ᠸᠠᠩ ᠸᠧᠢ ᠵᠦᠩ ᠪᠦᠦ ᠭᠠᠩ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠬᠣᠪᠣᠷ ᠱᠢᠷᠣᠢ᠎ᠶ᠋ᠢᠨ ᠪᠤᠯᠤᠳ ᠬᠠᠪᠲᠠᠰᠤᠨ ᠮᠠᠲᠧᠷᠢᠶᠠᠯ᠎ᠤᠨ ᠦᠢᠯᠡᠳᠪᠦᠷᠢ᠎ᠶ᠋ᠢᠨ ᠳᠡᠯᠪᠡᠷᠡᠯᠲᠡ᠎ᠶ᠋ᠢᠨ ᠡᠨᠳᠡᠯ᠎ᠳᠦ ᠴᠣᠬᠣᠯᠠᠪᠤᠷᠢ ᠥᠭ᠌ᠭᠦᠭ᠌ᠰᠡᠨ ᠪᠥᠭᠡᠳ ᠲᠤᠬᠠᠢ᠎ᠶ᠋ᠢᠨ ᠲᠠᠯᠠᠪᠠᠢ᠎ᠳᠤ ᠲᠦᠷᠭᠡᠨ ᠬᠦᠷᠴᠦ᠍ ᠠᠪᠤᠷᠠᠨ ᠲᠤᠰᠠᠯᠠᠬᠤ ᠠᠵᠢᠯ᠎ᠢ ᠵᠢᠭᠠᠨ ᠵᠢᠯᠣᠭᠣᠳᠪᠠ
2026-01-19 09:46:53
ᠵᠣᠬᠢᠶᠠᠭ᠍ᠴᠢ᠄
​ᠯᠢ ᠬᠠᠨ ᠰᠦᠩ ᠱᠤᠸᠠᠩ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 18 ᠤ᠋ 15 ᠴᠠᠭ᠎ᠤᠨ ᠦᠶᠡᠰ ᠵᠢᠠᠷ᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠬᠣᠪᠣᠷ ᠱᠢᠷᠣᠢ᠎ᠶ᠋ᠢᠨ ᠪᠤᠯᠤᠳ ᠬᠠᠪᠲᠠᠰᠤᠨ ᠮᠠᠲᠧᠷᠢᠶᠠᠯ᠎ᠤᠨ ᠦᠢᠯᠡᠳᠪᠦᠷᠢ᠎ᠳᠦ ᠳᠡᠯᠪᠡᠷᠡᠯᠲᠡ ᠡᠭᠦᠰᠪᠡ᠃ ᠡᠨᠳᠡᠯ ᠭᠠᠷᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠍᠂ ᠲᠡᠷᠡ ᠳᠠᠷᠤᠢ ᠳ᠋ᠤᠨᠢ ᠠᠪᠤᠷᠠᠨ ᠲᠤᠰᠠᠯᠠᠬᠤ ᠡᠩᠨᠡᠭᠡ᠎ᠶ᠋ᠢ ᠵᠣᠬᠢᠶᠠᠨ ᠪᠠᠢᠭᠤᠯᠤᠨ ᠲᠤᠬᠠᠶ᠎ᠶ᠋ᠢᠨ ᠲᠠᠯᠠᠪᠠᠶ᠎ᠳᠤ ᠬᠦᠷᠴᠦ᠍ ᠠᠪᠤᠷᠠᠨ ᠲᠤᠰᠠᠯᠠᠵᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠲᠡᠷᠡ ᠳᠠᠷᠤᠢ᠎ᠳᠤᠨᠢ ᠴᠣᠬᠣᠯᠠᠪᠤᠷᠢ ᠥᠭ᠌ᠭᠦᠭ᠌ᠰᠡᠨ ᠪᠥᠭᠡᠳ ᠡᠨᠳᠡᠯ᠎ᠦᠨ ᠲᠤᠬᠠᠢ᠎ᠶ᠋ᠢᠨ ᠲᠠᠯᠠᠪᠠᠢ᠎ᠳᠤ ᠲᠦᠷᠭᠡᠨ ᠬᠦᠷᠴᠦ᠍ ᠠᠪᠤᠷᠠᠨ ᠲᠤᠰᠠᠯᠠᠬᠤ ᠠᠵᠢᠯ᠎ᠢ ᠵᠢᠭᠠᠨ ᠵᠢᠯᠣᠭᠣᠳᠪᠠ᠃

ᠸᠠᠩ ᠸᠧᠶ ᠵᠥᠩ ᠴᠣᠬᠣᠯᠠᠪᠤᠷᠢ ᠦᠭᠴᠤ᠂ ᠱᠢᠨᠵᠢᠯᠡᠬᠦ᠌ ᠤᠬᠠᠭᠠᠨᠴᠢ᠎ᠪᠠᠷ ᠡᠷᠢᠵᠦ᠍ ᠠᠪᠤᠷᠬᠠᠸ᠋ ᠠᠵᠢᠯ᠎ᠢ ᠱᠠᠯᠠᠪᠳᠠᠨ ᠥᠷᠨᠢᠭᠦᠯᠵᠦ᠍᠂ ᠱᠢᠷᠬᠠᠲᠤᠭ᠍ᠰᠠᠳ᠎ᠢ ᠪᠥᠬᠥ᠌ ᠬᠦᠴᠦᠨ᠎ᠢᠶᠡᠷ᠎ᠢᠶᠡᠨ ᠡᠮᠨᠡᠨ ᠠᠪᠤᠷᠠᠵᠤ᠂ ᠡᠭᠦᠰᠦᠮᠡᠯ ᠠᠶᠤᠯ ᠭᠠᠷᠬᠤ ᠵᠢ ᠴᠢᠩᠭ᠎ᠠ ᠰᠡᠷᠭᠡᠢᠯᠡᠵᠦ᠍᠂ ᠡᠨᠳᠡᠯ᠎ᠦᠨ ᠪᠠᠢᠳᠠᠯ ᠵᠢᠴᠢ ᠱᠢᠯᠲᠠᠭᠠᠨ᠎ᠢ ᠦᠳᠲᠡᠷ ᠲᠦᠷᠭᠡᠨ ᠪᠠᠢᠴᠠᠭᠠᠨ ᠳᠣᠲᠣᠯᠠᠵᠤ᠂ ᠬᠣᠢᠲᠤᠬᠢ ᠠᠵᠢᠯ ᠵᠡᠷᠭᠡ ᠵᠢ ᠰᠠᠢᠲᠤᠷ ᠬᠢᠬᠦ᠌ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠴᠠᠭ ᠢᠮᠠᠭ᠍ᠲᠠ ᠰᠠᠨᠠᠭ᠎ᠠ ᠲᠠᠯᠪᠢᠬᠤ ᠬᠠᠷᠢᠭᠤᠴᠠᠯᠭᠠᠲᠤ ᠰᠡᠳᠭᠢᠯᠭᠡ᠎ᠪᠡᠷ᠂ ᠰᠡᠷᠭᠡᠢᠯᠡᠬᠦ᠌ ᠠᠷᠭ᠎ᠠ ᠬᠡᠮᠵᠢᠶ᠎ᠡ᠎ᠪᠡᠨ ᠴᠢᠩᠭᠠᠳᠭᠠᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠬᠡᠮ ᠰᠣᠭᠣᠭ᠎ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠶ ᠭᠡᠵᠦ ᠱᠠᠭᠠᠷᠳᠠᠪᠠ᠃

ᠪᠦᠦ ᠭᠠᠩ ᠴᠣᠬᠣᠯᠠᠪᠤᠷᠢ ᠦᠭᠴᠤ᠂ ᠡᠷᠢᠵᠦ᠍ ᠠᠪᠤᠷᠠᠬᠤ ᠠᠵᠢᠯ᠎ᠢ ᠳᠠᠷᠤᠢ ᠲᠦᠷᠭᠡᠨ ᠵᠣᠬᠢᠶᠠᠨ ᠪᠠᠢᠭᠤᠯᠵᠤ᠂ ᠡᠨᠳᠡᠵᠦ ᠱᠢᠷᠬᠠᠲᠤᠭ᠍ᠰᠠᠨ ᠪᠠᠢᠳᠠᠯ᠎ᠢ ᠤᠨᠤᠪᠴᠢᠲᠠᠢ ᠬᠢᠨᠠᠨ ᠬᠠᠷᠭᠤᠭᠤᠯᠵᠤ᠂ ᠱᠢᠷᠬᠠᠲᠤᠭ᠍ᠰᠠᠳ᠎ᠢ ᠠᠪᠤᠷᠠᠨ ᠡᠮᠨᠡᠬᠦ᠌ ᠠᠵᠢᠯ᠎ᠢ ᠪᠦᠬᠦ᠌ ᠬᠦᠴᠦᠨ᠎ᠢᠶᠡᠷ᠎ᠢᠶᠡᠨ ᠵᠣᠬᠢᠶᠠᠨ ᠪᠠᠢᠭᠤᠯᠬᠤ ᠬᠡᠷᠡᠭ᠌ᠲᠡᠢ᠃ ᠡᠷᠢᠵᠦ᠍ ᠠᠪᠤᠷᠠᠬᠤ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠦᠨ᠂ ᠡᠭᠦᠰᠦᠮᠡᠯ ᠠᠶᠤᠯ᠎ᠢ ᠴᠢᠩᠭ᠎ᠠ ᠰᠡᠷᠭᠡᠢᠯᠡᠵᠦ᠍᠂ ᠡᠨᠳᠡᠯ᠎ᠦᠨ ᠱᠢᠯᠲᠠᠭᠠᠨ᠎ᠢ ᠱᠠᠯᠠᠪᠳᠠᠨ ᠪᠠᠢᠴᠠᠭᠠᠬᠤ ᠬᠡᠷᠡᠭᠲᠡᠢ ᠭᠡᠵᠦ ᠱᠠᠭᠠᠷᠳᠠᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号