ᠣᠯᠠᠨ ᠨᠡᠢᠲᠡ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠦᠶ᠋ᠯᠡᠴᠢᠯᠡᠭᠡᠨ᠎ᠦ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠲᠦᠷᠦᠭᠦᠭᠡᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ ᠪᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠬᠠᠮᠲᠤᠷᠠᠨ 2026 ᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠤ᠋ ᠰᠦᠶ᠋ᠳᠭᠡᠯ ᠬᠤᠷᠢᠶᠠᠬᠤ ᠥᠬᠡᠶ᠎ᠪᠡᠷ ᠨᠡᠭᠡᠭᠡᠯᠳᠠ ᠬᠢᠬᠦ ᠲᠤᠰᠠᠯᠠᠮᠵᠢ᠎ᠶ᠋ᠢᠨ ᠪᠠᠯᠠ ᠮᠥᠩᠭᠥ᠎ᠶ᠋ᠢ 5323 ᠲᠦᠮᠡᠨ ᠲᠥᠭᠥᠷᠢᠭ ᠤᠷᠢᠳᠴᠢᠯᠠᠨ ᠪᠠᠭᠤᠯᠭᠠᠵᠤ᠂ ᠪᠥᠬᠥ᠌ ᠣᠷᠣᠨ᠎ᠤ 63 ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠤ ᠬᠡᠪ᠎ᠦᠨ ᠠᠵᠢᠯᠯᠠᠭᠠᠨ ᠪᠠ ᠰᠦᠶ᠋ᠳᠭᠡᠯ ᠬᠤᠷᠢᠶᠠᠬᠤ ᠥᠬᠡᠶ᠎ᠪᠡᠷ ᠨᠡᠭᠡᠭᠡᠯᠳᠠ ᠬᠢᠬᠦ᠎ᠳᠦ ᠡᠳ᠋᠎ᠦᠨ ᠬᠦᠴᠦᠨ᠎ᠦ ᠪᠠᠲᠤᠯᠠᠭ᠎ᠠ ᠬᠠᠩᠭᠠᠪᠠ᠃
ᠣᠢᠯᠠᠭᠠᠭ᠍ᠰᠠᠨ᠎ᠢᠶᠠᠷ᠂ ᠲᠤᠰ ᠤᠳᠠᠭᠠᠨ᠎ᠤ ᠪᠠᠭᠤᠯᠭᠠᠭᠰᠠᠨ ᠪᠠᠯᠠ ᠮᠥᠩᠭᠥ᠎ᠶ᠋ᠢ ᠭᠤᠤᠯᠳᠠᠭᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠤ ᠡᠳᠦᠷ ᠲᠤᠲᠤᠮ᠎ᠤᠨ ᠠᠵᠢᠯᠯᠠᠭᠠᠨ᠎ᠤ ᠬᠠᠮᠠᠭᠠᠯᠠᠯᠲᠠ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠦᠵᠡᠭᠦᠯᠭᠡ᠎ᠶ᠋ᠢᠨ ᠬᠥᠮᠦᠵᠢᠯ᠎ᠦᠨ ᠲᠥᠬᠥᠭᠡᠷᠦᠮᠵᠢ᠎ᠶ᠋ᠢᠨ ᠱᠢᠨᠡᠴᠢᠯᠡᠯᠲᠡ᠂ ᠠᠮᠤᠷ ᠲᠦᠪᠱᠢᠨ᠎ᠦ ᠬᠠᠮᠠᠭᠠᠯᠠᠯᠲᠠ᠎ᠶ᠋ᠢᠨ ᠪᠠᠲᠤᠯᠠᠭ᠎ᠠ ᠵᠢᠴᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢᠨ ᠥᠷᠨᠢᠯᠲᠡ ᠵᠡᠷᠭᠡ᠎ᠶ᠋ᠢ ᠳᠡᠮᠵᠢᠬᠦ᠌᠎ᠳᠦ ᠬᠡᠷᠡᠭ᠌ᠯᠡᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠤ ᠰᠦᠶ᠋ᠳᠭᠡᠯ ᠬᠤᠷᠢᠶᠠᠬᠤ ᠥᠬᠡᠶ᠎ᠪᠡᠷ ᠴᠢᠯᠥᠭᠡᠲᠡᠶ ᠨᠡᠭᠡᠭᠡᠬᠦ᠌ ᠦᠷᠭᠦᠯᠵᠢᠯᠡᠭ᠌ᠰᠡᠨ ᠦᠶ᠋ᠯᠡᠴᠢᠯᠡᠭᠡ᠎ᠶ᠋ᠢ ᠳᠡᠮᠵᠢᠬᠦ᠌᠎ᠪᠡᠷ ᠳᠠᠮᠵᠢᠭᠤᠯᠤᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠴᠢᠨᠠᠷ ᠰᠠᠢᠲᠠᠶ ᠡᠬᠢ ᠪᠠᠶᠠᠯᠢᠭ᠎ᠤᠨ ᠬᠠᠮᠤᠷᠬᠤ ᠬᠡᠪᠴᠢᠶ᠎ᠡ᠎ᠶ᠋ᠢ ᠪᠦᠲᠦᠮᠵᠢᠲᠡᠶ ᠥᠷᠭᠡᠳᠭᠡᠨ᠎ᠡ᠃ ᠪᠠᠯᠠ ᠮᠥᠩᠭᠥ᠎ᠶ᠋ᠢ ᠤᠷᠢᠳᠴᠢᠯᠠᠨ ᠪᠠᠭᠤᠯᠭᠠᠭ᠍ᠰᠠᠨ ᠨᠢ ᠪᠥᠬᠥ᠌ ᠣᠷᠣᠨ᠎ᠤ ᠡᠯ᠎ᠡ ᠱᠠᠲᠤᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠤ ᠦᠵᠡᠭᠦᠯᠭᠡ᠎ᠶ᠋ᠢᠨ ᠲᠢᠩᠬᠢᠮ᠎ᠢ ᠱᠢᠯᠢᠳᠡᠭ᠌ᠵᠢᠭᠦᠯᠬᠦ᠌᠂ ᠦᠵᠡᠭᠦᠯᠭᠡ᠎ᠶ᠋ᠢᠨ ᠡᠳ᠋᠎ᠢ ᠳᠠᠬᠢᠨ ᠣᠷᠣᠯᠠᠭᠤᠯᠬᠤ ᠪᠠ ᠤᠨᠴᠠᠯᠢᠬ᠍ᠳᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠲᠥᠷᠥᠯ ᠵᠦᠶ᠋ᠯ᠎ᠦᠨ ᠲᠥᠯᠥᠪᠵᠢᠭᠦᠯᠭᠡ᠎ᠶ᠋ᠢ ᠯᠠᠪᠳᠠᠭᠤᠨ᠎ᠢᠶᠠᠷ ᠠᠬᠢᠭᠤᠯᠵᠤ᠂ ᠱᠢᠨ᠎ᠡ ᠨᠢᠭᠡ ᠵᠢᠯ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠰᠠᠭᠤᠷᠢ ᠲᠠᠯᠪᠢᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠲᠠᠯᠠᠪᠠᠶ ᠣᠷᠳᠣᠨ᠎ᠤ ᠡᠳᠦᠷ ᠲᠤᠲᠤᠮ᠎ᠤᠨ ᠠᠵᠢᠯᠯᠠᠭ᠎ᠠ᠎ᠨᠢ ᠤᠯᠠᠮ ᠨᠢᠭᠡ ᠠᠯᠬᠤᠮ ᠪᠠᠲᠤᠯᠠᠬᠤ᠎ᠳᠤ ᠠᠱᠢᠭ᠍ᠲᠠᠶ ᠶᠤᠮ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号