ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ ᠬᠠᠮᠲᠤ᠎ᠶ᠋ᠢᠨ ᠰᠤᠷᠤᠯᠴᠠᠯᠭ᠎ᠠ ᠬᠢᠪᠡ
2026-01-19 09:56:09
ᠵᠣᠬᠢᠶᠠᠭ᠍ᠴᠢ᠄
​ ᠵᠠᠩ ᠺᠦᠢ
ᠣᠩᠱᠢᠭ᠍ᠰᠠᠨ ᠣᠳᠠᠭ᠎ᠠ᠄
★★★☆☆

 ᠪᠦᠦ ᠭᠠᠩ ᠬᠠᠮᠲᠤ᠎ᠶ᠋ᠢᠨ ᠰᠤᠷᠤᠯᠴᠠᠯᠭ᠎ᠠ ᠵᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠡᠢ


1 ᠰᠠᠷ᠎ᠠ᠎ᠶ᠋ᠢᠨ 17 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ 2026 ᠣᠨ᠎ᠤ ᠠᠩᠬᠠᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠲᠦᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠢᠴᠢ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠲᠤᠰᠭᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠭᠣᠣᠯ ᠰᠡᠳᠦᠪ᠎ᠦᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠠᠮᠲᠤ᠎ᠶ᠋ᠢᠨ ᠰᠤᠷᠤᠯᠴᠠᠯᠭ᠎ᠠ᠎ᠶ᠋ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ ᠳᠡᠭᠡᠷ᠎ᠡ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠪᠦᠷᠢᠯᠳᠦᠬᠦᠨ᠎ᠨᠡᠷ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠰᠤᠷᠤᠯᠴᠠᠭ᠍ᠰᠠᠨ ᠲᠥᠷᠥᠭ᠌ᠳᠡᠯ ᠪᠠ ᠨᠠᠢᠳᠠᠪᠤᠷᠢᠵᠢᠭᠤᠯᠤᠭ᠍ᠰᠠᠨ ᠠᠷᠭ᠎ᠠ ᠬᠡᠮᠵᠢᠶ᠎ᠡ᠎ᠪᠡᠨ ᠰᠣᠯᠢᠯᠴᠠᠪᠠ᠃

ᠪᠦᠦ ᠭᠠᠩ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠂ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ᠎ᠤᠨ ᠲᠤᠬᠠᠢ ᠴᠢᠬᠤᠯᠠ ᠦᠵᠡᠯ ᠰᠠᠨᠠᠭ᠎ᠠ ᠵᠢᠴᠢ ᠨᠠᠮ᠎ᠤᠨ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠪᠠᠲᠤ ᠢᠲᠡᠭᠡᠬᠦ᠌᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠥᠪᠡᠷ᠎ᠢ᠎ᠪᠡᠨ ᠱᠠᠭᠠᠷᠳᠠᠬᠤ》 ᠴᠢᠬᠤᠯᠠ ᠱᠠᠭᠠᠷᠳᠠᠯᠭ᠎ᠠ᠎ᠶ᠋ᠢ ᠤᠬᠠᠮᠰᠠᠷ ᠡᠴᠡ᠎ᠪᠠᠨ ᠦᠢᠯᠡᠳᠦᠯᠭᠡᠵᠢᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ  《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠪᠠᠢᠴᠠᠭᠠᠨ ᠰᠤᠳᠤᠯᠤᠯᠲᠠ᠎ᠪᠠᠨ ᠴᠢᠩᠭᠠᠳᠭᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ ᠱᠢᠯᠢᠳᠡᠭ ᠰᠤᠷᠲᠠᠯ᠎ᠢᠶᠠᠷ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠪᠣᠳᠠᠲᠤ ᠠᠮᠵᠢᠯᠲᠠ ᠪᠦᠲᠦᠮᠵᠢ᠎ᠪᠡᠷ 《ᠰᠢᠯᠭᠠᠯᠳᠠ᠎ᠶᠢᠨ ᠬᠠᠭᠤᠳᠠᠰᠤ》 ᠲᠤᠱᠢᠶᠠᠬᠤ ᠬᠡᠷᠡᠭ᠌ᠲᠡᠢ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠰᠠᠨᠠᠭᠠᠴᠢᠯᠠᠭ᠎ᠠ ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠲᠥᠪ᠎ᠦᠨ ᠲᠣᠭᠣᠷᠢᠨ ᠪᠠᠢᠴᠠᠭᠠᠯᠲᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠪᠦᠬᠦ᠌ ᠬᠦᠴᠦ᠍᠎ᠪᠡᠷ᠎ᠢᠶᠡᠨ ᠰᠠᠢᠲᠤᠷ ᠠᠳᠭᠤᠬᠤ ᠬᠡᠷᠡᠭ᠌ᠲᠡᠢ᠃ ᠨᠠᠮ᠎ᠤᠨ ᠡᠯ᠎ᠡ ᠵᠦᠢᠯ᠎ᠦᠨ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠵᠤ᠂ 《ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠌》 ᠵᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠰᠤᠷᠲᠠᠯ ᠢᠯᠵᠢᠷᠡᠯ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ ᠠᠵᠢᠯ᠎ᠢ ᠭᠦᠨᠵᠡᠭᠡᠢ ᠠᠬᠢᠭᠤᠯᠵᠤ᠂ ᠵᠠᠰᠠᠭ᠎ᠤᠨ ᠣᠷᠳᠣᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠱᠠᠭᠠᠷᠳᠠᠪᠠ᠃

ᠪᠦᠦ ᠭᠠᠩ᠂ ᠨᠠᠮ᠎ᠤᠨ ᠲᠦᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢᠶᠠᠷ ᠬᠡᠪ ᠲᠠᠭᠤᠷᠢᠶᠠᠯ ᠪᠣᠯᠭᠠᠵᠤ᠂ ᠥᠷᠭᠡᠨ᠎ᠢᠶᠡᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠭᠢᠯ᠎ᠦᠨ ᠦᠭᠡ᠎ᠪᠡᠨ ᠶᠠᠷᠢᠯᠴᠠᠬᠤ᠎ᠶ᠋ᠢ ᠭᠦᠨᠵᠡᠭᠡᠢ ᠥᠷᠨᠢᠭᠦᠯᠵᠦ᠍᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢ ᠲᠥᠪ ᠴᠢᠩᠭ᠎ᠠ᠎ᠪᠠᠷ ᠥᠷᠨᠢᠭᠦᠯᠵᠦ᠍᠂ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠴᠢᠨᠠᠷ ᠰᠠᠢᠲᠠᠢ᠂ ᠰᠠᠢ᠌ᠨ ᠦᠷ᠎ᠡ ᠪᠦᠲᠦᠮᠵᠢ᠎ᠲᠡᠶ ᠬᠤᠷᠠᠯᠳᠤᠭᠤᠯᠬᠤ᠎ᠶ᠋ᠢ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号