪᠡᠷ᠎ᠢᠶᠡᠷ ᠵᠣᠭᠣᠰ ᠭᠠᠷᠭᠠᠨ᠎ᠠ ᠦᠦ?》 《ᠬᠡᠷᠪᠡ ᠬᠠᠭᠠᠰ ᠨᠢ ᠶᠠᠪᠤᠭᠳᠠᠭᠠᠳ ᠵᠠᠯᠭᠠᠭᠠᠳ ᠶᠠᠪᠤᠭᠳᠠᠵᠤ ᠲᠡᠢᠯᠬᠦ ᠦᠭᠡᠢ ᠪᠣᠯᠪᠠᠯ ᠶᠠᠭᠠᠬᠢᠬᠤ ᠪᠤᠢ?》 《ᠪᠢᠳᠡ ᠪᠠᠷᠢᠯᠭ᠎ᠠ᠎ᠶ᠋ᠢ ᠤᠢᠯᠠᠭᠠᠬᠤ ᠦᠭᠡᠢ᠂ ᠰᠠᠢᠨ ᠬᠠᠮᠢᠶᠠᠷᠴᠤ᠌ ᠴᠢᠳᠠᠨ᠎ᠠ ᠦᠦ?᠁ ᠡᠲᠡᠭᠡᠷ ᠦᠨᠡᠨ ᠪᠣᠳᠠᠲᠠᠶ ᠡᠷᠡᠭᠡᠯᠵᠡᠯ᠎ᠦᠨ ᠡᠮᠦᠨ᠎ᠡ᠂ ᠨᠡᠢᠭᠡᠮ ᠲᠣᠭᠣᠷᠢᠭ᠎ᠤᠨ ᠠᠵᠢᠯᠲᠠᠨ᠂ ᠠᠬᠠᠮᠠᠳ ᠨᠠᠮ᠎ᠤᠨ ᠭᠡᠱᠢᠭᠦᠨ᠂ ᠳ᠋ᠦᠩ ᠾᠧ ᠲᠣᠭᠣᠷᠢᠭ᠎ᠤᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ᠎ᠶ᠋ᠢᠨ ᠺᠠᠳ᠋ᠷᠴᠤᠳ᠎ᠢᠶᠠᠷ ᠪᠦᠷᠢᠯᠳᠦᠭ᠌ᠰᠡᠨ《ᠲᠦᠷ ᠴᠠᠭ᠎ᠤᠨ ᠨᠠᠮ᠎ᠤᠨ ᠡᠭᠦᠷ》᠎ᠨᠢ ᠮᠠ ᠶᠢᠦ᠍᠎ᠶ᠋ᠢᠨ ᠳᠠᠭᠠᠭᠤᠯᠤᠭ᠍ᠰᠠᠨ 《ᠪᠡᠶ᠎ᠡ᠎ᠪᠡᠨ ᠳᠠᠭᠠᠭᠠᠵᠤ ᠱᠢᠨᠡᠳᠭᠡᠬᠦ᠌ ᠵᠥᠪᠯᠡᠯ》 ᠎ᠤ᠋ᠨ ᠭᠡᠱᠢᠭᠦᠳ᠎ᠲᠡᠶ ᠬᠠᠮᠲᠤᠷᠠᠯᠴᠠᠨ ᠬᠦᠳᠡᠯᠦᠯᠴᠡᠪᠡ᠃ ᠲᠡᠳᠡ ᠲᠥᠷᠥ᠎ᠶ᠋ᠢᠨ ᠪᠣᠳᠣᠯᠭ᠎ᠠ᠎ᠶ᠋ᠢᠨ 《ᠣᠷᠴᠢᠭᠤᠯᠤᠭ᠍ᠴᠢ》 ᠪᠠ ᠢᠲᠡᠭᠡᠯ ᠵᠣᠷᠢᠭ᠎ᠤᠨ 《ᠦᠷ᠎ᠡ ᠰᠠᠴᠤᠬᠴᠢ》 ᠪᠤᠯᠵᠤ ᠡᠷᠦᠬᠡ ᠪᠤᠯᠭᠠᠨ᠎ᠢᠶᠡᠷ ᠰᠤᠷᠪᠤᠯᠵᠢᠯᠠᠵᠤ᠂ ᠲᠠᠬᠢᠨ ᠲᠠᠪᠳᠠᠨ ᠨᠠᠷᠢᠨ ᠬᠢᠨᠠᠮᠠᠭᠠᠢ ᠪᠡᠷ《ᠣᠳᠣ ᠤᠯᠤᠰ᠎ᠡᠴᠡ ᠰᠠᠢᠨ ᠲᠥᠷᠥ᠎ᠶ᠋ᠢᠨ ᠪᠣᠳᠣᠯᠭ᠎ᠠ᠎ᠭᠠᠷᠭᠠᠵᠤ ᠨᠢᠭᠡ ᠬᠡᠰᠡᠭ᠎ᠢ ᠨᠢ ᠳᠡᠮᠵᠢᠵᠦ᠍ ᠪᠤᠢ᠂ ᠪᠢᠳᠡ ᠥᠪᠡᠷ᠎ᠢᠶᠡᠨ ᠨᠢᠭᠡ ᠬᠡᠰᠡᠭ᠎ᠢ ᠨᠢ ᠴᠤᠭ᠍ᠯᠠᠭᠤᠯᠤᠶ᠎ᠠ᠂ ᠪᠣᠳᠣᠪᠠᠯ ᠵᠠᠬ᠎ᠠ ᠳᠡᠯᠭᠡᠭᠦᠷ᠎ᠦᠨ ᠦᠨ᠎ᠡ᠎ᠪᠡᠷ ᠲᠠᠸᠠᠷ᠎ᠤᠨ ᠭᠡᠷ ᠪᠠᠢᠱᠢᠩ ᠬᠤᠳᠠᠯᠳᠤᠨ ᠠᠪᠬᠤ᠎ᠡᠴᠡ ᠬᠣᠯᠠ ᠢᠯᠡᠭᠦᠦ ᠠᠱᠢᠭ᠎ᠲᠠᠶ! ᠨᠠᠩ ᠴᠢᠬᠤᠯᠠ ᠨᠢ ᠪᠢᠳᠡ ᠥᠪᠡᠷ᠎ᠵᠢᠡᠨ ᠡᠵᠡᠨ ᠮᠡᠳᠡᠨ᠎ᠡ᠂ ᠰᠣᠯᠢᠵᠤ ᠠᠪᠴᠢᠷᠠᠭ᠍ᠰᠠᠨ ᠨᠢ ᠴᠣ ᠱᠢᠨ᠎ᠡ᠂ ᠠᠮᠤᠷ ᠲᠦᠪᠱᠢᠨ ᠲᠠᠭᠠᠯᠠᠮᠵᠢᠲᠠᠶ ᠭᠡᠷ ᠪᠠᠢᠰᠢᠩ ᠶᠤᠮ》 ᠭᠡᠵᠦ ᠲᠠᠢᠯᠪᠦᠷᠢᠯᠠᠵᠤ᠂ ᠦᠵᠡᠯ ᠰᠠᠨᠠᠭᠠᠨ᠎ᠤ ᠮᠠᠳᠠᠭ ᠡᠭᠡᠳᠡᠷᠡᠭᠡ᠎ᠶᠢ ᠦᠨᠡᠨᠴᠢ ᠰᠡᠳᠭᠢᠯᠭᠡ ᠪᠡᠷ ᠲᠠᠢᠯᠵᠤ ᠪᠠᠢᠯ᠎ᠠ᠃ ᠰᠠᠭᠤᠭᠠᠯᠢ ᠠᠷᠠᠳ᠎ᠤᠨ ᠲᠦᠷᠢ ᠴᠦ᠍ ᠦᠨᠳᠦᠰᠦᠨ ᠴᠢᠨᠠᠷᠲᠠᠢ ᠬᠤᠪᠢᠷᠠᠯᠲᠠ ᠭᠠᠷᠴᠤ᠌᠂ ᠡᠨᠡ ᠬᠦ᠌ ᠭᠡᠷ ᠣᠷᠣᠨ᠎ᠤ ᠱᠢᠨᠡᠴᠢᠯᠡᠯᠲᠡ᠎ᠶ᠋ᠢᠨ ᠠᠵᠢᠯᠯᠠᠭ᠎ᠠ᠎ᠶ᠋ᠢᠨ ᠱᠢᠢᠳᠪᠦᠷᠢᠲᠦ ᠪᠤᠳᠤᠯᠭ᠎ᠠ᠎ᠶ᠋ᠢᠨ ᠭᠣᠣᠯ ᠴᠣᠭ᠍ᠴᠠ ᠪᠠ 《ᠬᠦᠬᠡ ᠡᠲᠡᠭᠡᠳ》 ᠪᠣᠯᠵᠠᠢ᠃

《ᠪᠡᠶ᠎ᠡ᠎ᠪᠡᠨ ᠳᠠᠭᠠᠭᠠᠬᠤ》 ᠴᠤ᠌ ᠢᠯᠡ ᠲᠣᠳᠣ ᠭᠣᠣᠯ ᠱᠢᠵᠢᠮ ᠪᠤᠯᠵᠤ ᠵᠢᠷᠤᠭ ᠲᠥᠯᠥᠪᠯᠡᠭᠡ᠎ᠶ᠋ᠢ ᠵᠢᠷᠤᠵᠤ ᠲᠥᠯᠥᠪᠯᠡᠭ᠌ᠰᠡᠨ᠎ᠡᠴᠡ ᠠᠰᠠᠷ᠎ᠤᠨ ᠣᠷᠣᠢ᠎ᠶ᠋ᠢ ᠪᠢᠲᠡᠭᠦᠮᠵᠢᠯᠡᠭ᠌ᠰᠡᠨ ᠪᠦᠬᠦ᠌ ᠶᠠᠪᠤᠴᠠ᠎ᠳᠤ ᠲᠤᠭᠤᠰᠢᠯᠠᠭᠳᠠᠭᠰᠠᠨ ᠪᠠᠢᠨ᠎ᠠ᠃  ᠦᠷᠦᠭᠡ᠎ᠶᠢ ᠵᠢᠷᠤᠵᠤ ᠲᠥᠯᠥᠪᠯᠡᠬᠦ᠌ ᠱᠠᠲᠤᠨ᠎ᠳᠤ᠂《ᠪᠡᠶ᠎ᠡ᠎ᠪᠡᠨ ᠳᠠᠭᠠᠭᠠᠵᠤ ᠱᠢᠨᠡᠳᠭᠡᠬᠦ᠌ ᠵᠥᠪᠯᠡᠯ》ᠤ᠋ᠨ ᠵᠢᠷᠭᠢᠶ᠎ᠡ ᠨᠢ ᠬᠠᠮᠤᠭ᠎ᠤᠨ ᠬᠥᠭ᠌ᠵᠢᠶᠡᠨᠲᠡᠢ《ᠡᠭᠦᠯᠡᠨ ᠦᠵᠦᠭᠦᠷᠯᠢᠭ᠎ᠦᠨ ᠬᠡᠷᠡᠭ ᠵᠥᠪᠯᠡᠬᠦ᠌ ᠲᠢᠩᠬᠢᠮ》 ᠪᠣᠯᠪᠠ᠃ ᠦᠷᠦᠭᠡᠨ ᠤ᠋ ᠲᠠᠯᠠᠪᠠᠢ ᠵᠢᠨ ᠶᠡᠬᠡ ᠪᠠᠭ᠎ᠠ᠂ ᠦᠷᠦᠭᠡᠨ ᠤ᠋ ᠪᠠᠢᠷᠢᠱᠢᠯ᠂ ᠴᠢᠳᠠᠮᠵᠢ᠎ᠶ᠋ᠢᠨ ᠪᠠᠢᠷᠢᠯᠠᠭᠤᠯᠤᠯᠲᠠ᠎ᠶ᠋ᠢᠨ ᠲᠤᠬᠠᠢ ᠵᠠᠭᠤ ᠭᠠᠷᠤᠢ ᠵᠤᠷᠪᠤᠰ ᠰᠠᠨᠠᠯ ᠪᠠ ᠬᠦᠰᠡᠯ ᠡᠷᠡᠮᠡᠯᠵᠡᠯ ᠡᠯ᠎ᠡ ᠠᠢᠯ ᠡᠷᠦᠬᠡ᠎ᠡᠴᠡ ᠴᠤᠭ᠍ᠯᠠᠷᠠᠨ ᠢᠷᠡᠵᠡᠢ᠃ ᠮᠠ ᠶᠢᠤ ᠭᠡᠱᠢᠭᠦᠳ ᠲᠠᠢ ᠪᠡᠨ ᠬᠠᠮᠳᠤ ᠪᠡᠷ ᠡᠳᠡᠭᠡᠷ ᠠᠷᠠᠳ᠎ᠤᠨ ᠬᠦᠰᠡᠯ ᠰᠠᠨᠠᠭ᠎ᠠ᠎ᠶ᠋ᠢ ᠨᠠᠷᠢᠨ ᠨᠢᠮᠪᠠᠢ ᠡᠮᠬᠢᠯᠡᠵᠦ᠍᠂ ᠲᠤᠰᠭᠠᠢ ᠵᠢᠷᠤᠭ ᠲᠥᠯᠥᠪᠯᠡᠭᠡᠨ᠎ᠦ ᠨᠢᠭᠡᠴᠢ᠎ᠲᠡᠶ ᠤᠯᠠᠨᠳᠠ ᠵᠥᠪᠳᠡᠯᠴᠡᠵᠦ᠍᠂ ᠵᠠᠰᠠᠪᠤᠷᠢ ᠣᠷᠣᠭᠤᠯᠪᠠ᠃ ᠡᠴᠦᠰ᠎ᠲᠦ ᠲᠥᠷᠥ᠎ᠶ᠋ᠢᠨ ᠪᠣᠳᠣᠯᠭ᠎ᠠ᠎ᠶ᠋ᠢᠨ ᠱᠠᠩᠨᠠᠯ ᠨᠥᠬᠥᠪᠥᠷᠢ᠎ᠶ᠋ᠢᠨ ᠪᠠᠯᠠ ᠮᠥᠩᠭᠥ᠎ᠶ᠋ᠢ ᠭᠦᠶ᠋ᠴᠡᠳ ᠠᠱᠢᠭ᠍ᠯᠠᠨ᠂ ᠬᠤᠳᠠᠯᠳᠤᠭᠠᠨ᠎ᠤ ᠲᠦᠬᠦᠭᠡᠷᠦᠮᠵᠢ᠎ᠶ᠋ᠢ ᠤᠷᠠᠨ᠎ᠢᠶᠠᠷ ᠣᠷᠣᠭᠤᠯᠤᠨ ᠠᠪᠴᠢᠷᠠᠵᠤ ᠨᠡᠢᠭᠡᠮ ᠲᠣᠭᠣᠷᠢᠭ᠎ᠢ ᠲᠡᠳᠬᠦᠬᠦ᠌ ᠵᠡᠷᠭᠡ ᠱᠢᠨ᠎ᠡ᠎ᠶ᠋ᠢ ᠡᠭᠦᠳᠬᠦ᠌ ᠲᠣᠭ᠍ᠲᠠᠴᠠ᠎ᠶ᠋ᠢᠨ ᠳᠡᠮᠵᠢᠯᠭᠡ ᠳᠤᠤᠷ᠎ᠠ᠂ ᠱᠢᠨ᠎ᠡ ᠪᠡᠷ ᠪᠠᠢᠭᠤᠯᠤᠭᠳᠠᠭᠰᠠᠨ 《ᠵᠢᠶᠠ ᠾᠸ ᠱᠢᠨ᠎ᠡ ᠰᠠᠭᠤᠴᠠ》ᠨᠢ ᠬᠥᠮᠦᠰ᠎ᠢ ᠰᠣᠴᠢᠭᠠᠮ᠎ᠠ ᠬᠤᠪᠢᠷᠠᠯᠲᠠ᠎ᠶ᠋ᠢ ᠪᠡᠶᠡᠯᠡᠭᠦᠯᠵᠡᠶ᠄ ᠡᠷᠦᠬᠡ ᠳᠤᠮᠳᠠᠴᠢ ᠵᠢᠨ ᠪᠠᠷᠢᠯᠭ᠎ᠠ᠎ᠶ᠋ᠢᠨ ᠲᠠᠯᠠᠪᠠᠶ ᠨᠢ ᠤᠤᠯ᠎ᠤᠨ 46 ᠲᠡᠭ᠌ᠰᠢ ᠳᠥᠷᠪᠡᠯᠵᠢᠨ ᠮᠧᠲ᠋ᠷ ᠡᠴᠡ᠎ᠪᠠᠨ ᠨᠡᠮᠡᠭᠳᠡᠭᠡᠳ 82.8 ᠲᠡᠭ᠌ᠰᠢ ᠳᠥᠷᠪᠡᠯᠵᠢᠨ ᠮᠧᠲ᠋ᠷ ᠪᠣᠯᠤᠭ᠍ᠰᠠᠨ ᠪᠥᠭᠡᠳ 47 ᠲᠡᠭ᠌ᠰᠢ ᠳᠥᠷᠪᠡᠯᠵᠢᠨ ᠮᠧᠲ᠋ᠷ᠎ᠡᠴᠡ 102 ᠲᠡᠭ᠌ᠰᠢ ᠳᠥᠷᠪᠡᠯᠵᠢᠨ ᠮᠧᠲ᠋ᠷ ᠬᠦᠷᠲᠡᠯᠡᠬᠢ 6 ᠵᠦᠶ᠋ᠯ᠎ᠦᠨ ᠦᠷᠦᠭᠡ ᠵᠢ ᠨᠠᠷᠢᠯᠢᠭ ᠵᠢᠷᠤᠵᠤ ᠲᠥᠯᠥᠪᠯᠡᠨ᠂ ᠠᠳᠠᠯᠢ ᠪᠤᠰᠤ ᠬᠡᠷ ᠪᠦᠯᠢ᠎ᠶ᠋ᠢᠨ ᠣᠯᠠᠨ ᠡᠱᠢᠵᠢᠭ᠌ᠰᠡᠨ ᠬᠡᠷᠡᠭ᠌ᠴᠡᠭᠡ᠎ᠶ᠋ᠢ ᠬᠠᠩᠭᠠᠪᠠ᠃ ᠨᠠᠩ ᠴᠤ᠌ ᠰᠠᠭᠤᠭᠠᠯᠢ ᠠᠷᠠᠳ᠎ᠤᠨ ᠪᠠᠶᠠᠷᠯᠠᠭᠤᠱᠢᠲᠠᠶ ᠤᠴᠢᠷ ᠭᠡᠪᠡᠯ᠂ ᠱᠢᠨᠡᠳᠭᠡᠭ᠌ᠰᠡᠨ᠎ᠦ ᠳᠠᠷᠠᠭᠠᠬᠢ ᠵᠦᠶ᠋ᠯᠡᠰ᠎ᠢ ᠪᠠᠰᠠ ᠱᠢᠯᠢᠳᠡᠭ ᠰᠤᠷᠭᠠᠭᠤᠯᠢ᠎ᠶ᠋ᠢᠨ ᠲᠣᠭᠣᠷᠢᠭ᠎ᠤᠨ ᠬᠡᠪᠴᠢᠶᠡᠨ᠎ᠳᠦ ᠣᠷᠣᠭᠤᠯᠤᠭ᠍ᠰᠠᠨ ᠪᠠᠢᠨ᠎ᠠ᠃

ᠪᠡᠯᠡ ᠮᠥᠩᠭᠥ᠎ᠶ᠋ᠢᠨ ᠬᠡᠷᠡᠭ᠌ᠯᠡᠯᠲᠡ ᠪᠣᠯ ᠰᠠᠭᠤᠭᠠᠯᠢ ᠠᠷᠠᠳ᠎ᠤᠨ ᠠᠩᠬᠠᠷᠤᠯ᠎ᠤᠨ ᠭᠣᠣᠯᠳᠠᠯᠭ᠎ᠠ ᠮᠥᠨ᠃ ᠪᠡᠶ᠎ᠡ᠎ᠪᠡᠨ ᠳᠠᠭᠠᠭᠠᠵᠤ ᠱᠢᠨᠡᠳᠭᠡᠬᠦ᠌ ᠵᠠᠭ᠍ᠪᠤᠷ ᠨᠢ ᠰᠠᠭᠤᠭᠠᠯᠢ ᠠᠷᠠᠳ᠎ᠤᠨ ᠥᠪᠡᠷ᠎ᠢᠶᠡᠨ ᠪᠡᠯᠡ ᠮᠥᠩᠭᠥ᠌ ᠴᠤᠭ᠍ᠯᠠᠭᠤᠯᠬᠤ᠎ᠪᠠᠷ ᠭᠣᠣᠯ ᠪᠣᠯᠭᠠᠵᠤ᠂ ᠮᠥᠩᠭᠥ᠌ ᠪᠦᠷᠢ᠎ᠶ᠋ᠢ ᠴᠥᠮ ᠡᠷᠬᠡᠪᠰᠢ ᠴᠢᠬᠤᠯᠠᠲᠠᠢ ᠭᠠᠵᠠᠷ᠎ᠲᠤᠨᠢ ᠵᠠᠷᠤᠴᠠᠭᠤᠯᠵᠤ᠂ ᠪᠦᠬᠦ᠌ ᠥᠮᠴᠢᠲᠡᠨ᠎ᠦ ᠬᠢᠨᠠᠯᠲᠠ᠎ᠶ᠋ᠢ ᠬᠦᠯᠢᠶᠡᠬᠦ ᠬᠡᠷᠡᠭᠳᠡᠢ᠃ ᠡᠭᠦᠨ ᠳ᠋ᠤ 《ᠪᠡᠶ᠎ᠡ᠎ᠪᠡᠨ ᠳᠠᠭᠠᠭᠠᠵᠤ ᠱᠢᠨᠡᠳᠭᠡᠬᠦ᠌ ᠵᠥᠪᠯᠡᠯ》 ᠤ᠋ᠨ ᠪᠦᠷᠢᠯᠳᠦᠬᠦᠨ ᠳ᠋ᠦᠩ ᠶᠣᠣ ᠦ᠋ ᠰᠠᠨᠠᠭᠠᠴᠢᠯᠠᠭ᠎ᠠ᠎ᠡᠴᠡ᠎ᠪᠠᠨ 《ᠠᠯᠪᠠᠨ ᠵᠢᠷᠤᠮ᠎ᠤᠨ ᠠᠵᠢᠯ ᠬᠢᠨᠠᠬᠴᠢ》 ᠵᠢᠨ ᠬᠠᠷᠢᠭᠤᠴᠠᠯᠭ᠎ᠠ ᠵᠢ ᠡᠭᠦᠷᠭᠡᠯᠡᠵᠦ᠍᠂ ᠲᠡᠷᠡ ᠪᠠᠷᠤᠭ ᠡᠳᠦᠷ ᠪᠤᠯᠭᠠᠨ ᠪᠠᠷᠢᠯᠭ᠎ᠠ᠎ᠶ᠋ᠢᠨ ᠭᠠᠵᠠᠷ᠎ᠲᠤ《ᠰᠠᠭᠤᠵᠤ》᠂ ᠠᠮᠤᠷ ᠲᠦᠪᠱᠢᠨ᠎ᠦ ᠮᠠᠯᠠᠭᠠᠢ᠎ᠪᠠᠨ ᠵᠡᠭᠦᠵᠦ᠍᠂ ᠲᠥᠰᠦᠪ ᠪᠣᠯᠤᠨ ᠪᠠᠷᠢᠯᠭ᠎ᠠ᠎ᠶ᠋ᠢᠨ ᠵᠢᠷᠤᠭ ᠲᠥᠰᠦᠪ᠎ᠲᠡᠶ᠎ᠪᠡᠨ ᠬᠠᠷᠭᠤᠭᠤᠯᠵᠤ᠂ ᠮᠠᠲ᠋ᠧᠷᠢᠶᠠᠯ᠎ᠢ ᠨᠠᠷᠢᠨ ᠪᠠᠢᠴᠠᠭᠠᠨ ᠦᠵᠡᠵᠦ᠍᠂ ᠪᠠᠷᠢᠯᠭ᠎ᠠ᠎ᠶ᠋ᠢᠨ ᠠᠬᠢᠴᠠ᠎ᠶ᠋ᠢ ᠠᠩᠬᠠᠷᠴᠤ᠌᠂ ᠵᠠᠷᠤᠯᠭ᠎ᠠ ᠨᠢᠭᠡ ᠪᠦᠷᠢ᠎ᠶ᠋ᠢᠨ ᠵᠣᠬᠢᠰᠲᠠᠢ ᠴᠢᠨᠠᠷ ᠪᠣᠯᠤᠨ ᠢᠯᠡ ᠲᠣᠳᠣ᠎ᠶ᠋ᠢᠨ ᠬᠡᠮᠵᠢᠶ᠎ᠡ᠎ᠶ᠋ᠢ ᠠᠩᠬᠠᠷᠴᠤ᠌ ᠪᠠᠢᠯ᠎ᠠ᠃ 2025 ᠣᠨ᠎ᠤ 3 ᠰᠠᠷ᠎ᠠ᠎ᠳᠤ ᠪᠦᠬᠦ᠌ ᠰᠠᠭᠤᠭᠠᠯᠢ ᠠᠷᠠᠳ ᠭᠡᠷ᠎ᠡ ᠲᠣᠭ᠍ᠲᠠᠵᠤ᠂ ᠬᠠᠭᠤᠴᠢᠨ ᠠᠰᠠᠷ᠎ᠢ ᠨᠤᠷᠠᠭᠠᠵᠤ ᠡᠬᠢᠯᠡᠭ᠌ᠰᠡᠨ᠎ᠡᠴᠡ ᠲᠤᠰ ᠵᠢᠯ᠎ᠦᠨ 9 ᠰᠠᠷ᠎ᠠ᠎ᠳᠤ ᠱᠢᠨ᠎ᠡ ᠠᠰᠠᠷ᠎ᠤᠨ ᠭᠣᠣᠯ ᠴᠣᠭ᠍ᠴᠠ᠎ᠶ᠋ᠢᠨ ᠪᠦᠲᠦᠴᠡ᠎ᠶ᠋ᠢ ᠪᠦᠬᠦ᠌ ᠲᠠᠯ᠎ᠠ᠎ᠪᠠᠷ ᠪᠠᠢᠭᠤᠯᠵᠤ ᠲᠠᠭᠤᠰᠬᠤ ᠬᠦᠷᠲᠡᠯ᠎ᠡ᠂ ᠣᠬᠣᠷᠬᠠᠨ ᠬᠠᠭᠠᠰ ᠵᠢᠯ ᠭᠠᠷᠤᠢ᠎ᠶ᠋ᠢᠨ ᠬᠤᠭᠤᠴᠠᠭᠠᠨ᠎ᠳᠤ ᠥᠨᠳᠥᠷ ᠪᠦᠲᠦᠮᠵᠢᠲᠡᠢ ᠠᠬᠢᠭᠤᠯᠤᠭ᠍ᠰᠠᠨ ᠤ᠋ ᠠᠷᠤ᠎ᠳᠤ ᠰᠠᠭᠤᠭᠠᠯᠢ ᠠᠷᠠᠳ᠎ᠤᠨ ᠳᠡᠭᠡᠳᠦ ᠬᠡᠮᠵᠢᠶᠡᠨ᠎ᠦ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠭ᠍ᠰᠠᠨ ᠬᠦᠴᠦᠷᠬᠡᠭ ᠶᠡᠬᠡ ᠬᠠᠮᠲᠤᠷᠠᠯ ᠬᠦᠴᠦᠨ ᠪᠠ ᠳᠣᠲᠣᠭᠠᠳᠤ ᠬᠥᠳᠡᠯᠭᠡᠬᠦ᠌ ᠬᠦᠴᠦᠨ ᠪᠤᠢ᠃ 2025 ᠣᠨ᠎ᠤ 10 ᠰᠠᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭᠠᠰᠤᠨ᠎ᠤ ᠬᠠᠭᠤᠴᠢᠨ ᠣᠷᠣᠨ ᠰᠠᠭᠤᠴᠠ᠎ᠶᠢ ᠪᠡᠶ᠎ᠡ᠎ᠪᠡᠨ ᠳᠠᠭᠠᠭᠠᠵᠤ ᠱᠢᠨᠡᠳᠭᠡᠬᠦ᠌ ᠲᠤᠬᠠᠶ᠎ᠶ᠋ᠢᠨ ᠲᠠᠯᠠᠪᠠᠶ᠎ᠶ᠋ᠢᠨ ᠬᠤᠷᠠᠯ᠎ᠨᠢ 《ᠵᠢᠶᠠ ᠾᠸ ᠱᠢᠨ᠎ᠡ ᠰᠠᠭᠤᠴᠠ》 ᠶ᠋ᠢᠨ ᠪᠠᠷᠢᠯᠭ᠎ᠠ᠎ᠶ᠋ᠢᠨ ᠭᠠᠵᠠᠷ᠎ᠲᠤ ᠬᠤᠷᠠᠯᠳᠤᠵᠦ᠂ ᠪᠤᠭᠤᠲᠤ᠎ᠶ᠋ᠢᠨ 《ᠨᠤᠷᠠᠬᠤ ᠠᠶᠤᠯᠲᠠᠢ ᠵᠢᠷᠭᠤᠭᠠᠨ ᠠᠰᠠᠷ》 ᠤ᠋ᠨ ᠪᠡᠶ᠎ᠡ᠎ᠪᠡᠨ ᠳᠠᠭᠠᠭᠠᠵᠤ ᠱᠢᠨᠡᠳᠭᠡᠬᠦ᠌ ᠦᠶ᠋ᠯᠡᠳᠦᠯᠭᠡ᠎ᠶ᠋ᠢ ᠲᠤᠰᠭᠠᠢᠯᠠᠨ ᠰᠣᠩᠭᠣᠵᠤ᠂ ᠬᠠᠭᠤᠯᠪᠤᠷᠢᠯᠠᠵᠤ ᠪᠣᠯᠬᠤᠢᠴᠠ᠂ ᠳᠡᠯᠭᠡᠷᠡᠭᠦᠯᠵᠦ᠍ ᠪᠣᠯᠬᠤᠢᠴᠠ ᠠᠮᠢᠳᠤ ᠰᠣᠷᠭᠣᠭ ᠥᠯᠢᠭᠡᠷ ᠵᠠᠭᠪᠤᠷ ᠪᠣᠯᠭᠠᠵᠤ᠂ ᠪᠥᠬᠥ᠌ ᠣᠷᠣᠨ᠎ᠤ ᠲᠣᠭᠣᠷᠢᠨ ᠦᠵᠡᠬᠦ᠌᠎ᠶ᠋ᠢ ᠬᠦᠯᠢᠶᠡᠪᠡ᠃

ᠬᠣᠲᠠ᠎ᠶ᠋ᠢᠨ ᠱᠢᠨᠡᠴᠢᠯᠡᠯᠳᠡ᠎ᠨᠢ ᠶᠡᠷᠦ᠍᠎ᠡᠴᠡ ᠳᠥᠭᠥᠮᠬᠡᠨ᠎ᠢᠶᠡᠷ ᠨᠤᠷᠠᠭᠠᠵᠤ ᠳᠠᠬᠢᠨ ᠪᠠᠢᠭᠤᠯᠬᠤ ᠶᠠᠪᠤᠳᠠᠯ ᠪᠢᠰᠢ᠂ ᠲᠡᠷᠡ᠎ᠨᠢ ᠹᠢᠽᠢᠺ᠎ᠦᠨ ᠣᠷᠣᠨ ᠵᠠᠶ᠎ᠶ᠋ᠢᠨ ᠳᠠᠬᠢᠨ ᠴᠣᠭ᠍ᠴᠠᠯᠠᠯᠲᠠ᠎ᠲᠠᠶ ᠬᠣᠯᠪᠣᠭ᠍ᠳᠠᠨ᠎ᠠ᠂ ᠨᠠᠩ ᠴᠤ᠌ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠤᠨ ᠮᠥᠨ ᠴᠢᠨᠠᠷ᠎ᠤᠨ ᠰᠠᠢᠵᠢᠷᠠᠯᠲᠠ ᠬᠢᠭᠡᠳ ᠨᠡᠢᠭᠡᠮ ᠲᠣᠭᠣᠷᠢᠭ᠎ᠤᠨ ᠬᠥᠷᠰᠢ ᠵᠡᠷᠭᠡᠯᠡᠳᠡᠭᠡ᠎ᠶ᠋ᠢᠨ ᠬᠠᠢᠷ᠎ᠠ ᠰᠡᠳᠭᠢᠯᠭᠡ᠎ᠶ᠋ᠢᠨ ᠦᠷᠭᠦᠯᠵᠢᠯᠡᠬᠦ᠌ ᠪᠠ ᠳᠡᠭᠡᠭ᠌ᠰᠢᠯᠡᠬᠦ᠌᠎ᠲᠡᠶ ᠬᠣᠯᠪᠣᠭ᠍ᠳᠠᠨ᠎ᠠ᠃ ᠤᠳᠠᠯ ᠥᠬᠡᠶ ᠪᠥᠬᠥ᠌ ᠲᠠᠯ᠎ᠠ᠎ᠪᠠᠷ ᠠᠵᠢᠯ ᠳᠠᠭᠤᠰᠭᠤ ᠭᠡᠵᠦ᠍ ᠪᠠᠢᠭ᠎ᠠ 《ᠵᠢᠶᠠ ᠾᠸ ᠱᠢᠨ᠎ᠡ ᠰᠠᠭᠤᠴᠠ》 ᠨᠢ ᠪᠠᠲᠤ ᠪᠠᠬᠢ ᠭᠣᠶᠣ ᠰᠠᠢᠬᠠᠨ ᠠᠰᠠᠷ᠎ᠲᠠᠶ ᠪᠠᠢᠬᠤ᠎ᠪᠠᠷ ᠪᠠᠷᠠᠬᠤ ᠥᠬᠡᠶ᠂ ᠨᠠᠩ ᠴᠤ᠌ ᠲᠡᠷᠭᠡᠨ ᠵᠣᠭ᠍ᠰᠣᠭᠠᠯ᠂ ᠠᠷᠠᠳ᠎ᠲᠤ ᠲᠥᠬᠥᠮ ᠦᠵᠡᠭᠦᠯᠬᠦ᠌ ᠴᠠᠬᠢᠯᠭᠠᠨ ᠴᠡᠨᠡᠭ᠌ᠯᠡᠬᠦ᠌ ᠱᠣᠩ᠂ ᠰᠡᠯᠡᠭᠦᠴᠡᠨ ᠪᠤᠯᠪᠠᠰᠤᠷᠠᠬᠤ ᠣᠷᠣᠨ ᠪᠦᠰᠡ᠎ᠶ᠋ᠢ ᠭᠦᠶ᠋ᠴᠡᠳ ᠲᠥᠯᠥᠪᠵᠢᠭᠦᠯᠦᠭ᠌ᠰᠡᠨ ᠪᠠᠢᠨ᠎ᠠ᠂ ᠢᠷᠡᠭᠡᠳᠦᠶ᠎ᠳᠦ ᠪᠠᠰᠠ ᠲᠤᠰᠭᠠᠶ ᠮᠡᠷᠭᠡᠵᠢᠯ᠎ᠦᠨ ᠠᠳᠠᠯ ᠠᠬᠤᠶ᠎ᠶ᠋ᠢᠨ ᠦᠶ᠋ᠯᠡᠴᠢᠯᠡᠭᠡ ᠪᠠ ᠨᠡᠢᠭᠡᠮ ᠲᠣᠭᠣᠷᠢᠭ᠎ᠤᠨ ᠬᠤᠳᠠᠯᠳᠤᠭᠠᠨ᠎ᠤ ᠢᠵᠢ ᠪᠥᠷᠢᠳᠦᠯ᠎ᠢ ᠪᠡᠶᠡᠯᠡᠭᠦᠯᠦᠨ᠎ᠠ᠃ ᠬᠠᠭᠤᠴᠢᠨ ᠬᠥᠷᠰᠢ ᠰᠠᠭᠠᠬᠠᠯᠲᠠ᠎ᠶ᠋ᠢᠨ ᠬᠡᠳᠦᠨ ᠠᠷᠪᠠᠨ ᠵᠢᠯ᠎ᠳᠦ ᠬᠤᠷᠠᠮᠳᠤᠭᠤᠯᠤᠭ᠍ᠰᠠᠨ ᠰᠠᠬᠢᠨ ᠪᠠᠷᠠᠯᠠᠵᠥ᠍ ᠬᠠᠷᠢᠯᠴᠠᠨ ᠬᠠᠪᠰᠤᠷᠤᠯᠴᠠᠬᠤ ᠬᠠᠢᠷ᠎ᠠ ᠰᠡᠳᠭᠢᠯᠭᠡ ᠨᠢ ᠣᠳᠣᠬᠢᠴᠢᠯᠠᠭ᠍ᠰᠠᠨ᠂ ᠣᠷᠣᠱᠢᠨ ᠰᠠᠭᠤᠷᠢᠰᠢᠬᠤ᠎ᠳᠤ ᠲᠠᠭᠠᠯᠠᠮᠵᠢᠲᠠᠢ ᠱᠢᠨ᠎ᠡ ᠣᠷᠴᠢᠨ ᠨᠦᠬᠦᠴᠡᠯ᠎ᠳᠤ ᠦᠷᠭᠦᠯᠵᠢᠯᠡᠬᠦ᠌ ᠪᠣᠯᠤᠨ᠎ᠠ᠃

《ᠰᠡᠳᠬᠢᠯ ᠵᠤᠪᠠᠨᠢᠬᠤ》 《ᠨᠤᠷᠠᠬᠤ ᠠᠶᠤᠯᠲᠠᠢ ᠵᠢᠷᠭᠤᠭᠠᠨ ᠠᠰᠠᠷ》 ᠡᠴᠡ 《ᠱᠢᠯᠢᠳᠡᠭ ᠣᠷᠣᠨ ᠰᠠᠭᠤᠴᠠ》 ᠪᠤᠯᠬᠤ 《ᠵᠢᠶᠠ ᠾᠸ ᠱᠢᠨ᠎ᠡ ᠰᠠᠭᠤᠴᠠ》 ᠬᠦᠷᠲᠡᠯ᠎ᠡ᠂ ᠨᠤᠷᠠᠬᠤ ᠠᠶᠤᠯᠲᠠᠢ ᠭᠡᠷ ᠪᠠᠢᠱᠢᠩ᠎ᠡᠴᠡ ᠴᠢᠳᠠᠮᠵᠢ ᠨᠢ ᠲᠡᠭᠦᠯᠳᠡᠷᠵᠢᠭ᠌ᠰᠡᠨ᠂ ᠣᠷᠴᠢᠨ ᠨᠦᠬᠦᠴᠡᠯ ᠨᠢ ᠭᠣᠢᠳᠠ ᠰᠠᠢᠬᠠᠨ ᠤᠳᠤ ᠦᠶ᠎ᠡ᠎ᠶ᠋ᠢᠨ ᠨᠡᠢᠭᠡᠮ ᠲᠣᠭᠣᠷᠢᠭ ᠬᠦᠷᠲᠡᠯ᠎ᠡ᠂ ᠪᠤᠭᠤᠲᠤ ᠬᠤᠳᠠ᠎ᠶ᠋ᠢᠨ ᠳ᠋ᠦᠩ ᠾᠧ ᠲᠣᠭᠣᠷᠢᠭ᠎ᠤᠨ ᠡᠨᠡ ᠬᠦ᠌ ᠰᠠᠭᠤᠭᠠᠯᠢ ᠠᠷᠠᠳ ᠭᠣᠣᠯ ᠲᠦᠷᠢ ᠨᠢ ᠪᠤᠯᠤᠭᠰᠠᠨ ᠠᠮᠢᠳᠤᠯᠢᠭ ᠦᠢᠯᠡᠳᠦᠯᠭᠡ ᠨᠢ 《ᠠᠷᠠᠳ ᠲᠦᠮᠡᠨ᠎ᠦ ᠬᠤᠳᠠ᠎ᠶ᠋ᠢ ᠠᠷᠠᠳ ᠲᠦᠮᠡᠨ ᠪᠦᠳᠦᠭᠡᠨ ᠪᠠᠢᠭᠤᠯᠬᠤ》 ᠪᠠᠶᠠᠯᠢᠭ ᠠᠭᠤᠯᠤᠭ᠍ᠳᠠᠬᠤᠨ ᠪᠣᠯᠤᠨ ᠪᠡᠶᠡᠯᠡᠭᠦᠯᠬᠦ᠌ ᠲᠣᠭ᠍ᠲᠠᠴᠠ᠎ᠶ᠋ᠢ ᠭᠦᠨᠵᠡᠭᠡᠢ ᠲᠠᠢᠯᠪᠤᠷᠢᠯᠠᠪᠠ᠃ ᠲᠡᠷᠡ ᠨᠢ ᠲᠦᠷᠦ᠍᠎ᠶ᠋ᠢᠨ ᠪᠤᠳᠤᠯᠭ᠎ᠠ᠎ᠶ᠋ᠢᠨ ᠦᠵᠦ᠍ ᠲᠥᠯᠥᠪᠯᠡᠭᠡ ᠨᠢ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠦᠨᠳᠦᠰᠦᠨ ᠱᠠᠲᠤᠨ᠎ᠤ ᠪᠡᠶ᠎ᠡ᠎ᠪᠡᠨ ᠳᠠᠭᠠᠭᠠᠬᠤ ᠴᠢᠨᠠᠷ᠂ ᠢᠳᠡᠪᠬᠢᠵᠢᠯ ᠪᠣᠯᠤᠨ ᠪᠦᠲᠦᠭᠡᠯᠴᠢ ᠴᠢᠨᠠᠷ᠎ᠢ ᠭᠦᠢᠴᠡᠳ ᠬᠦᠨᠳᠦᠳᠭᠡᠨ ᠬᠥᠭ᠌ᠵᠢᠭᠡᠪᠡᠯ᠂ ᠬᠣᠶᠠᠭᠤᠯᠠ᠎ᠪᠠᠨ ᠢᠵᠢᠯᠢ ᠠᠯᠬᠤᠮ᠎ᠢᠶᠠᠷ ᠤᠷᠤᠭ᠍ᠰᠢᠯᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠤᠢ ᠪᠣᠯᠭᠠᠵᠤ ᠴᠢᠳᠠᠨ᠎ᠠ ᠭᠡᠵᠦ ᠬᠦᠢᠴᠡᠳ ᠭᠡᠷᠡᠴᠢᠯᠡᠪᠡ᠃ ᠬᠤᠲᠠ᠎ᠶ᠋ᠢᠨ ᠱᠢᠨᠡᠴᠢᠯᠡᠯᠲᠡ᠎ᠶ᠋ᠢᠨ ᠠᠤᠭ᠎ᠠ ᠶᠡᠬᠡ ᠬᠦᠦᠷᠨᠢᠯ ᠨᠢ ᠠᠷᠠᠳ ᠲᠦᠮᠡᠨ᠎ᠦ ᠮᠡᠳᠡᠷᠡᠵᠦ ᠤᠢᠯᠠᠭᠠᠬᠤᠢᠴᠠ ᠪᠣᠳᠠᠲᠠᠢ ᠣᠯᠤᠯᠲᠠ ᠪᠤᠯᠵᠤ᠂ ᠲᠡᠳᠡᠨ᠎ᠦ ᠪᠠᠶᠠᠷ ᠪᠠᠬᠠᠳᠤᠯ᠎ᠤᠨ ᠴᠢᠷᠠᠢ᠎ᠳᠤ ᠪᠢᠴᠢᠭ᠌ᠯᠡᠭ᠌ᠳᠡᠵᠦ᠍᠂ ᠲᠦᠭ ᠲᠦᠮᠡᠨ ᠠᠢᠯ ᠡᠷᠦᠬᠡ᠎ᠶ᠋ᠢᠨ ᠬᠠᠯᠠᠭᠤᠨ ᠳᠤᠯᠠᠭᠠᠨ ᠭᠡᠷᠡᠯ ᠭᠡᠭᠡ᠎ᠳᠦ ᠠᠭᠤᠰᠤᠭ᠍ᠰᠠᠨ ᠪᠠᠢᠨ᠎ᠠ᠃ ᠡᠨᠡ ᠨᠢ ᠶᠠᠭ ᠤᠯᠤᠰ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠣᠢᠯᠠᠭᠠᠭ᠍ᠳᠠᠬᠤᠨ ᠦᠨᠳᠦᠰᠦᠨ ᠱᠠᠲᠤᠨ ᠳ᠋ᠦ ᠲᠤᠭᠤᠰᠢᠯᠠᠭᠳᠠᠨ ᠨᠠᠢᠳᠠᠪᠤᠷᠢᠵᠢᠭᠤᠯᠤᠭᠳᠠᠵᠤ ᠦᠷ᠎ᠠ ᠪᠦᠳᠦᠮᠵᠢ ᠭᠠᠷᠭᠠᠭᠰᠠᠨ᠎ᠦ ᠬᠦᠴᠦᠲᠡᠢ ᠭᠡᠷᠡᠴᠢᠯᠡᠯ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号