ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠡᠴᠡ ᠲᠦᠷᠦᠭᠦᠯᠡᠨ ᠲᠦᠷᠦᠭᠦᠭᠡᠨ ᠪᠦᠬᠦ ᠤᠷᠤᠨ ᠤ 12 ᠠᠢᠮᠠᠭ ᠬᠣᠲᠠ᠎ᠶ᠋ᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠵᠢᠴᠢ 5 ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠨᠠᠮ᠎ᠤᠨ (ᠠᠵᠢᠯ ᠤᠨ) ᠬᠣᠷᠢᠶ᠎ᠠ ᠲᠠᠢ ᠬᠠᠮᠳᠤᠷᠠᠨ ᠦᠶ᠋ᠯᠡᠳᠦᠭ᠌ᠰᠡᠨ 《ᠳᠡᠷᠭᠡᠳᠡᠬᠢ ᠥᠯᠢᠭᠡᠷ ᠳᠠᠭᠤᠷᠢᠶᠠᠯ 》 ᠭᠡᠬᠦ ᠵᠠᠭᠤᠨ ᠪᠦᠯᠦᠭ᠌᠎ᠲᠦ ᠪᠢᠴᠢᠯ ᠪᠠᠷᠢᠮᠲᠠᠲᠤ ᠹᠢᠯᠢᠮ᠎ᠢ ᠥᠪᠥᠷ ᠮᠣᠩᠭᠣᠯ ᠤᠨ ᠭᠤᠤᠯ ᠪᠤᠯᠬᠤ ᠱᠢᠨ᠎ᠡ ᠵᠠᠭᠤᠴᠢᠯᠠᠭᠤᠷ ᠤᠨ ᠲᠠᠪᠴᠠᠩ᠎ᠳᠤ ᠨᠡᠪᠲᠡᠷᠡᠭᠦᠯᠪᠡ᠃ ᠡᠨᠡ ᠪᠣᠯ 《 ᠬᠤᠪᠢᠰᠬᠠᠯᠳᠤ ᠤᠮᠠᠷᠠᠳᠤ ᠬᠢᠯᠢ》 ᠭᠡᠬᠦ ᠵᠠᠭᠤᠨ ᠪᠦᠯᠦᠭ᠌᠎ᠲᠦ ᠨᠠᠮ᠎ᠤᠨ ᠬᠢᠴᠢᠶᠡᠯ᠎ᠦᠨ ᠳᠠᠷᠠᠭ᠎ᠠ ᠦᠢᠯᠡᠳᠦᠨ ᠨᠡᠪᠳᠡᠷᠡᠬᠦᠯᠦᠭᠰᠡᠨ ᠪᠠᠰᠠ ᠨᠢᠭᠡᠨ ᠱᠢᠷᠢᠰ ᠨᠠᠮ᠎ᠤᠨ ᠭᠡᠱᠢᠭᠦᠨ ᠦ ᠬᠥᠮᠦᠵᠢᠯ᠎ᠦᠨ ᠬᠢᠴᠢᠶᠡᠯ ᠪᠣᠯᠤᠨ᠎ᠠ᠃
《ᠳᠡᠷᠭᠡᠳᠡᠬᠢ ᠦᠯᠢᠭᠡᠷ ᠳᠠᠭᠤᠷᠢᠶᠠᠯ》 ᠭᠡᠬᠦ ᠵᠠᠭᠤᠨ ᠪᠦᠯᠦᠭ᠌᠎ᠲᠦ ᠪᠢᠴᠢᠯ ᠪᠠᠷᠢᠮᠲᠠᠲᠤ ᠹᠢᠯᠢᠮ ᠨᠢ ᠪᠦᠯᠦᠭ ᠪᠦᠷᠢ᠎ᠳᠡᠭᠡᠨ 5 ᠮᠢᠨᠦ᠋ᠲ ᠣᠷᠴᠢᠮ ᠪᠠᠢᠵᠤ᠂ ᠮᠥᠷᠳᠡᠨ ᠰᠡᠭᠦᠳᠡᠷᠯᠡᠬᠦ᠌᠂ ᠭᠣᠣᠯᠳᠠᠯᠭ᠎ᠠ᠎ᠲᠠᠶ ᠰᠤᠷᠪᠤᠯᠵᠢᠯᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠪᠦᠬᠦ᠌ ᠣᠷᠣᠨ᠎ᠤ ᠡᠯ᠎ᠡ ᠠᠵᠢᠯ ᠲᠦᠷᠦᠯ᠎ᠦᠨ ᠦᠨᠳᠦᠰᠦᠨ ᠱᠠᠲᠤᠨ᠎ᠤ ᠨᠠᠮ᠎ᠤᠨ ᠭᠡᠱᠢᠭᠦᠨ᠎ᠦ ᠲᠤᠬᠠᠢᠯᠠᠭ᠍ᠰᠠᠨ ᠠᠵᠢᠯ ᠳᠠᠭᠠᠨ ᠰᠢᠭᠤᠷᠬᠠᠢᠯᠠᠵᠤ᠂ ᠬᠣᠱᠢᠭᠤᠴᠢ ᠪᠣᠯᠬᠤ᠎ᠪᠠᠷ ᠮᠡᠷᠡᠢᠨ ᠴᠢᠷᠮᠠᠢᠵᠤ᠂ ᠦᠢᠯᠡᠳᠦᠯ ᠴᠢᠳᠠᠪᠤᠷᠢ ᠪᠠᠨ ᠬᠦᠢᠴᠡᠳ ᠪᠠᠳᠠᠷᠠᠭᠤᠯᠤᠭ᠍ᠰᠠᠨ ᠰᠡᠳᠭᠢᠯ ᠬᠥᠳᠡᠯᠭᠡᠮ᠎ᠡ ᠦᠯᠢᠭᠡᠷ᠎ᠢ ᠶᠠᠷᠢᠵᠤ᠂ ᠪᠦᠬᠦ᠌ ᠣᠷᠣᠨ᠎ᠳᠤ ᠰᠢᠯᠢᠳᠡᠭ᠎ᠡᠴᠡ ᠳᠠᠭᠠᠨ ᠰᠤᠷᠤᠯᠴᠠᠬᠤ᠂ ᠦᠯᠢᠭᠡᠷ ᠳᠠᠭᠤᠷᠢᠶᠠᠯ ᠪᠣᠯᠬᠤ᠎ᠪᠠᠷ ᠬᠦᠴᠦᠯᠡᠨ ᠴᠢᠷᠮᠠᠢᠬᠤ ᠥᠳᠭᠡᠨ ᠵᠤᠵᠠᠭᠠᠨ ᠠᠭᠤᠷ ᠠᠮᠢᠰᠭᠤᠯ ᠢ ᠪᠤᠢ ᠪᠣᠯᠭᠠᠵᠤ᠂ ᠠᠵᠢᠯ ᠤᠯᠭᠤᠵᠤ ᠦᠢᠯᠡᠰ ᠪᠤᠰᠭᠠᠬᠤ ᠬᠠᠯᠠᠭᠤᠨ ᠰᠡᠳᠭᠢᠯᠭᠡ᠎ᠶ᠋ᠢ ᠬᠥᠭ᠌ᠵᠢᠭᠡᠨ᠂ ᠪᠦᠯᠬᠦᠮᠳᠡᠨ ᠲᠡᠮᠡᠴᠡᠬᠦ᠌ ᠬᠦᠴᠦᠨ᠎ᠢ ᠨᠢᠭ᠍ᠲᠠᠷᠠᠭᠤᠯᠪᠠ᠃
ᠤᠢ᠍ᠢᠷ᠎ᠠ᠎ᠶ᠋ᠢᠨ ᠵᠢᠯ᠎ᠡᠴᠡ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 《ᠳᠡᠷᠭᠡᠳᠡᠬᠢ ᠦᠯᠢᠭᠡᠷ ᠳᠠᠭᠤᠷᠢᠶᠠᠯ ᠡᠴᠡ ᠰᠤᠷᠤᠯᠴᠠᠬᠤ 》 ᠠᠵᠢᠯᠯᠠᠭ᠎ᠠ᠎ᠶ᠋ᠢ ᠨᠠᠮ᠎ᠤᠨ ᠭᠡᠱᠢᠭᠦᠨ ᠦ ᠬᠥᠮᠦᠵᠢᠯ᠎ᠢ ᠭᠦᠨᠵᠡᠭᠡᠢᠷᠡᠭᠦᠯᠬᠦ᠌ ᠴᠢᠬᠤᠯᠠ ᠭᠠᠷᠳᠠᠴᠠ ᠪᠣᠯᠭᠠᠵᠤ᠂ ᠨᠠᠮ ᠤᠨ ᠭᠡᠱᠢᠭᠦᠨ᠎ᠦ ᠬᠥᠮᠦᠵᠢᠯ ᠦᠨ ᠱᠢᠷᠢᠰ ᠬᠢᠴᠢᠶᠡᠯ᠎ᠢ ᠰᠠᠢᠲᠤᠷ ᠰᠤᠷᠤᠯᠴᠠᠨ ᠰᠠᠢᠲᠤᠷ ᠬᠡᠷᠡᠭ᠌ᠯᠡᠵᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠤ ᠦᠯᠢᠭᠡᠷ ᠳᠠᠭᠤᠷᠢᠶᠠᠯ ᠡᠴᠡ ᠲᠠᠭᠠᠨ ᠰᠤᠷᠤᠯᠴᠠᠵᠤ᠂ ᠴᠠᠭ ᠦᠶ᠎ᠡ ᠶ᠋ᠢᠨ ᠡᠭᠦᠷᠭᠡ ᠬᠠᠷᠢᠭᠤᠴᠠᠯᠭ᠎ᠠ᠎ᠶ᠋ᠢ ᠵᠣᠷᠢᠭ᠍ᠲᠠᠢ ᠡᠭᠦᠷᠭᠡᠯᠡᠵᠦ᠍᠂ ᠳᠤᠮᠳᠠᠳᠤ ᠤᠯᠤᠰ ᠤᠨ ᠮᠠᠶᠢᠭ ᠦᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠬᠦ᠌᠎ᠵᠢ ᠬᠦᠳᠦᠯᠦᠨ ᠵᠢᠯᠣᠭᠣᠳᠪᠠ᠃