ᠲᠦᠩᠯᠢᠶᠣᠤ ᠬᠣᠲᠠ ᠠᠷᠠᠯᠵᠢᠶᠠᠴᠢᠨ ᠤᠷᠢᠵᠤ ᠪᠠᠯᠠ ᠮᠥᠩᠭᠥ᠌ ᠣᠷᠣᠭᠤᠯᠤᠨ ᠠᠪᠴᠢᠷᠠᠵᠤ ᠬᠠᠬᠢᠷ ᠡᠪᠦᠯ᠎ᠤᠨ ᠠᠵᠤ ᠠᠬᠤᠶ᠎ᠶ᠋ᠢᠨ ᠬᠠᠯᠠᠭᠤᠨ ᠥᠷᠨᠢᠯᠲᠡ ᠵᠢ ᠪᠤᠢ ᠪᠤᠯᠭᠠᠪᠠ
2026-01-19 09:15:50
ᠵᠣᠬᠢᠶᠠᠭ᠍ᠴᠢ᠄
ᠾᠦᠧᠧ ᠱᠢᠶᠤᠤ ᠴᠢᠩ
ᠣᠩᠱᠢᠭ᠍ᠰᠠᠨ ᠣᠳᠠᠭ᠎ᠠ᠄
★★★☆☆

ᠲᠦᠩᠯᠢᠶᠣᠤ ᠬᠤᠳᠠ᠎ᠶ᠋ᠢᠨ ᠬᠢᠨ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠤᠨ ᠠᠪᠴᠢᠷᠠᠬᠤ 《ᠤᠯᠠᠷᠢᠯ ᠰᠥᠷᠴᠦ᠍ ᠪᠣᠢᠵᠢᠭᠤᠯᠬᠤ》 ᠪᠠ 《ᠡᠪᠦᠯ᠎ᠦᠨ ᠤᠯᠠᠷᠢᠯ᠎ᠤᠨ ᠬᠠᠮᠲᠤᠷᠠᠭ᠍ᠰᠠᠨ ᠳᠠᠢᠯᠠᠯᠳᠤᠭᠠᠨ》 ᠢ᠋ ᠢᠳᠡ ᠬᠦᠭ ᠲᠠᠢ ᠦᠷᠨᠢᠬᠦᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠵᠢ ᠰᠠᠢᠳᠤᠷ ᠡᠬᠢᠯᠡᠬᠦᠯᠤᠯ᠎ᠠ᠃ ᠰᠢᠨ᠎ᠡ ᠤᠨ᠎ᠤ ᠡᠬᠢᠨ᠎ᠡ᠂  ᠡᠯ᠎ᠡ ᠭᠠᠵᠠᠷ ᠡᠴᠡ ᠪᠠᠶᠠᠷ ᠤ᠋ᠨ ᠴᠢᠮᠡᠭᠡ ᠲᠠᠰᠤᠷᠠᠯᠳᠠ ᠦᠭᠡᠢ ᠲᠤᠭᠤᠯᠳᠠᠨ᠎ᠠ —

ᠬᠣᠷᠴᠢᠨ ᠲᠣᠭᠣᠷᠢᠭ 17 ᠲᠥᠷᠥᠯ ᠵᠦᠶ᠋ᠯ᠎ᠤᠨ ᠭᠡᠷ᠎ᠡ ᠲᠣᠭ᠍ᠲᠠᠵᠤ᠂ ᠭᠡᠷ᠎ᠡ ᠲᠣᠭ᠍ᠲᠠᠭ᠍ᠰᠠᠨ ᠵᠣᠭᠣᠰ᠎ᠤᠨ ᠲᠣᠭ᠎ᠠ ᠨᠢ 26.40 ᠳ᠋ᠦᠩᠱᠢᠭᠤᠷ ᠲᠥᠭᠥᠷᠢᠭ᠎ᠲᠦ ᠬᠦᠷᠴᠦ᠍᠂ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠲᠥᠷᠥᠯ ᠵᠦᠶ᠋ᠯ 4 ᠪᠠᠢᠵᠤ᠂ ᠭᠡᠷ᠎ᠡ ᠲᠣᠭ᠍ᠲᠠᠭ᠍ᠰᠠᠨ ᠵᠣᠭᠣᠰ ᠎ᠤᠨ ᠲᠣᠭ᠎ᠠ ᠨᠢ 22.5 ᠳ᠋ᠦᠩᠱᠢᠭᠤᠷ ᠲᠥᠭᠥᠷᠢᠭ᠎ᠲᠦ ᠬᠦᠷᠴᠡᠶ; ᠬᠣᠷᠴᠢᠨ ᠵᠡᠭᠦᠨ ᠭᠠᠷᠤᠨ ᠬᠣᠢᠲᠤ ᠬᠣᠱᠢᠭᠤ 8 ᠲᠥᠷᠥᠯ ᠵᠦᠶ᠋ᠯ᠎ᠤᠨ ᠭᠡᠷ᠎ᠡ ᠲᠣᠭ᠍ᠲᠠᠵᠤ᠂ ᠭᠡᠷ᠎ᠡ ᠲᠣᠭ᠍ᠲᠠᠭ᠍ᠰᠠᠨ ᠵᠣᠭᠣᠰ᠎ᠤᠨ ᠲᠣᠭ᠎ᠠ ᠨᠢ 15.19 ᠳ᠋ᠦᠩᠱᠢᠭᠤᠷ ᠲᠥᠭᠥᠷᠢᠭ᠎ᠲᠦ ᠬᠦᠷᠴᠡᠶ; ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠣᠷᠣᠨ 8 ᠲᠥᠷᠥᠯ ᠵᠦᠶ᠋ᠯ᠎ᠤᠨ ᠭᠡᠷ᠎ᠡ ᠲᠣᠭ᠍ᠲᠠᠵᠤ᠂ ᠭᠡᠷ᠎ᠡ ᠲᠣᠭ᠍ᠲᠠᠭ᠍ᠰᠠᠨ ᠵᠣᠭᠣᠰ᠎ᠤᠨ ᠲᠣᠭ᠎ᠠ ᠨᠢ 153.3 ᠳ᠋ᠦᠩᠱᠢᠭᠤᠷ ᠲᠥᠭᠥᠷᠢᠭ᠎ᠲᠦ ᠬᠦᠷᠴᠡᠶ ᠁

ᠠᠯᠢ ᠤᠯᠠᠨ ᠴᠢᠬᠤᠯᠠ ᠶᠡᠬᠡ ᠲᠦᠷᠦᠯ ᠵᠦᠢᠯ᠎ᠲᠡᠶ ᠭᠡᠷ᠎ᠡ ᠲᠣᠭ᠍ᠲᠠᠬᠤ ᠨᠢ ᠵᠢᠯ᠎ᠦᠨ ᠡᠬᠢᠨ᠎ᠦ ᠠᠵᠤ ᠠᠬᠤᠢ᠎ᠶ᠋ᠢᠨ ᠠᠮᠢᠵᠢᠷᠠᠯ᠎ᠤᠨ ᠬᠦᠴᠦᠨ᠎ᠦ 《ᠵᠦᠭ᠌ᠯᠡᠭᠦᠷ》 ᠪᠣᠯᠤᠭ᠍ᠰᠠᠨ ᠪᠥᠭᠡᠳ ᠪᠦᠬᠦ᠌ ᠵᠢᠯ᠎ᠦᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠢᠲᠡᠭᠡᠯ ᠵᠣᠷᠢᠭ ᠪᠣᠯᠤᠨ ᠬᠦᠴᠦᠷᠬᠡᠭ ᠶᠡᠬᠡ ᠬᠥᠳᠡᠯᠭᠡᠭᠴᠢ ᠬᠦᠴᠦᠨ ᠨᠡᠮᠡᠷᠢᠯᠡᠭ᠌ᠰᠡᠨ ᠪᠠᠢᠨ᠎ᠠ᠃

ᠨᠢᠳᠤᠨᠤᠨ ᠡᠪᠦᠯ᠎ᠡᠴᠡ ᠨᠠᠭᠠᠰᠢ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ ᠢᠮᠠᠭ᠍ᠲᠠ 《ᠲᠥᠷᠥᠯ ᠵᠦᠶ᠋ᠯ᠎ᠢᠶᠡᠷ ᠭᠤᠤᠯ ᠪᠣᠯᠭᠠᠬᠤ᠂ ᠠᠷᠠᠯᠵᠢᠶᠠᠴᠢᠨ ᠤᠷᠢᠬᠤ᠎ᠪᠠᠷ ᠭᠤᠤᠯ ᠪᠣᠯᠭᠠᠬᠤ》᠂ ᠡᠪᠦᠯ᠎ᠦᠨ ᠰᠡᠭᠦᠯᠴᠢ ᠬᠠᠪᠤᠷ᠎ᠤᠨ ᠡᠬᠢᠨ᠎ᠦ ᠠᠵᠤ ᠠᠬᠤᠢᠯᠠᠯ᠎ᠤᠨ ᠪᠠᠢᠷᠢᠯᠠᠭᠤᠯᠤᠯᠲᠠ᠎ᠶ᠋ᠢᠨ ᠠᠵᠠ ᠲᠤᠬᠢᠶᠠᠯ᠎ᠢ  ᠠᠮᠵᠢᠨ᠂ ᠠᠷᠠᠯᠵᠢᠶᠠᠴᠢᠨ ᠤᠷᠢᠵᠤ ᠪᠠᠯᠠ ᠮᠦᠨᠭᠬᠦ ᠣᠷᠣᠭᠤᠯᠤᠨ ᠠᠪᠴᠢᠷᠠᠬᠤ 《ᠡᠪᠦᠯ᠎ᠦᠨ ᠤᠯᠠᠷᠢᠯ᠎ᠤᠨ ᠬᠠᠮᠲᠤᠷᠠᠭ᠍ᠰᠠᠨ ᠳᠠᠢᠯᠠᠯᠳᠤᠭᠠᠨ》 ᠢ᠋ ᠥᠷᠨᠢᠭᠦᠯᠪᠡ᠃ ᠡᠯ᠎ᠡ ᠬᠣᠱᠢᠭᠤ ᠱᠢᠶᠠᠨ ᠬᠣᠲᠠ ᠲᠣᠭᠣᠷᠢᠭ ᠎ᠤᠨ ᠬᠢᠨ ᠳᠠᠷᠤᠢᠬᠠᠨ ᠴᠤᠤᠷᠢᠶᠠᠲᠤᠨ ᠳᠠᠭᠠᠵᠤ᠂ ᠲᠤᠬᠠᠢ᠎ᠵᠢᠨ ᠭᠠᠵᠠᠷ ᠎ᠤᠨ ᠠᠵᠤ ᠦᠶ᠋ᠯᠡᠰ᠎ᠦᠨ ᠰᠠᠭᠤᠷᠢ᠂ ᠡᠬᠢ ᠪᠠᠶᠠᠯᠢᠭ᠎ᠤᠨ ᠰᠤᠷᠪᠤᠯᠵᠢ ᠬᠢᠭᠡᠳ ᠬᠦᠴᠦᠨ ᠵᠦᠶ᠋ᠯ ᠎ᠳᠦ ᠰᠠᠭᠤᠷᠢᠯᠠᠨ᠂ ᠪᠥᠬᠥ᠌ ᠬᠣᠲᠠ᠎ᠶ᠋ᠢᠨ 《ᠶᠢᠰᠦᠨ ᠶᠡᠬᠡ ᠭᠤᠤᠯᠯᠠᠬᠤ ᠠᠵᠤ ᠦᠶ᠋ᠯᠡᠰ᠎ᠦᠨ ᠬᠡᠯᠬᠢᠶ᠎ᠡ》 ᠳ᠋ᠤ ᠠᠩᠬᠠᠷᠤᠯ᠎ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠶ᠎ᠪᠠᠷ ᠠᠷᠠᠯᠵᠢᠶᠠᠴᠢᠨ ᠤᠷᠢᠬᠤ ᠠᠵᠢᠯ᠎ᠢ ᠥᠷᠨᠢᠭᠦᠯᠪᠡ᠃ ᠡᠯ᠎ᠡ ᠱᠠᠲᠤᠨ᠎ᠤ ᠨᠠᠮ ᠵᠠᠰᠠᠭ᠎ᠤᠨ ᠤᠳᠤᠷᠢᠳᠤᠯᠭ᠎ᠠ ᠲᠦᠷᠦᠭᠦᠯᠡᠨ ᠭᠠᠳᠠᠭ᠍ᠰᠢ ᠭᠠᠷᠴᠤ᠌ ᠠᠷᠠᠯᠵᠢᠶᠠᠴᠢᠨ ᠤᠷᠢᠵᠤ᠂ ᠶᠡᠬᠡ᠎ᠪᠡᠷ ᠠᠷᠠᠯᠵᠢᠶᠠᠴᠢᠨ ᠤᠷᠢᠬᠤ᠂ ᠲᠤᠮᠤ ᠠᠷᠠᠯᠵᠢᠶᠠᠴᠢᠨ ᠤᠷᠢᠬᠤ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠪᠠ᠃

ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠪᠦᠯᠬᠦᠮ ᠳᠠᠭᠠᠭᠤᠯᠤᠨ ᠬᠠᠢᠨᠠᠨ ᠮᠤᠵᠢ ᠪᠠ ᠭᠤᠸᠠᠩᠳᠦ᠋ᠩ ᠮᠤᠵᠢ᠎ᠳᠤ ᠬᠦᠷᠴᠦ᠍ ᠲᠥᠷᠥᠯ ᠵᠦᠶ᠋ᠯ᠎ᠢ ᠱᠢᠨᠵᠢᠯᠡᠨ ᠪᠠᠢᠴᠠᠭᠠᠭ᠍ᠰᠠᠨ᠎ᠠᠴᠠ ᠨᠠᠭᠠᠰᠢ᠂ 1 ᠰᠠᠷ᠎ᠠ᠎ᠶ᠋ᠢᠨ ᠡᠬᠢᠨ ᠳ᠋ᠤ᠂ ᠨᠢᠭᠡ ᠭᠠᠷᠠᠭ᠎ᠤᠨ ᠳᠣᠲᠣᠷ᠎ᠠ᠂ ᠬᠤᠤᠯᠢᠨ ᠭᠤᠤᠯ ᠬᠣᠲᠠ᠎ᠶ᠋ᠢᠨ ᠨᠠᠮ ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ 6 ᠤᠳᠠᠭ᠎ᠠ ᠭᠠᠳᠠᠭ᠍ᠰᠢ ᠭᠠᠷᠴᠤ᠌ ᠠᠷᠠᠯᠵᠢᠶᠠᠴᠢᠨ ᠤᠷᠢᠵᠤ᠂ 4 ᠬᠣᠲᠠ᠎ᠳᠤ ᠬᠦᠷᠴᠦ᠍ 6 ᠲᠥᠷᠥᠯ ᠵᠦᠶ᠋ᠯ᠎ᠢ ᠵᠣᠯᠭᠠᠭᠤᠯᠤᠨ ᠶᠠᠷᠢᠯᠴᠠᠵᠤ᠂ ᠲᠤᠰᠭᠠᠶ ᠠᠷᠠᠯᠵᠢᠶᠠᠴᠢᠨ ᠤᠷᠢᠬᠤ ᠳᠤᠭᠤᠢᠯᠠᠩ 3 ᠬᠣᠲᠠ᠎ᠳᠤ ᠬᠦᠷᠴᠦ᠍ ᠠᠷᠠᠯᠵᠢᠶᠠᠴᠢᠨ ᠤᠷᠢᠪᠠ᠃ ᠬᠦᠷᠢᠶ᠎ᠡ ᠬᠣᠱᠢᠭᠤᠨ᠎ᠤ ᠨᠠᠮ ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠪᠣᠯᠤᠨ ᠲᠤᠰᠭᠠᠶ ᠮᠡᠷᠭᠡᠵᠢᠯ᠎ᠦᠨ ᠠᠷᠠᠯᠵᠢᠶᠠᠴᠢᠨ ᠤᠷᠢᠬᠤ ᠳᠤᠭᠤᠢᠯᠠᠩ 3 ᠬᠣᠲᠠ᠎ᠳᠤ ᠬᠦᠷᠴᠦ᠍ ᠠᠵᠤ ᠠᠬᠤᠢᠯᠠᠯ᠎ᠲᠠᠶ ᠵᠣᠯᠭᠠᠭᠤᠯᠪᠠ᠃

ᠥᠨᠳᠥᠷ ᠳᠠᠪᠲᠠᠮᠵᠢᠲᠤ᠂ ᠥᠨᠳᠥᠷ ᠦᠷ᠎ᠡ ᠪᠦᠲᠦᠮᠵᠢᠲᠡᠶ ᠵᠣᠯᠭᠠᠭᠤᠯᠬᠤ᠎ᠪᠠᠷ ᠳᠠᠮᠵᠢᠨ ᠲᠦᠩᠯᠢᠶᠣᠤ᠎ᠶ᠋ᠢᠨ ᠠᠵᠤ ᠦᠶ᠋ᠯᠡᠰ᠎ᠦᠨ ᠲᠥᠯᠥᠪᠵᠢᠭᠦᠯᠭᠡ᠎ᠯᠦᠭᠡ ᠭᠦᠨᠵᠡᠭᠡᠶ ᠵᠣᠬᠢᠴᠠᠭ᠍ᠰᠠᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠭᠤᠯᠤᠭ᠍ᠳᠠᠴᠠ᠎ᠪᠠᠷ ᠥᠨᠳᠥᠷ᠂ ᠪᠣᠢᠵᠢᠯᠲᠠ ᠰᠠᠢᠨ᠂ ᠨᠥᠯᠥᠭᠡᠯᠡᠬᠦ᠌ ᠴᠢᠳᠠᠪᠤᠷᠢ᠎ᠶᠡᠭᠡ ᠨᠢᠭᠡ ᠪᠦᠯᠦᠭ ᠴᠢᠨᠠᠷ ᠰᠠᠢᠲᠠᠶ ᠲᠥᠷᠥᠯ ᠵᠦᠶ᠋ᠯ᠎ᠢ ᠣᠷᠣᠭᠤᠯᠤᠨ ᠠᠪᠴᠢᠷᠠᠵᠤ᠂ ᠳᠤᠲᠠᠭᠤᠳᠠᠯ᠎ᠢ ᠨᠥᠬᠥᠪᠥᠷᠢᠯᠡᠨ᠂ ᠪᠦᠲᠦᠴᠡ᠎ᠶ᠋ᠢ ᠱᠢᠯᠢᠳᠡᠭ᠌ᠵᠢᠭᠦᠯᠬᠦ᠌᠎ᠨᠢ ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠎ᠶ᠋ᠢ ᠠᠬᠢᠭᠤᠯᠬᠤ ᠴᠢᠬᠤᠯᠠ ᠬᠥᠳᠡᠯᠭᠡᠭᠦᠷ ᠪᠤᠯᠵᠠᠢ᠃

ᠡᠭᠦᠨ᠎ᠳᠦ᠂ 1 ᠰᠠᠷ᠎ᠠ᠎ᠶ᠋ᠢᠨ 9 ᠎ᠤ᠋ ᠡᠳᠦᠷ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ᠎ᠵᠢᠨ ᠬᠢᠨ ᠬᠠᠢᠨᠠᠨ᠎ᠤ ᠱ᠌ᠢ ᠴᠤᠸᠠᠩ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠲᠠᠶ ᠠᠮᠵᠢᠯᠲᠠ᠎ᠲᠠᠶ᠎ᠪᠠᠷ ᠭᠡᠷ᠎ᠡ ᠲᠣᠭ᠍ᠲᠠᠪᠠ᠃ ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠ 1 ᠳ᠋ᠦᠩᠱᠢᠭᠤᠷ ᠲᠥᠭᠥᠷᠢᠭ᠎ᠲᠦ ᠬᠦᠷᠴᠦ᠍᠂ ᠱᠢᠪᠲᠦᠷ᠎ᠦᠨ ᠤᠰᠤᠨ᠎ᠤ ᠦᠶ᠋ᠯᠡᠳᠪᠦᠷᠢᠯᠡᠯ᠂ ᠱᠢᠩᠭᠡᠨ ᠱᠢᠪᠲᠦᠷ᠎ᠢ ᠰᠠᠯᠭᠠᠨ ᠰᠠᠪᠠᠯᠠᠬᠤ᠂ ᠹᠷᠸ᠋ᠶᠤᠨ᠎ᠢ ᠰᠠᠯᠭᠠᠨ ᠰᠠᠪᠠᠯᠠᠬᠤ ᠵᠡᠷᠭᠡ ᠦᠶ᠋ᠯᠡᠳᠪᠦᠷᠢᠯᠡᠯ᠎ᠦᠨ ᠱᠤᠭᠤᠮ᠎ᠢ ᠪᠥᠲᠥᠭᠡᠨ ᠪᠠᠢᠭᠤᠯᠤᠨ᠎ᠠ᠃ ᠲᠥᠷᠥᠯ ᠵᠦᠶ᠋ᠯ ᠪᠦᠬᠦᠨ᠎ᠢᠶᠡᠷ᠎ᠢᠶᠡᠨ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠵᠢᠯ᠎ᠦᠨ ᠠᠱᠢᠭ ᠤᠷᠤᠯᠭ᠎ᠠ ᠵᠢᠨ ᠭᠠᠢᠯᠢ 0. 075 ᠳ᠋ᠦᠩᠱᠢᠭᠤᠷ ᠲᠥᠭᠥᠷᠢᠭ᠎ᠲᠦ ᠬᠦᠷᠴᠦ᠍᠂ 25 ᠬᠥᠮᠦᠨ᠎ᠳᠦ ᠠᠵᠢᠯ ᠣᠯᠭᠣᠬᠤ᠎ᠪᠠᠷ ᠪᠠᠷᠠᠬᠤ ᠥᠬᠡᠶ᠂ ᠪᠠᠰᠠ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠰᠠᠯᠬᠢᠨ ᠬᠦᠴᠤᠨ ᠭᠡᠷᠡᠯᠴᠢ ᠴᠡᠨᠡᠭ᠎ᠢ ᠤᠰᠤᠲᠦ᠋ᠷᠦᠭᠵᠢᠬᠦᠯᠦᠨ ᠬᠠᠳᠠᠭᠠᠯᠠᠵᠤ ᠬᠡᠷᠡᠭᠯᠡᠬᠦ᠎ᠵᠢ ᠨᠢᠭᠡ ᠴᠤᠭᠴᠠᠵᠢᠭᠤᠯᠤᠭᠰᠠᠨ ᠠᠵᠤ ᠦᠶ᠋ᠯᠡᠰ᠎ᠦᠨ ᠪᠠᠢᠷᠢᠱᠢᠭᠤᠯᠤᠯᠲᠠ᠎ᠶ᠋ᠢ ᠲᠡᠭᠦᠯᠳᠡᠷᠵᠢᠭᠦᠯᠬᠦ᠌᠎ᠳᠦ ᠴᠢᠬᠤᠯᠠ ᠦᠢᠯᠡᠳᠦᠯ ᠦᠵᠡᠭᠦᠯᠬᠦ᠌ ᠪᠣᠯᠤᠨ᠎ᠠ᠃ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠤᠭᠤᠷᠢᠭ᠎ᠤᠨ ᠬᠢᠨ ᠠᠨᠾᠦ᠋ᠢ᠎ᠶ᠋ᠢᠨ ᠨᠢᠭᠡᠨ ᠺᠣᠮᠫᠠᠨᠢ᠎ᠲᠠᠶ ᠤᠮᠠᠷᠠᠲᠤ ᠣᠷᠣᠨ (ᠲᠦᠩᠯᠢᠶᠣᠤ) ᠤ᠋ ᠬᠢᠲᠠᠳ ᠡᠮ ᠡᠮᠨᠡᠯᠭᠡ᠎ᠶ᠋ᠢᠨ ᠲᠣᠮᠣ ᠡᠷᠡᠭᠦᠯ ᠮᠡᠨᠳᠦ᠍᠎ᠶ᠋ᠢᠨ ᠦᠵᠡᠰᠭᠦᠯᠡᠩ᠎ᠦᠨ ᠬᠣᠲᠠ᠎ᠶ᠋ᠢᠨ ᠲᠥᠷᠥᠯ ᠵᠦᠶ᠋ᠯ᠎ᠯᠤᠭᠡ ᠭᠡᠷ᠎ᠡ ᠲᠣᠭ᠍ᠲᠠᠵᠤ᠂ ᠲᠥᠷᠥᠯ ᠵᠦᠶ᠋ᠯ᠎ᠳᠦ  80 . 5 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠨ᠂ ᠤᠮᠠᠷᠠᠲᠤ ᠣᠷᠣᠨ᠎ᠤ ᠡᠮ᠎ᠦᠨ ᠬᠣᠲᠠ᠂ ᠡᠮ᠎ᠦᠨ ᠬᠦᠨᠳᠠᠢ᠂ ᠬᠢᠲᠠᠳ ᠮᠣᠩᠭᠣᠯ ᠡᠮ ᠡᠮᠨᠡᠯᠭᠡ᠎ᠶ᠋ᠢᠨ ᠲᠥᠪᠯᠡᠷᠡᠭᠦᠯᠦᠨ ᠲᠠᠷᠬᠠᠭᠠᠬᠤ ᠭᠠᠵᠠᠷ᠂ ᠠᠷᠠᠯᠵᠢᠶᠠᠨ᠎ᠤ ᠲᠥᠪ ᠵᠡᠷᠭᠡ ᠡᠵᠡᠩᠨᠡᠯᠲᠡ᠎ᠶ᠋ᠢᠨ ᠪᠠᠢᠳᠠᠯ᠎ᠢ ᠬᠦᠴᠦᠯᠡᠨ ᠪᠠᠢᠭᠤᠯᠬᠤ ᠪᠡᠷ ᠲᠦᠯᠦᠪᠯᠡᠵᠦ ᠪᠤᠢ᠃ ᠲᠥᠷᠥᠯ ᠵᠦᠶ᠋ᠯ᠎ᠨᠢ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠠᠢᠷᠢᠱᠢᠭᠤᠯᠤᠯᠲᠠ᠎ᠪᠠᠷ ᠳᠠᠮᠵᠢᠨ ᠲᠦᠩᠯᠢᠶᠣᠤ᠎ᠶ᠋ᠢᠨ ᠬᠢᠲᠠᠳ ᠮᠣᠩᠭᠣᠯ ᠡᠮ ᠡᠮᠨᠡᠯᠭᠡ᠎ᠶ᠋ᠢᠨ ᠠᠵᠤ ᠦᠶ᠋ᠯᠡᠰ᠎ᠦᠨ ᠪᠦᠯᠦᠭ᠌ᠵᠢᠯ᠎ᠢ ᠴᠣᠭ᠍ᠴᠠᠯᠠᠬᠤ 《ᠬᠦᠴᠦᠷᠭᠡᠭ ᠶᠡᠭᠡ ᠬᠥᠳᠡᠯᠭᠡᠭᠦᠷ》 ᠪᠣᠯᠤᠨ᠎ᠠ᠃

ᠭᠡᠷ᠎ᠡ ᠲᠣᠭ᠍ᠲᠠᠭ᠍ᠰᠠᠨ ᠲᠥᠷᠥᠯ ᠵᠦᠶ᠋ᠯ᠎ᠢ ᠲᠦᠷᠭᠡᠨ ᠨᠠᠢᠳᠠᠪᠤᠷᠢᠵᠢᠭᠤᠯᠵᠤ᠂ ᠨᠠᠢᠳᠠᠪᠤᠷᠢᠵᠢᠭᠤᠯᠤᠭ᠍ᠰᠠᠨ ᠲᠥᠷᠥᠯ ᠵᠦᠶ᠋ᠯ᠎ᠢ ᠲᠦᠷᠭᠡᠨ ᠠᠵᠢᠯ ᠡᠬᠢᠯᠡᠭᠦᠯᠬᠦ᠌᠎ᠶ᠋ᠢᠨ ᠲᠥᠯᠥᠭᠡ᠂ ᠲᠦᠩᠯᠢᠶᠣᠤ ᠬᠣᠲᠠ᠎ᠵᠢᠨ ᠬᠢᠨ ᠲᠥᠷᠥᠯ ᠵᠦᠶ᠋ᠯ᠎ᠢ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ 《ᠵᠠᠭᠤᠨ ᠡᠳᠦᠷ᠎ᠦᠨ ᠪᠣᠭᠣᠮᠲᠠ ᠱᠢᠪᠲᠤᠯᠬᠤ ᠠᠵᠢᠯᠯᠠᠭ᠎ᠠ》 ᠶ᠋ᠢ ᠵᠡᠷᠭᠡ ᠪᠡᠷ ᠡᠬᠢᠯᠡᠭᠦᠯᠵᠦ᠍᠂ ᠶᠠᠪᠤᠴᠠ ᠵᠢ ᠱᠢᠯᠢᠳᠡᠭ᠌ᠵᠢᠭᠦᠯᠦᠨ᠂ ᠲᠦᠭ᠌ᠵᠢᠷᠡᠯ᠎ᠢ ᠨᠡᠪᠲᠡᠷᠡᠭᠦᠯᠵᠦ᠍᠂ ᠲᠥᠷᠥᠯ ᠵᠦᠶ᠋ᠯ᠎ᠦᠨ ᠬᠢᠨᠠᠨ ᠵᠥᠪᠱᠢᠶᠡᠷᠡᠯ᠎ᠢ ᠲᠦᠷᠭᠡᠳᠭᠡᠵᠦ᠂ ᠠᠵᠢᠯ ᠡᠬᠢᠯᠡᠭᠦᠯᠬᠦ᠌᠎ᠳᠦ ᠵᠠᠪᠠᠯ ᠪᠡᠯᠡᠳᠭᠡᠬᠦ᠌ 《ᠲᠠᠪᠤᠨ ᠦᠨᠡᠮᠯᠡᠯ》 ᠢ᠋ ᠵᠥᠪᠬᠡᠨ ᠨᠢᠭᠡ ᠯᠡ ᠠᠵᠢᠯᠯᠠᠬᠤ ᠡᠳᠦᠷ᠎ᠲᠦ ᠭᠦᠶ᠋ᠴᠡᠳᠭᠡᠵᠦ᠍ ᠳᠠᠭᠤᠰᠭᠠᠬᠤ 《ᠲᠦᠩᠯᠢᠶᠣᠤ᠎ᠶ᠋ᠢᠨ ᠬᠤᠷᠳᠤᠴᠠ》 ᠶ᠋ᠢ ᠡᠭᠦᠳᠴᠦ᠍᠂ ᠪᠥᠬᠥ᠌ ᠵᠢᠯ ᠎ᠦᠨ ᠠᠵᠤ ᠠᠬᠤᠶ᠎ᠶ᠋ᠢᠨ ᠠᠵᠢᠯ᠎ᠳᠤ ᠨᠥᠭᠡᠴᠡ ᠬᠦᠴᠦᠨ ᠎ᠢ  ᠭᠦᠶ᠋ᠴᠡᠳ ᠬᠤᠷᠠᠮᠳᠤᠭᠤᠯᠵᠤ᠂ ᠪᠦᠬᠦ᠌ ᠵᠢᠯ᠎ᠦᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠨᠭᠭᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号