ᠦᠪᠤᠷ ᠮᠤᠡᠭᠭᠤᠯ ᠠᠮᠠᠷᠠᠯᠳᠠ ᠎ᠵᠢᠨ ᠬᠤᠭᠤᠴᠠᠭᠠᠨ ᠎ᠤ ᠵᠠᠬ᠎ᠠ ᠳᠡᠯᠭᠡᠭᠦᠷ ᠤ᠋ᠨ ᠲᠤᠬᠲᠠᠭᠤᠨ ᠪᠦᠭᠡᠳ ᠡᠮᠬᠢ ᠵᠢᠷᠦᠮ ᠲᠠᠢ ᠪᠠᠢᠬᠤ ᠵᠢ ᠪᠠᠲᠤᠯᠠᠵᠤ ᠪᠤᠢ
2026-01-19 10:53:20
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ᠎ᠤᠨ ᠬᠢᠨ ᠲᠦᠷᠦᠬᠦᠬᠡᠨ ᠬᠡᠷᠡᠭ᠌ᠯᠡᠭᠡᠨ ᠤ᠋  ᠬᠠᠯᠠᠮᠱᠢᠯ ᠴᠡᠭ ᠬᠢᠭᠡᠳ ᠠᠮᠤᠷ ᠲᠦᠪᠱᠢᠨ᠎ᠤ ᠲᠠᠯ᠎ᠠ ᠪᠠᠷ ᠬᠢᠨᠠᠯᠲᠠ ᠪᠠᠢᠴᠠᠭᠠᠯᠲᠠ ᠬᠢᠵᠤ᠂ ᠢᠳᠡᠭᠡᠨ᠂ ᠡᠮ ᠤ᠋ᠨ ᠵᠦᠶ᠋ᠯ᠂ ᠣᠨᠴᠠ ᠲᠥᠷᠥᠯ ᠤ᠋ᠨ ᠲᠥᠬᠥᠭᠡᠷᠦᠮᠵᠢ ᠶ᠋ᠢᠨ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠵᠢ ᠴᠢᠩᠭᠠᠳᠭᠠᠬᠤ ᠪᠡᠷ ᠳᠠᠮᠵᠢᠭᠤᠯᠤᠨ᠂ ᠵᠠᠬ᠎ᠠ ᠳᠡᠯᠭᠡᠭᠦᠷ ᠤ᠋ᠨ ᠦᠨ᠎ᠡ ᠬᠠᠩᠰᠢ ᠬᠢᠭᠡᠳ ᠬᠡᠮᠵᠢᠯᠲᠡ ᠶ᠋ᠢᠨ ᠠᠵᠢᠯᠯᠠᠭ᠎ᠠ ᠵᠢ ᠵᠢᠷᠤᠮᠵᠢᠭᠤᠯᠵᠤ᠂ ᠡᠵᠡᠩᠨᠡᠭ᠌ᠴᠢ ᠶ᠋ᠢᠨ ᠦᠨᠡᠨᠴᠢ ᠢᠲᠡᠭᠡᠮᠵᠢᠲᠡᠶ ᠪᠡᠷ  ᠥᠪᠡᠷ  ᠢ᠋  ᠪᠠᠨ   ᠱᠠᠭᠠᠷᠳᠠᠬᠤ ᠵᠢ ᠱᠠᠯᠠᠪᠳᠠᠭᠤᠯᠵᠤ᠂ ᠬᠡᠷᠡᠭ᠌ᠯᠡᠭ᠌ᠴᠢᠳ ᠤ᠋ᠨ ᠬᠠᠤᠯᠢ ᠶᠣᠰᠣᠨ ᠤ᠋ ᠡᠷᠬᠡ ᠠᠱᠢᠭ ᠢ᠋ ᠪᠦᠲᠦᠮᠵᠢᠲᠡᠶ ᠬᠠᠮᠠᠭᠠᠯᠠᠵᠤ ᠪᠤᠢ᠃

ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠤᠪᠤᠭ᠎ᠠ ᠲᠣᠰᠭᠣᠨ᠂ ᠱᠢᠨᠬᠤᠸᠠ ᠠᠭᠤᠳᠠᠮ ᠲᠠᠯᠠᠪᠠᠶ ᠵᠡᠷᠭᠡ ᠬᠤᠳᠠᠯᠳᠤᠭ᠎ᠠ ᠨᠢᠭ᠍ᠲᠠᠷᠠᠭ᠍ᠰᠠᠨ᠂ ᠬᠥᠮᠦᠨ ᠤ᠋ ᠤᠷᠤᠰᠭᠠᠯ ᠶᠡᠬᠡ ᠲᠠᠢ ᠲᠠᠯᠠᠪᠠᠶ ᠵᠢᠴᠢ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠠᠷᠠᠯᠵᠢᠶᠠᠨ ᠤ᠋ ᠵᠠᠬ᠎ᠠ ᠳᠡᠯᠭᠡᠭᠦᠷ᠂ ᠬᠤᠳᠠᠯᠳᠤᠭᠠᠨ ᠤ᠋ ᠬᠠᠮ ᠳᠡᠯᠭᠡᠭᠦᠷ ᠵᠡᠷᠭᠡ ᠭᠤᠤᠯᠳᠠᠯᠭ᠎ᠠ ᠲᠠᠢ ᠠᠷᠠᠯᠵᠢᠶᠠᠨ ᠤ᠋ ᠲᠠᠯᠠᠪᠤᠷ ᠲᠦ᠍ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠵᠠᠬ᠎ᠠ ᠳᠡᠯᠭᠡᠭᠦᠷ ᠤ᠋ᠨ ᠡᠵᠡᠩᠨᠡᠯᠲᠡ ᠶ᠋ᠢᠨ ᠡᠮᠬᠢ ᠵᠢᠷᠦᠮ ᠵᠢᠴᠢ ᠢᠳᠡᠭᠡᠨ ᠤ᠋ ᠠᠮᠤᠷ ᠲᠦᠪᠱᠢᠨ ᠤ᠋ ᠪᠠᠲᠤᠯᠠᠭ᠎ᠠ ᠶ᠋ᠢᠨ ᠱᠠᠯᠠᠪᠳᠠᠭᠤᠯᠤᠨ ᠵᠢᠯᠣᠭᠣᠳᠴᠤ᠌ ᠪᠠᠢᠴᠠᠭᠠᠬᠤ ᠠᠵᠢᠯ ᠢ᠋ ᠥᠷᠨᠢᠭᠦᠯᠪᠡ᠃ ᠪᠤᠭᠤᠲᠤ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠪᠠᠶᠠᠷ ᠤ᠋ᠨ ᠡᠳᠦᠷ ᠤ᠋ᠨ ᠬᠠᠮᠲᠤ ᠶ᠋ᠢᠨ ᠬᠣᠭᠣᠯᠠ᠂ ᠬᠤᠷᠢᠮ ᠨᠠᠢᠷ ᠢ᠋ ᠳᠠᠭᠠᠭᠠᠴᠢᠯᠠᠨ ᠡᠷᠬᠢᠯᠡᠬᠦ ᠢᠳᠡᠭᠡᠨ ᠤᠮᠳᠠᠭᠠᠨ ᠤ᠋ ᠨᠢᠭᠡᠴᠢ ᠵᠢᠴᠢ ᠭᠡᠯᠬᠢᠶᠡᠵᠢᠭ᠌ᠰᠡᠨ ᠢᠳᠡᠭᠡᠨ ᠤᠮᠳᠠᠭᠠᠨ ᠤ᠋ ᠨᠢᠭᠡᠴᠢ᠂ ᠵᠠᠬᠢᠶᠠᠯᠠᠭ᠎ᠠ ᠶ᠋ᠢᠨ ᠬᠣᠭᠣᠯᠠ ᠬᠤᠳᠠᠯᠳᠤᠬᠤ ᠡᠵᠡᠩᠨᠡᠭ᠌ᠴᠢ ᠪᠡᠷ ᠭᠤᠤᠯᠳᠠᠯᠭ᠎ᠠ ᠲᠠᠢ ᠡᠲᠡᠭᠡᠳ ᠪᠣᠯᠭᠠᠵᠤ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠡᠳ᠋ᠱᠢᠭᠦᠯᠦᠨ ᠪᠣᠯᠪᠠᠰᠤᠷᠠᠭᠤᠯᠬᠤ ᠠᠵᠢᠯᠯᠠᠭ᠎ᠠ᠂ ᠬᠣᠭᠣᠯᠠᠨ ᠤ᠋ ᠰᠠᠪᠠ ᠬᠡᠷᠡᠭ᠌ᠰᠡᠯ ᠢ᠋ ᠠᠷᠢᠭᠤᠳᠭᠠᠬᠤ  ᠪᠥᠬᠥ᠌ ᠶᠠᠪᠤᠴᠠ ᠶ᠋ᠢᠨ ᠬᠢᠨᠠᠯᠲᠠ ᠬᠠᠮᠢᠶᠠᠷᠤᠯᠲᠠ ᠵᠢ ᠴᠢᠩᠭᠠᠳᠭᠠᠪᠠ᠃ ᠬᠥᠯᠥᠨ ᠪᠣᠢᠷ ᠬᠣᠲᠠ ᠶ᠋ᠢᠨ ᠵᠠᠬ᠎ᠠ  ᠳᠡᠯᠭᠡᠭᠦᠷ  ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠎ᠵᠢᠨ ᠬᠢᠨ ᠭᠤᠤᠯᠳᠠᠯᠭ᠎ᠠ ᠲᠠᠢ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ᠂ ᠢᠳᠡᠭᠡᠨ ᠤᠮᠳᠠᠭᠠᠨ ᠤ᠋ ᠳᠡᠯᠭᠡᠭᠦᠷ ᠵᠢᠴᠢ ᠡᠷᠬᠢᠨ ᠲᠣᠭᠣᠷᠢᠨ ᠤ᠋  ᠪᠠᠭᠤᠳᠠᠯ  ᠵᠡᠷᠭᠡ  ᠭᠤᠤᠯ  ᠣᠷᠣᠨ ᠪᠦᠰᠡ ᠳ᠋ᠤ  ᠠᠶᠤᠯ  ᠲᠦᠭ᠌ᠰᠢᠭᠦᠷᠢ ᠶ᠋ᠢᠨ ᠦᠨᠡᠯᠡᠨ ᠵᠢᠱ᠌ᠢᠯᠲᠡ ᠵᠢ  ᠪᠥᠬᠥ᠌  ᠲᠠᠯ᠎ᠠ   ᠪᠡᠷ ᠥᠷᠨᠢᠭᠦᠯᠪᠡ᠃ ᠬᠢᠩᠭᠠᠨ ᠠᠢᠮᠠᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠣᠨᠴᠠ ᠲᠥᠷᠥᠯ ᠤ᠋ᠨ ᠲᠥᠬᠥᠭᠡᠷᠦᠮᠵᠢ ᠶ᠋ᠢᠨ ᠠᠮᠤᠷ ᠲᠦᠪᠱᠢᠨ ᠤ᠋ ᠪᠠᠢᠴᠠᠭᠠᠯᠲᠠ ᠶ᠋ᠢᠨ ᠠᠵᠢᠯᠯᠠᠬᠤ ᠳᠤᠭᠤᠢᠯᠠᠩ ᠪᠠᠢᠭᠤᠯᠵᠤ᠂ ᠭᠣᠣᠯᠳᠠᠭᠤ ᠣᠨᠴᠠ ᠲᠦᠷᠦᠯ ᠤ᠋ᠨ ᠲᠥᠬᠥᠭᠡᠷᠦᠮᠵᠢ ᠵᠢ ᠬᠡᠷᠡᠭ᠌ᠯᠡᠬᠦ᠌   ᠨᠢᠭᠡᠴᠢ ᠶ᠋ᠢᠨ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠵᠢ ᠨᠠᠢᠳᠠᠪᠤᠷᠢᠵᠢᠭᠤᠯᠤᠭ᠍ᠰᠠᠨ ᠪᠠᠢᠳᠠᠯ᠂ ᠡᠯ᠎ᠡ ᠵᠦᠶ᠋ᠯ ᠤ᠋ᠨ ᠠᠮᠤᠷ ᠲᠦᠪᠱᠢᠨ ᠤ᠋ ᠳᠦᠷᠢᠮ ᠢ᠋ ᠲᠤᠬᠳᠠᠭᠠᠬᠰᠠᠨ ᠪᠠᠢᠳᠠᠯ᠂ ᠬᠡᠷᠡᠭᠯᠡᠵᠦ ᠪᠠᠢᠭ᠎ᠠ ᠣᠨᠴᠠ ᠲᠥᠷᠥᠯ ᠤ᠋ᠨ ᠲᠥᠬᠥᠭᠡᠷᠦᠮᠵᠢ ᠵᠢ ᠱᠢᠯᠭᠠᠨ ᠪᠠᠢᠴᠠᠭᠠᠭ᠍ᠰᠠᠨ ᠪᠠᠢᠳᠠᠯ ᠵᠡᠷᠭᠡ ᠎ᠳᠤ ᠪᠠᠢᠴᠠᠭᠠᠯᠳᠠ ᠬᠢᠪᠠ᠃ ᠤᠯᠠᠭᠠᠨᠬᠠᠳᠠ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠬᠣᠲᠠ ᠬᠥᠳᠡᠭᠡ ᠶ᠋ᠢᠨ ᠠᠭᠤᠯᠵᠠᠷ ᠬᠡᠰᠡᠭ᠂ ᠮᠠᠯᠵᠢᠬᠤ ᠲᠠᠷᠢᠶᠠᠯᠠᠬᠤ ᠣᠷᠣᠨ ᠢ᠋ᠶ᠋ᠡᠷ ᠭᠤᠤᠯᠳᠠᠯᠭ᠎ᠠ ᠲᠠᠢ ᠣᠷᠣᠨ ᠪᠦᠰᠡ ᠪᠤᠯᠭᠠᠵᠤ᠂ ᠮᠢᠬᠠᠨ ᠤ᠋ ᠦᠢᠯᠡᠳᠬᠦᠨ᠂ ᠢᠳᠡᠱᠢᠨ ᠤ᠋ ᠲᠣᠰᠣ᠂ ᠬᠠᠷ᠎ᠠ ᠠᠷᠢᠬᠢ᠂ ᠣᠨᠴᠠᠭᠠᠶ ᠢᠳᠡᠭᠡᠨ᠂ ᠢᠳᠡᠱᠢᠨ ᠤ᠋ ᠲᠠᠷᠢᠶᠠᠯᠠᠩ ᠤ᠋ᠨ ᠪᠦᠲᠦᠭᠡᠭ᠌ᠳᠡᠬᠦᠨ ᠵᠡᠷᠭᠡ ᠳ᠋ᠤ ᠠᠮᠤᠷ ᠲᠦᠪᠱᠢᠨ ᠤ᠋ ᠭᠡᠮ ᠰᠤᠭᠤᠭ ᠢ᠋ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ ᠢ᠋ ᠵᠣᠬᠢᠶᠠᠨ ᠪᠠᠢᠭᠤᠯᠤᠨ ᠥᠷᠨᠢᠭᠦᠯᠪᠡ᠃ ᠱᠢᠯᠢ ᠶ᠋ᠢᠨ ᠭᠤᠤᠯ ᠠᠢᠮᠠᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠱᠢᠨ᠎ᠡ ᠵᠢᠯ᠎ᠦᠨ ᠠᠮᠠᠷᠠᠯᠳᠠ᠎ᠵᠢᠨ ᠬᠤᠭᠤᠴᠠᠭᠠᠨ ᠤ᠋ ᠬᠡᠮᠵᠢᠯᠲᠡ ᠶ᠋ᠢᠨ ᠬᠢᠨᠠᠯᠲᠠ ᠲᠠᠯᠪᠢᠬᠤ ᠲᠤᠰᠭᠠᠶ ᠪᠠᠢᠴᠠᠭᠠᠯᠲᠠ ᠶ᠋ᠢᠨ ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠪᠡ᠃ ᠤᠯᠠᠭᠠᠨᠴᠠᠪ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠰᠢᠨ᠎ᠠ ᠵᠢᠯ᠎ᠦᠨ ᠠᠮᠠᠷᠠᠯᠳᠠ᠎ᠵᠢᠨ ᠡᠳᠦᠷ ᠤ᠋ᠨ ᠵᠠᠬ᠎ᠠ ᠳᠡᠯᠭᠡᠭᠦᠷ ᠤ᠋ᠨ ᠦᠨ᠎ᠡ ᠬᠠᠩᠰᠢ ᠶ᠋ᠢᠨ ᠪᠠᠢᠳᠠᠯ᠎ᠳᠤ ᠲᠤᠰᠭᠠᠶ  ᠬᠢᠨᠠᠯᠲᠠ ᠪᠠᠢᠴᠠᠭᠠᠯᠲᠠ ᠥᠷᠨᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号