ᠥᠪᠥᠷ ᠮᠣᠩᠭᠣᠯ ᠰᠠᠢᠨ ᠲᠤᠷ᠎ᠠ ᠢ᠋ᠢᠨ ᠦᠢᠯᠡᠴᠢᠯᠡᠭᠡᠨ ᠎ᠤ ᠴᠢᠨᠠᠷ ᠰᠠᠢᠲᠠᠢ ᠬᠦᠭᠵᠢᠯᠲᠡ ᠵᠢ ᠦᠷᠭᠦᠯᠵᠢᠯᠡᠨ ᠠᠬᠢᠭᠤᠯᠵᠦ ᠪᠤᠢ
2026-01-19 11:03:09
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ  ᠣᠷᠣᠨ᠎ᠤ ᠨᠠᠮ᠎ᠤᠨ  ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠬᠣᠯᠪᠣᠭᠠᠲᠤ ᠬᠤᠷᠠᠯ᠎ᠤᠨ ᠭᠤᠷᠪᠠᠳᠤᠭᠠᠷ ᠬᠤᠭᠤᠴᠠᠭᠠᠨ ᠎ᠤ ᠭᠡᠰᠢᠭᠦᠳ᠎ᠦᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠢᠯᠡᠭᠡᠭᠰᠡᠨ ᠪᠠᠶᠠᠷ᠎ᠤᠨ ᠵᠠᠬᠢᠲᠠᠯ᠎ᠤᠨ ᠵᠤᠷᠢᠭ ᠰᠠᠨᠠᠭ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠶᠠᠷᠢᠯᠴᠠᠬᠤ ᠬᠤᠷᠠᠯ ᠢ᠋ ᠬᠢᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠡᠪᠯᠡᠯ᠎ᠦᠨ ᠬᠣᠷᠢᠶ᠎ᠠ᠂ ᠡᠮᠡᠭᠲᠡᠢᠴᠦᠳ᠎ᠦᠨ ᠬᠣᠯᠪᠣᠭ᠎ᠠ ᠵᠡᠷᠭᠡ 4 ᠰᠠᠯᠠᠭ᠎ᠠ ᠮᠥᠴᠢᠷ ᠨᠢᠭᠡᠴᠢ ᠪᠤᠯᠤᠨ ᠬᠥᠬᠡᠬᠣᠲᠠ᠎ᠶᠢᠨ ᠬᠣᠲᠣᠩ ᠠᠷᠠᠳ ᠎ᠤᠨ ᠲᠣᠭᠣᠷᠢᠭ᠋᠎ᠤᠨ ᠲᠦᠩ ᠳ᠋ᠣᠣ ᠵᠡᠭᠡᠯᠢ ᠭᠤᠳᠤᠮᠵᠢ᠎ᠶᠢᠨ ᠰᠠᠨ ᠱᠦᠨ ᠳ᠋ᠢᠶᠠᠨ ᠨᠡᠢᠭᠡᠮ ᠲᠣᠭᠣᠷᠢᠭ᠋᠂ ᠪᠤᠭᠤᠲᠤ ᠬᠤᠳᠠ᠎ᠶᠢᠨ ᠴᠢᠩᠱᠠᠨ ᠲᠣᠭᠣᠷᠢᠭ᠋᠎ᠤᠨ ᠯᠧᠢ ᠹᠸᠩ ᠮᠠᠰᠢᠨ ᠲᠡᠷᠭᠡᠨ ᠎ᠦ ᠠᠩᠭᠢ ᠵᠡᠷᠭᠡ ᠪᠦᠬᠦ ᠣᠷᠣᠨ᠎ᠤ 2 ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶᠢᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢᠨ ᠲᠥᠯᠥᠭᠡᠯᠡᠭᠴᠢ  ᠰᠠᠨᠠᠯ᠎ᠢᠶᠠᠨ ᠰᠣᠯᠢᠯᠴᠠᠬᠤ  ᠦᠭᠡ ᠬᠡᠯᠡᠪᠡ᠃

ᠬᠤᠷᠠᠯ ᠡᠴᠡ᠂ ᠪᠦᠬᠦ ᠣᠷᠣᠨ᠎ᠤ ᠰᠠᠢᠨ ᠳᠤᠷᠠᠴᠤᠳ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠲᠠᠳ ᠦᠢᠯᠡᠴᠢᠯᠡᠭᠡᠨ᠎ᠦ ᠳᠤᠮᠳᠠ ᠤᠯᠠᠨ ᠲᠦᠮᠡᠨ ᠎ᠢ ᠨᠢᠭ᠍ᠲᠠᠷᠠᠭᠤᠯᠵᠤ᠂ ᠨᠢᠭ᠍ᠲᠠᠷᠠᠭᠤᠯᠬᠤ ᠳᠤᠮᠳᠠ ᠤᠯᠠᠨ ᠲᠦᠮᠡᠨ᠎ᠢ ᠬᠥᠲᠥᠯᠥᠨ ᠳᠠᠭᠠᠭᠤᠯᠵᠤ᠂ ᠣᠯᠠᠨ ᠲᠦᠮᠡᠨ᠎ᠦ ᠬᠠᠮᠤᠭ᠎ᠤᠨ ᠪᠣᠳᠠᠲᠠᠢ᠂ ᠬᠠᠮᠤᠭ᠎ᠤᠨ ᠪᠠᠴᠢᠮ᠂ ᠬᠠᠮᠤᠭ᠎ᠤᠨ ᠠᠩᠬᠠᠷᠴᠤ ᠪᠠᠢᠭ᠎ᠠ ᠠᠰᠠᠭᠤᠳᠠᠯ᠎ᠤᠨ ᠲᠣᠭᠣᠷᠢᠨ᠎ᠳᠤ 《ᠳᠠᠭᠠᠷᠠᠭᠰᠠᠨ ᠬᠥᠮᠥᠨ ᠎ᠳᠦ ᠳᠠᠬᠤ ᠬᠦᠷᠭᠡᠬᠦ》 ᠮᠠᠶᠢᠭ᠋᠎ᠤᠨ ᠦᠢᠯᠡᠴᠢᠯᠡᠭᠡ᠎ᠶᠢ ᠥᠷᠨᠢᠭᠦᠯᠵᠦ᠂ 《ᠡᠪᠦᠯ᠎ᠳᠡᠭᠡᠨ ᠳᠤᠯᠠᠭᠠᠨ ᠬᠦᠷᠭᠡᠬᠦ᠂ ᠵᠣᠨ᠎ᠳᠠᠭᠠᠨ ᠰᠡᠷᠢᠭᠦᠨ ᠬᠦᠷᠭᠡᠬᠦ》᠂  ᠬᠦᠴᠢᠷᠳᠡᠯ᠎ᠲᠠᠢ ᠪᠣᠯ ᠬᠦᠴᠢᠷᠳᠡᠯ᠎ᠢ ᠨᠢ ᠰᠢᠢᠳᠪᠦᠷᠢᠯᠡᠬᠦ᠂ ᠪᠠᠴᠢᠮ ᠦᠶ᠎ᠡ᠎ᠳᠦ ᠪᠠᠴᠢᠮ ᠪᠠᠢᠳᠠᠯ᠎ᠢ ᠠᠷᠭᠠᠴᠠᠭᠠᠬᠤ᠂ 《ᠲᠡᠶ᠋ᠢᠨ᠎ᠦ ᠦᠶ᠎ᠡ᠎ᠳᠦ ᠤᠬᠳᠤᠨ ᠪᠠᠢᠯᠳᠤᠬᠤ》 ᠵᠢ ᠪᠡᠶᠡᠯᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃

ᠬᠤᠷᠠᠯ ᠡᠴᠡ᠂ ᠰᠠᠢᠨ ᠳᠤᠷ᠎ᠠ ᠎ᠶᠢᠨ ᠦᠢᠯᠡᠴᠢᠯᠡᠭᠡᠨ᠎ᠦ 《ᠭᠤᠷᠪᠠᠨ ᠶᠡᠬᠡ ᠠᠵᠢᠯᠯᠠᠭ᠎ᠠ᠂ ᠠᠷᠪᠠᠨ ᠲᠦᠷᠦᠯ ᠵᠦᠢᠯ》 ᠢ᠋ᠢᠡᠷ ᠶᠡᠷᠦᠩᠬᠡᠢᠯᠡᠨ ᠵᠢᠯᠤᠭᠣᠳᠴᠤ᠂ ᠲᠦᠷᠦᠯ ᠵᠦᠢᠯ᠎ᠦᠨ ᠲᠥᠯᠥᠪᠯᠡᠭᠡ᠂ ᠲᠦᠷᠦᠯ ᠵᠦᠢᠯ᠎ᠦᠨ ᠬᠡᠷᠡᠭᠵᠢᠭᠦᠯᠦᠯᠲᠡ᠂ ᠲᠦᠷᠦᠯ ᠵᠦᠢᠯ᠎ᠦᠨ ᠦᠨᠡᠯᠡᠯᠲᠡ᠎ᠶᠢ ᠰᠠᠢᠲᠤᠷ ᠠᠳᠬᠤᠵᠤ᠂ 《 ᠰᠠᠢᠨ ᠳᠤᠷ᠎ᠠ ᠢ᠋ᠢᠨ ᠦᠢᠯᠡᠴᠢᠯᠡᠭᠡ ᠪᠡᠷ ᠤᠮᠠᠷᠠᠲᠤ ᠬᠢᠯᠢ᠎ᠶᠢ ᠬᠡᠷᠡᠯᠲᠦᠭᠦᠯᠬᠦ》 ᠠᠵᠢᠯ᠎ᠤᠨ ᠲᠦᠷᠦᠯ ᠲᠡᠮᠳᠡᠭ᠎ᠢ ᠦᠷᠭᠦᠯᠵᠢᠯᠡᠨ ᠴᠤᠬᠴᠠᠯᠠᠬᠤ ᠬᠡᠷᠡᠭᠲᠡᠢ᠃ ᠰᠠᠢᠨ ᠳᠤᠷ᠎ᠠ᠎ᠶᠢᠨ ᠦᠢᠯᠡᠴᠢᠯᠡᠭᠡᠨ᠎ᠦ ᠬᠡᠷᠡᠭᠴᠡᠭᠡ ᠎ᠪᠡᠷ ᠤᠳᠤᠷᠢᠳᠤᠮᠵᠢ ᠪᠣᠯᠭᠠᠵᠤ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠡᠩᠨᠡᠭᠡ᠎ᠶᠢ ᠪᠠᠢᠭᠤᠯᠤᠨ ᠴᠢᠩᠭᠠᠳᠬᠠᠬᠤ ᠬᠡᠷᠡᠭᠲᠡᠢ᠃ ᠨᠠᠮ ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠂ ᠬᠥᠮᠥᠨ᠎ᠢᠶᠡᠷ ᠦᠨᠳᠦᠰᠦ ᠪᠣᠯᠭᠠᠬᠤ᠂ ᠬᠥᠮᠥᠨ ᠪᠦᠬᠦᠨ ᠣᠷᠣᠯᠴᠠᠬᠤ᠂ ᠣᠢᠷ᠎ᠠ ᠬᠠᠪᠢ᠎ᠳᠠᠭᠠᠨ ᠲᠥᠬᠥᠮ ᠦᠵᠡᠭᠦᠯᠬᠦ᠂ ᠴᠢᠳᠠᠯ᠎ᠤᠨ᠎ᠢᠶᠠᠨ ᠬᠢᠷᠢ᠎ᠪᠡᠷ ᠬᠢᠬᠦ ᠵᠠᠷᠴᠢᠮ᠎ᠢ ᠪᠠᠷᠢᠮᠲᠠᠯᠠᠨ᠂ ᠦᠢᠯᠡᠴᠢᠯᠡᠭᠡᠨ᠎ᠦ ᠠᠭᠤᠯᠭ᠎ᠠ᠎ᠶᠢ ᠪᠣᠳᠠᠲᠠᠢ ᠠᠳᠬᠤᠵᠤ᠂ ᠦᠢᠯᠡᠴᠢᠯᠡᠭᠡᠨ᠎ᠦ ᠲᠡᠰ ᠲᠠᠷᠠᠭᠠᠯᠠᠯ ᠎ᠢ ᠨᠠᠷᠢᠨ ᠠᠳᠬᠤᠵᠤ᠂ ᠪᠠᠲᠤᠯᠠᠭ᠎ᠠ ᠬᠢᠨᠠᠯᠲᠠ᠎ᠶᠢ ᠴᠢᠩᠭ᠎ᠠ ᠠᠳᠬᠤᠵᠤ᠂ ᠨᠡᠢᠭᠡᠮ ᠲᠣᠭᠣᠷᠢᠭ᠋᠎ᠤᠨ ᠰᠠᠢᠨ ᠳᠤᠷᠠᠴᠤᠳ᠎ᠤᠨ ᠦᠢᠯᠡᠴᠢᠯᠡᠭᠡ ᠬᠠᠩᠭᠠᠬᠤ᠂ ᠭᠣᠮᠣᠳᠠᠯ ᠱᠠᠭᠠᠷᠳᠠᠯᠭ᠎ᠠ᠎ᠶᠢ ᠲᠤᠰᠬᠠᠬᠤ᠂ ᠵᠥᠷᠢᠴᠡᠯ᠎ᠢ ᠠᠷᠢᠯᠭᠠᠬᠤ ᠲᠠᠯ᠎ᠠ᠎ᠪᠠᠷ ᠬᠢ ᠥᠪᠡᠷᠮᠢᠴᠡ ᠦᠢᠯᠡᠳᠦᠯ᠎ᠢ ᠢᠳᠡᠪᠬᠢᠲᠡᠢ ᠪᠠᠳᠠᠷᠠᠭᠤᠯᠬᠤ ᠬᠡᠷᠡᠭᠲᠡᠢ ᠬᠡᠵᠦ ᠱᠠᠭᠠᠷᠲᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号