ᠴᠠᠭ ᠲᠤᠬᠠᠢ᠎ᠳᠤᠨᠢ ᠪᠦᠬᠦ᠌ ᠲᠠᠯ᠎ᠠ᠎ᠪᠠᠷ 《ᠪᠡᠶ᠎ᠡ᠎ᠶᠢᠨ ᠪᠠᠢᠴᠠᠭᠠᠯᠲᠠ》 ᠬᠢᠵᠦ᠍ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ ᠤ᠋ ᠲᠠᠪᠴᠠᠩ᠎ᠢ ᠦᠨᠡᠨ ᠬᠦ᠌ ᠰᠠᠢᠨ ᠠᠱᠢᠭ᠍ᠯᠠᠮᠵᠢ ᠲᠠᠢ ᠪᠤᠯᠭᠠᠬᠤ ᠬᠡᠷᠡᠭᠳᠡᠢ
2026-01-19 10:29:08
ᠵᠣᠬᠢᠶᠠᠭ᠍ᠴᠢ᠄
ᠲᠠᠩ ᠴᠧᠩ ᠵᠦᠸᠸ
ᠣᠩᠱᠢᠭ᠍ᠰᠠᠨ ᠣᠳᠠᠭ᠎ᠠ᠄
★★★☆☆

ᠠᠭᠤᠯᠭ᠎ᠠ ᠨᠢ ᠬᠠᠭᠤᠴᠢᠷᠠᠵᠤ᠂ ᠴᠢᠳᠠᠮᠵᠢ ᠨᠢ ᠪᠦᠷᠢᠨ ᠪᠤᠰᠤ᠂ ᠪᠤᠯᠤᠩ᠎ᠢ ᠬᠣᠶᠠᠷ ᠭᠤᠷᠪᠠᠨ ᠵᠢᠯ᠎ᠦᠨ ᠡᠮᠦᠨ᠎ᠡ ᠱᠢᠨᠡᠳᠭᠡᠭᠡᠳ ᠬᠠᠶᠠᠭᠰᠠᠨ; ᠪᠤᠯᠤᠩ ᠨᠢ ᠤᠯᠠᠨ᠂ ᠶᠠᠩᠵᠤ ᠬᠡᠯᠪᠡᠷᠢ ᠨᠢ ᠤᠯᠠᠨ᠂ ᠲᠤᠪᠴᠢᠳᠠᠵᠤ ᠦᠵᠡᠪᠡᠯ ᠵᠠᠷᠢᠮ ᠦᠢᠯᠡᠴᠢᠯᠡᠭᠡ ᠨᠢ ᠤᠳᠠᠭᠠᠨ ᠬᠤᠭᠤᠴᠠᠭ᠎ᠠ《ᠵᠤᠭᠰᠤᠩᠭᠢᠷᠠᠭᠰᠠᠨ》᠂ ᠬᠡᠰᠡᠭ ᠴᠦᠷᠭᠡᠯᠡᠭᠡ ᠨᠡᠭᠡᠭᠡᠭ᠌ᠳᠡᠬᠦ᠌᠎ᠶ᠋ᠢᠨ ᠠᠷᠭ᠎ᠠ ᠦᠭᠡᠢ ᠪᠤᠯᠤᠭᠰᠠᠨ ᠁ ᠰᠤᠷᠪᠤᠯᠵᠢᠯᠠᠭ᠍ᠴᠢ ᠤᠢ᠍ᠢᠷ᠎ᠠ᠎ᠶ᠋ᠢᠨ ᠬᠤᠭᠤᠴᠠᠭᠠᠨ᠎ᠳᠤ ᠵᠡᠭᠦᠨ ᠬᠣᠢᠲᠤ᠎ᠶ᠋ᠢᠨ ᠵᠠᠷᠢᠮ ᠭᠠᠵᠠᠷ᠎ᠲᠤ ᠪᠠᠢᠴᠠᠭᠠᠨ ᠰᠤᠳᠤᠯᠤᠯᠲᠠ ᠬᠢᠵᠦ ᠣᠯᠵᠤ ᠮᠡᠳᠡᠭ᠌ᠰᠡᠨ ᠨᠢ᠂ ᠵᠠᠷᠢᠮ ᠵᠠᠰᠠᠭ᠎ᠤᠨ ᠶᠠᠪᠤᠳᠠᠯ᠎ᠤᠨ ᠰᠦᠯᠵᠢᠶ᠎ᠡ ᠪᠣᠯᠤᠨ ᠵᠠᠰᠠᠭ᠎ᠤᠨ ᠶᠠᠪᠤᠳᠠᠯ᠎ᠤᠨ ᠱᠢᠨ᠎ᠡ ᠵᠠᠭᠤᠴᠢᠯᠠᠭᠤᠷ᠎ᠤᠨ ᠳᠠᠩᠰᠠᠨ ᠨᠣᠮᠧᠷ᠎ᠤᠨ ᠦᠢᠯᠡᠴᠢᠯᠡᠭᠡ ᠨᠢ ᠵᠣᠭ᠍ᠰᠣᠵᠤ᠂ ᠤᠯᠠᠨ ᠲᠦᠮᠡᠨ ᠪᠠᠢᠴᠠᠭᠠᠨ ᠯᠠᠪᠯᠠᠬᠤ᠎ᠳᠤ ᠬᠦᠴᠢᠷ᠂ ᠤᠴᠢᠷ ᠶᠠᠪᠤᠳᠠᠯ ᠱᠢᠢᠳᠪᠦᠷᠢᠯᠡᠬᠦ᠌᠎ᠳᠦ ᠬᠦᠴᠢᠷ ᠪᠤᠯᠵᠤ᠂ 《ᠦᠭᠦᠰᠢᠷᠡᠮᠡᠯ》 ᠲᠠᠪᠴᠠᠩ ᠬᠡᠮᠡᠭᠳᠡᠪᠡ᠃

ᠡᠢᠮᠦᠷᠬᠦᠦ 《ᠪᠠᠢᠭᠤᠯᠤᠭᠠᠳ ᠬᠡᠷᠡᠭ᠌ᠯᠡᠬᠦ᠌ ᠥᠬᠡᠶ᠂ ᠬᠡᠷᠡᠭ᠌ᠯᠡᠭ᠌ᠦ᠎ᠳᠦ ᠠᠮᠢᠳᠤᠯᠢᠭ ᠪᠤᠰᠤ》 ᠵᠠᠰᠠᠭ᠎ᠤᠨ ᠶᠠᠪᠤᠳᠠᠯ᠎ᠤᠨ ᠲᠠᠪᠴᠠᠩ᠎ᠨᠢ ᠬᠡᠰᠡᠭ ᠭᠠᠵᠠᠷ ᠣᠷᠣᠨ᠎ᠳᠦ ᠯᠡ ᠪᠠᠢᠭ᠎ᠠ ᠣᠨᠴᠠᠭᠠᠶ ᠬᠡᠷᠡᠭ ᠪᠢᠰᠢ ᠶᠤᠮ᠃ ᠪᠠᠷᠠᠭᠤᠨ ᠡᠮᠦᠨᠡᠲᠦ᠍᠎ᠶ᠋ᠢᠨ ᠨᠢᠭᠡᠨ ᠮᠤᠵᠢ᠎ᠶ᠋ᠢᠨ ᠵᠠᠷᠯᠠᠨ ᠨᠡᠢᠲᠡᠯᠡᠭ᠌ᠰᠡᠨ 2025 ᠣᠨ᠎ᠤ ᠳᠥᠷᠪᠡᠳᠦᠭᠡᠷ ᠤᠯᠠᠷᠢᠯ᠎ᠤᠨ ᠪᠥᠬᠥ᠌ ᠮᠤᠵᠢ᠎ᠶ᠋ᠢᠨ ᠵᠠᠰᠠᠭ᠎ᠤᠨ ᠶᠠᠪᠤᠳᠠᠯ᠎ᠤᠨ ᠱᠢᠨ᠎ᠡ ᠵᠠᠭᠤᠴᠢᠯᠠᠭᠤᠷ᠎ᠢ ᠰᠤᠭᠤᠴᠢᠨ ᠪᠠᠢᠴᠠᠭᠠᠭ᠍ᠰᠠᠨ ᠪᠠᠢᠳᠠᠯ ᠡᠴᠡ ᠦᠵᠡᠪᠡᠯ᠂ 51 ᠲᠠᠩᠰᠠᠨ ᠨᠣᠮᠧᠷ᠎ᠦᠨ ᠠᠭᠤᠯᠭ᠎ᠠ ᠵᠢ ᠴᠠᠭ ᠲᠤᠬᠠᠶ᠎ᠳᠤᠨᠢ ᠱᠢᠨᠡᠳᠭᠡᠭ᠌ᠰᠡᠨ ᠥᠬᠡᠶ; ᠵᠡᠭᠦᠨ ᠬᠡᠰᠡᠭ᠎ᠦᠨ ᠵᠠᠷᠢᠮ ᠭᠠᠵᠠᠷ᠎ᠤᠨ᠎ᠬᠢᠨ ᠲᠦᠷᠦᠭᠦᠬᠡᠨ 700 ᠭᠠᠷᠤᠶ ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠳᠠᠪᠴᠠᠩ᠎ᠳᠦ ᠳᠠᠷᠠᠭᠠᠯᠠᠨ 《ᠪᠡᠶ᠎ᠡ᠎ᠶ᠋ᠢᠨ ᠪᠠᠢᠴᠠᠭᠠᠯᠲᠠ》 ᠬᠢᠵᠦ᠂ ᠬᠡᠰᠡᠭ ᠭᠠᠵᠠᠷ᠎ᠲᠤ ᠮᠦᠨ ᠪᠥᠲᠥᠭᠡᠨ ᠪᠠᠢᠭᠤᠯᠤᠭᠰᠠᠨ ᠨᠢ ᠲᠠᠷᠠᠬᠠᠶ ᠪᠤᠲᠠᠷᠬᠠᠶ᠂ ᠣᠷᠣᠭᠤᠯᠤᠯᠲᠠ ᠨᠢ ᠳᠠᠪᠬᠤᠷᠳᠠᠭᠰᠠᠨ᠂ ᠦᠷ᠎ᠡ ᠪᠦᠲᠦᠮᠵᠢ ᠥᠨᠳᠥᠷ ᠪᠢᠰᠢ ᠪᠠᠢᠬᠤ ᠠᠰᠠᠭᠤᠳᠠᠯ ᠣᠷᠣᠱᠢᠵᠤ ᠪᠠᠢᠬᠤ᠎ᠶ᠋ᠢ ᠣᠯᠵᠤ ᠮᠡᠳᠡᠵᠡᠶ᠃ ᠡᠨᠡ ᠮᠡᠲᠦ᠍ ᠪᠠᠢᠳᠠᠯ ᠨᠢ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠪᠦᠷᠢᠯᠭᠡᠬᠦ᠌᠎ᠪᠡᠷ ᠪᠠᠷᠠᠬᠤ ᠥᠬᠡᠶ᠂ ᠵᠠᠰᠠᠭ᠎ᠤᠨ ᠣᠷᠳᠣᠨ᠎ᠤ ᠢᠲᠡᠭᠡᠭᠦᠯᠬᠦ᠌ ᠬᠦᠴᠦᠨ᠎ᠢ ᠨᠠᠩ ᠬᠣᠬᠢᠷᠠᠭᠤᠯᠬᠤ ᠪᠣᠯᠤᠨ᠎ᠠ᠃

ᠵᠠᠰᠠᠭ᠎ᠤᠨ ᠶᠠᠪᠤᠳᠠᠯ᠎ᠤᠨ ᠲᠠᠪᠴᠠᠩ᠎ᠨᠢ ᠥᠩᠭᠡᠨ ᠳᠠᠯ᠎ᠠ᠎ᠶᠢᠨ ᠴᠢᠮᠡᠭ᠌ᠯᠡᠯ ᠪᠢᠰᠢ᠂ ᠲᠡᠭᠦᠨ᠎ᠦ ᠪᠠᠢᠭᠤᠯᠤᠯᠲᠠ᠎ᠶ᠋ᠢ ᠤᠮᠳᠤᠭᠠᠢᠯᠠᠵᠤ ᠪᠣᠯᠬᠤ ᠥᠬᠡᠶ᠃ ᠴᠠᠭ ᠲᠤᠬᠠᠶ᠎ᠳᠤᠨᠢ ᠪᠦᠬᠦ᠌ ᠲᠠᠯ᠎ᠠ᠎ᠪᠠᠷ 《ᠪᠡᠶ᠎ᠡ᠎ᠶ᠋ᠢᠨ ᠪᠠᠢᠴᠠᠭᠠᠯᠲᠠ》 ᠬᠢᠵᠦ᠍᠂ ᠵᠠᠰᠠᠬᠤ ᠶᠣᠰᠣᠲᠠᠶ᠎ᠶ᠋ᠢ ᠨᠢ ᠵᠠᠰᠠᠵᠤ᠂ ᠬᠠᠭᠠᠬᠤ ᠶᠣᠰᠣᠲᠠᠶ᠎ᠶ᠋ᠢ ᠨᠢ ᠬᠠᠭᠠᠬᠤ ᠬᠡᠷᠡᠭ᠌ᠲᠡᠶ᠃ ᠤᠯᠠᠨ ᠲᠦᠮᠡᠨ᠎ᠦ ᠶᠠᠪᠤᠳᠠᠯ ᠤᠴᠢᠷ ᠪᠦᠲᠦᠭᠡᠬᠦ᠌᠎ᠳᠦ ᠬᠡᠷᠡᠭ᠌ᠴᠡᠭᠡ᠎ᠲᠡᠶ᠂ ᠠᠵᠤ ᠠᠬᠤᠢᠯᠠᠯ᠎ᠳᠤ ᠠᠱᠢᠭ ᠬᠦᠷᠳᠡᠭᠡᠵᠦ ᠠᠷᠠᠳ᠎ᠲᠤ ᠲᠦᠬᠦᠮ ᠦᠵᠡᠬᠦᠯᠵᠦ ᠳᠡᠢᠯᠬᠦ᠌᠎ᠶ᠋ᠢ ᠨᠢ ᠠᠷᠭ᠎ᠠ ᠰᠦᠪᠡᠭ᠌ᠴᠢᠯᠡᠨ ᠠᠮᠢᠳᠤᠯᠢᠭᠵᠢᠭᠤᠯᠵᠤ᠂ ᠬᠥᠭ᠌ᠵᠢᠶᠡᠨ᠎ᠲᠡᠶ ᠪᠣᠯᠭᠠᠵᠤ᠂ ᠦᠨᠡᠨ ᠬᠦ᠌ ᠬᠡᠷᠡᠭ᠌ᠴᠡᠭᠡ᠎ᠲᠡᠶ ᠪᠣᠯᠭᠠᠬᠤ ᠬᠡᠷᠡᠭ᠌ᠲᠡᠢ᠃

ᠨᠠᠩ ᠣᠯᠠᠨ ᠦᠶ᠋ᠯᠡᠴᠢᠯᠡᠭᠡᠨ᠎ᠦ ᠵᠦᠶ᠋ᠯᠡᠰ᠎ᠢ 《ᠰᠦᠯᠵᠢᠶᠡᠨ ᠳᠡᠭᠡᠷ᠎ᠡ ᠭᠦᠶ᠋ᠴᠡᠳᠭᠡᠬᠦ᠌》᠂ 《ᠠᠯᠠᠭᠠᠨ ᠳᠡᠭᠡᠷ᠎ᠡ ᠭᠦᠶ᠋ᠴᠡᠳᠭᠡᠬᠦ᠌》᠎ᠶ᠋ᠢ ᠠᠬᠢᠭᠤᠯᠬᠤ ᠪᠣᠯ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠴᠢᠩᠭᠠᠳᠭᠠᠬᠤ ᠰᠡᠳᠦᠪ᠎ᠲᠡᠬᠢ ᠪᠠᠢᠪᠠᠰᠤ ᠵᠣᠬᠢᠬᠤ ᠠᠭᠤᠯᠭ᠎ᠠ ᠮᠥᠨ᠂ ᠦᠶ᠋ᠯᠡᠴᠢᠯᠡᠭᠡ᠎ᠶ᠋ᠢ 《ᠭᠦᠶ᠋ᠴᠡᠳᠭᠡᠵᠦ᠍ ᠳᠡᠢᠯᠬᠦ᠌》 ᠡᠴᠡ 《ᠭᠦᠶ᠋ᠴᠡᠳᠭᠡᠬᠦ᠌᠎ᠳᠦ ᠬᠢᠯᠪᠡᠷ》 ᠪᠣᠯᠭᠠᠨ ᠬᠤᠪᠢᠷᠠᠭᠤᠯᠬᠤ᠎ᠶ᠋ᠢ ᠪᠡᠶᠡᠯᠡᠭᠦᠯᠬᠦ᠌ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠤᠢ᠍ᠢᠷ᠎ᠠ᠎ᠶ᠋ᠢᠨ ᠵᠢᠯ᠎ᠡᠴᠡ᠂ ᠡᠯ᠎ᠡ ᠭᠠᠵᠠᠷ᠎ᠤᠨ ᠬᠢᠨ ᠲᠠᠪᠴᠠᠩ᠎ᠳᠤ ᠲᠦᠱᠢᠭ᠌ᠯᠡᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠱᠢᠨ᠎ᠡ᠎ᠶ᠋ᠢ ᠡᠭᠦᠳᠴᠦ᠍᠂ ᠦᠷ᠎ᠡ ᠪᠦᠲᠦᠮᠵᠢ ᠢᠯᠡᠳᠲᠡ ᠴᠢᠩᠭᠠᠷᠠᠪᠠ᠃ ᠭᠡᠪᠡᠴᠦ᠍ ᠵᠠᠷᠢᠮ ᠭᠠᠵᠠᠷ᠎ᠤᠨ ᠬᠢᠨ ᠲᠠᠪᠴᠠᠩ ᠪᠠᠢᠭᠤᠯᠬᠤ᠎ᠶ᠋ᠢ 《ᠠᠵᠢᠯ᠎ᠤᠨ ᠠᠮᠵᠢᠯᠳᠠ᠎ᠶ᠋ᠢᠨ ᠭᠦᠢᠴᠡᠳᠭᠡᠯ ᠲᠣᠭ᠎ᠠ》 ᠪᠡᠷ ᠦᠵᠡᠵᠦ᠍᠂ ᠪᠠᠢᠭᠤᠯᠵᠤ ᠳᠠᠭᠤᠰᠪᠠᠯ ᠲᠦᠮᠡᠨ ᠶᠠᠪᠤᠳᠠᠯ ᠲᠡᠭᠦᠰ ᠪᠤᠯᠤᠭᠰᠠᠨ ᠭᠡᠵᠦ ᠦᠵᠡᠳᠡᠭ; ᠪᠠᠰᠠ ᠵᠠᠷᠢᠮ ᠨᠢ ᠪᠦᠳᠦᠭᠡᠨ ᠪᠠᠢᠭᠤᠯᠤᠯᠲᠠ᠎ᠶ᠋ᠢᠨ ᠡᠬᠢᠨ᠎ᠦ ᠦᠶ᠎ᠡ᠎ᠳᠡᠭᠡᠨ ᠪᠣᠳᠠᠲᠠᠢ ᠡᠴᠡ ᠡᠭᠦᠰᠴᠦ᠍ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠭ᠌ᠰᠡᠨ ᠦᠭᠡᠢ᠂ ᠪᠠᠢᠭᠤᠯᠵᠤ ᠳᠠᠭᠤᠰᠭᠠᠭᠠᠳ ᠠᠰᠢᠭᠯᠠᠵᠤ ᠳᠡᠢᠯᠬᠦ᠌ ᠦᠭᠡᠢ ᠪᠠᠢᠵᠤ᠂ ᠡᠴᠦᠰ᠎ᠲᠡᠬᠡᠨ ᠰᠦᠯᠵᠢᠶᠡᠨ ᠳᠡᠭᠡᠷᠡᠬᠢ ᠬᠡᠯᠪᠡᠷᠢᠴᠢ ᠦᠵᠡᠯ ᠪᠤᠯᠵᠤ ᠬᠤᠪᠢᠷᠠᠵᠠᠢ᠃

ᠵᠠᠰᠠᠭ᠎ᠤᠨ ᠶᠠᠪᠤᠳᠠᠯ᠎ᠤᠨ 《ᠦᠭᠦᠰᠢᠷᠡᠮᠡᠯ》 ᠲᠠᠪᠴᠠᠩ᠎ᠢ ᠴᠡᠪᠡᠷᠯᠡᠬᠦ᠌ ᠪᠣᠯ ᠳᠠᠷᠤᠢ ᠵᠥᠪ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠦᠢᠯᠡᠳᠦᠯᠭᠡᠵᠢᠭᠦᠯᠵᠦ᠍᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠲᠠᠶᠠᠭ᠍ᠳᠠᠵᠤ᠂ 《ᠪᠦᠳᠦᠭᠡᠨ ᠪᠠᠢᠭᠤᠯᠤᠯᠲᠠ᠎ᠶ᠋ᠢ ᠴᠢᠬᠤᠯᠠᠴᠢᠯᠠᠬᠤ》 ᠡᠴᠡ 《ᠬᠠᠮᠢᠶᠠᠷᠤᠯᠲᠠ᠎ᠶ᠋ᠢ ᠴᠢᠬᠤᠯᠠᠴᠢᠯᠠᠬᠤ》 ᠲᠡᠢᠰᠢ ᠱᠢᠯᠵᠢᠵᠦ᠍᠂ 《ᠳᠡᠯᠭᠡᠨ ᠦᠵᠡᠬᠦᠯᠬᠦ᠎ᠶ᠋ᠢ ᠴᠢᠬᠤᠯᠠᠴᠢᠯᠠᠬᠤ》 ᠡᠴᠡ 《ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠬᠤ》 ᠲᠡᠢᠰᠢ ᠱᠢᠯᠵᠢᠵᠦ᠍᠂ ᠠᠷᠠᠳ ᠲᠦᠮᠡᠨ᠎ᠳᠦ ᠦᠢᠯᠡᠴᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠶᠠᠪᠤᠳᠠᠯ ᠪᠣᠯᠤᠨ᠎ᠠ᠃

ᠦᠨᠡᠯᠡᠭᠦᠱᠢᠲᠡᠶ᠎ᠨᠢ᠂ ᠵᠧᠵᠢᠶᠠᠩ᠂ ᠭᠤᠸᠠᠩᠳᠦ᠋ᠩ ᠵᠡᠷᠭᠡ ᠭᠠᠵᠠᠷ᠎ᠤᠨ᠎ᠬᠢᠨ ᠨᠢᠭᠡᠨᠲᠡ ᠠᠵᠢᠯᠯᠠᠭ᠎ᠠ ᠠᠪᠴᠤ᠌᠂ 《ᠬᠠᠭᠠᠬᠤ ᠵᠣᠭ᠍ᠰᠣᠭᠠᠬᠤ ᠨᠡᠢᠯᠡᠭᠦᠯᠬᠦ᠌ ᠬᠤᠪᠢᠷᠠᠭᠤᠯᠬᠤ》᠎ᠪᠠᠷ ᠳᠠᠮᠵᠢᠨ ᠨᠢᠭᠡ ᠪᠦᠯᠦᠭ ᠦᠷ᠎ᠡ ᠪᠦᠲᠦᠮᠵᠢ᠎ᠪᠡᠷ ᠳᠤᠤᠷ᠎ᠠ ᠦᠯᠡᠭᠦᠴᠡ ᠪᠠᠢᠭ᠎ᠠ ᠵᠠᠰᠠᠭ᠎ᠤᠨ ᠣᠷᠳᠣᠨ᠎ᠤ ᠬᠡᠷᠡᠭ᠌ᠯᠡᠭᠡᠨ ᠤ᠋ ᠳᠠᠪᠴᠠᠩ᠎ᠢ ᠱᠢᠯᠢᠳᠡᠭ᠌ᠵᠢᠭᠦᠯᠦᠨ ᠥᠭᠡᠷᠡᠴᠢᠯᠡᠪᠡ᠃ ᠨᠠᠩ ᠣᠯᠠᠨ ᠭᠠᠵᠠᠷ ᠣᠷᠣᠨ ᠪᠣᠳᠠᠲᠤ ᠪᠠᠢᠳᠠᠯ ᠡᠴᠡ᠎ᠪᠠᠨ ᠡᠭᠦᠰᠴᠦ᠍ 《ᠶᠡᠬᠡ ᠴᠡᠪᠡᠷᠯᠡᠭᠡ》᠂ 《ᠶᠡᠬᠡ ᠲᠣᠬᠢᠷᠠᠭᠤᠯᠤᠯᠲᠠ》 ᠬᠢᠵᠦ᠍᠂ ᠵᠠᠰᠠᠭ᠎ᠤᠨ ᠶᠠᠪᠤᠳᠠᠯ᠎ᠤᠨ ᠲᠠᠪᠴᠠᠩ᠎ᠢ ᠦᠨᠡᠨ ᠬᠦ᠌ ᠰᠠᠢᠨ ᠠᠰᠢᠭᠯᠠᠮᠵᠢ ᠲᠠᠢ ᠪᠤᠯᠭᠠᠵᠤ᠂ ᠬᠡᠷᠡᠭ᠌ᠯᠡᠬᠦ᠎ᠳᠦ ᠲᠥᠬᠥᠮ᠎ᠦᠨ ᠬᠡᠮᠵᠢᠶ᠎ᠡ ᠪᠠ ᠠᠵᠤ ᠠᠬᠤᠢᠯᠠᠯ᠂ ᠣᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌᠎ᠶ᠋ᠢ ᠬᠦᠰᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号