ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠲᠦᠷᠦᠬᠦᠬᠡᠨ ᠳ᠋ᠤ ᠭᠤᠷᠪᠠᠳᠤᠭᠠᠷ ᠬᠤᠭᠤᠴᠠᠭᠠᠨ ᠤ᠋ 《ᠥᠪᠥᠷ ᠮᠣᠩᠭᠣᠯ ᠤ᠋ᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠲᠠᠨᠢᠯᠴᠠᠭᠤᠯᠤᠭᠴᠢ》 ᠶ᠋ᠢᠨ ᠦᠵᠡᠭᠦᠯᠭᠡ ᠪᠠ ᠤᠬᠠᠭᠤᠯᠤᠨ ᠲᠠᠨᠢᠯᠴᠠᠭᠤᠯᠬᠤ ᠬᠤᠷᠠᠯ ᠶ᠋ᠢᠡᠷ ᠳᠠᠮᠵᠢᠨ ᠳᠠᠬᠢᠨᠲᠠ 100 ᠰᠢᠯᠢᠳᠡᠭ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠲᠠᠨᠢᠯᠴᠠᠭᠤᠯᠤᠭᠴᠢ ᠵᠢ ᠰᠢᠯᠭᠠᠷᠠᠭᠤᠯᠤᠨ ᠭᠠᠷᠭᠠᠵᠤ᠂ ᠠᠯᠪᠠᠨ ᠤ᠋ ᠲᠠᠯ᠎ᠠ ᠶ᠋ᠢᠨ ᠬᠡᠷᠡᠴᠢᠯᠡᠯ ᠤᠯᠭᠤᠪᠠ᠃ ᠤᠳᠤ ᠦᠪᠤᠷ ᠮᠤᠡᠭᠭᠤᠯ ᠨᠡᠢᠲᠡ 300 ᠰᠢᠬᠠᠮ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠲᠠᠨᠢᠯᠴᠠᠭᠤᠯᠤᠭᠴᠢ ᠲᠠᠢ ᠪᠤᠯᠵᠠᠢ᠃
ᠭᠤᠷᠪᠠᠳᠤᠭᠠᠷ ᠬᠤᠭᠤᠴᠠᠭᠠᠨ ᠤ᠋ 《ᠥᠪᠥᠷ ᠮᠣᠩᠭᠣᠯ ᠤ᠋ᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠲᠠᠨᠢᠯᠴᠠᠭᠤᠯᠤᠭᠴᠢ》 ᠵᠢᠨ ᠱᠢᠯᠭᠠᠷᠠᠭᠤᠯᠬᠤ ᠤᠷᠤᠯᠳᠤᠭᠠᠨ ᠳ᠋ᠤ ᠮᠠᠯ ᠠᠵᠤ ᠠᠬᠤᠢ ᠲᠠᠷᠢᠶᠠᠯᠠᠡᠭ ᠳ᠋ᠤ ᠳᠤᠷ᠎ᠡ ᠪᠠᠬ᠎ᠠ ᠲᠠᠢ᠂ ᠲᠦᠷᠦᠯ ᠲᠡᠮᠲᠡᠭ ᠢ᠋ ᠳᠡᠯᠭᠡᠷᠡᠭᠦᠯᠬᠦ ᠪᠡᠷ ᠬᠦᠴᠦᠯᠡᠨ ᠴᠢᠷᠮᠠᠢᠵᠤ ᠪᠠᠢᠭ᠎ᠠ ᠡᠯ᠎ᠡ ᠭᠠᠵᠠᠷ ᠤ᠋ᠨ ᠤᠯᠠᠨ ᠴᠢᠳᠠᠪᠤᠷᠢᠲᠠᠨ ᠤᠷᠤᠯᠴᠠᠪᠠ᠃ ᠠᠩᠬᠠᠨ ᠤ᠋ ᠤᠷᠤᠯᠳᠤᠭᠠᠨ᠂ ᠬᠠᠳᠠᠭᠤ ᠴᠢᠩᠭ᠎ᠠ ᠰᠢᠭᠰᠢᠭᠡ ᠤᠷᠤᠯᠳᠤᠭᠠᠨ ᠪᠠ ᠬᠤᠷᠴᠠ ᠰᠢᠷᠤᠬᠦᠨ ᠱᠢᠶ᠋ᠳᠪᠦᠷᠢᠲᠦ ᠤᠷᠤᠯᠳᠤᠭᠠᠨ ᠵᠢᠡᠷ ᠳᠠᠮᠵᠢᠨ ᠡᠴᠦᠰ ᠲᠡᠬᠡᠨ 100 ᠰᠢᠯᠢᠳᠡᠭ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠲᠠᠨᠢᠯᠴᠠᠭᠤᠯᠤᠭᠴᠢ ᠵᠢ ᠰᠢᠯᠭᠠᠷᠠᠭᠤᠯᠤᠨ ᠭᠠᠷᠭᠠᠭᠰᠠᠨ ᠪᠦᠬᠡᠳ ᠪᠦᠲᠦᠭᠡᠯᠴᠢ ᠰᠡᠳᠭᠢᠬᠦᠢ ᠪᠠ ᠪᠣᠳᠠᠲᠤ ᠦᠷ᠎ᠡ ᠪᠦᠲᠦᠮᠵᠢ ᠶ᠋ᠢ ᠬᠠᠪᠰᠤᠷᠭᠠᠭ᠍ᠰᠠᠨ 66 ᠬᠤᠪᠢ ᠱᠢᠯᠢᠳᠡᠭ ᠪᠦᠲᠦᠭᠡᠯ ᠢ᠋ ᠦᠨᠡᠯᠡᠨ ᠲᠤᠭᠲᠠᠭᠠᠪᠠ᠃ ᠲᠤᠰ ᠬᠤᠭᠤᠴᠠᠭᠠᠨ ᠤ᠋ ᠤᠷᠤᠯᠳᠤᠭᠠᠨ ᠳ᠋ᠤ ᠱᠠᠩᠨᠠᠯ ᠬᠦᠷᠲᠡᠭ᠌ᠰᠡᠳ ᠲᠤᠰᠭᠠᠶ ᠮᠡᠷᠭᠡᠵᠢᠯ ᠤ᠋ᠨ ᠬᠡᠪ ᠪᠣᠯᠪᠠᠰᠤᠷᠠᠯ᠂ ᠱᠢᠨ᠎ᠡ ᠶ᠋ᠢ ᠡᠭᠦᠳᠦᠨ ᠳᠡᠯᠭᠡᠷᠡᠭᠦᠯᠬᠦ᠌ ᠣᠢᠯᠠᠭᠠᠭ᠍ᠳᠠᠬᠤᠨ ᠵᠢᠴᠢ ᠦᠢᠯᠡᠳᠦᠯᠭᠡ ᠶ᠋ᠢᠨ ᠦᠷ᠎ᠡ ᠪᠦᠲᠦᠭᠡᠯ ᠶ᠋ᠢᠡᠷ ᠶ᠋ᠢᠡᠨ ᠦᠩᠬᠡᠷᠡᠭᠰᠡᠨ ᠬᠤᠭᠤᠴᠠᠭᠠᠨ ᠤ᠋ ᠤᠷᠤᠯᠳᠤᠭᠠᠨ ᠳ᠋ᠤ ᠰᠢᠯᠭᠠᠷᠠᠵᠤ ᠭᠠᠷᠤᠭᠰᠠᠨ ᠱᠢᠯᠢᠳᠡᠭ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠲᠠᠨᠢᠯᠴᠠᠭᠤᠯᠤᠭᠴᠢ ᠨᠠᠷ ᠲᠠᠶ ᠬᠠᠮᠲᠤ ᠪᠠᠷ ᠥᠨᠳᠥᠷ ᠬᠡᠪ ᠪᠣᠯᠪᠠᠰᠤᠷᠠᠯ ᠲᠠᠶ᠂ ᠲᠤᠰᠭᠠᠢᠵᠢᠭ᠍ᠰᠠᠨ᠂ ᠵᠣᠷᠢᠭ᠍ᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ ᠥᠪᠥᠷ ᠮᠣᠩᠭᠣᠯ ᠤ᠋ᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠨᠡᠷᠡᠲᠦ ᠲᠦᠷᠦᠯ ᠲᠡᠮᠳᠡᠭ ᠢ᠋ ᠳᠡᠯᠭᠡᠷᠡᠭᠦᠯᠬᠦ᠌ ᠡᠩᠨᠡᠭᠡᠶ᠋ᠢ ᠪᠦᠷᠢᠯᠳᠦᠭᠦᠯᠬᠦ ᠪᠤᠯᠤᠨ᠎ᠠ᠃
ᠦᠪᠤᠷ ᠮᠤᠡᠭᠭᠤᠯ 2023 ᠤᠨ ᠡᠴᠡ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠲᠠᠨᠢᠯᠴᠠᠭᠤᠯᠤᠭᠴᠢ ᠵᠢ ᠰᠢᠯᠭᠠᠷᠠᠭᠤᠯᠤᠨ᠂ ᠬᠦᠳᠡᠭᠡ ᠲᠤᠰᠬᠤᠨ ᠳ᠋ᠦ ᠬᠦᠨᠵᠡᠭᠡᠢᠷᠡᠭᠦᠯᠵᠦ᠂ ᠲᠤᠤᠷ ᠰᠦᠯᠵᠢᠶ᠎ᠡ ᠪᠡᠷ ᠠᠴᠢᠶᠠᠯᠠᠪᠤᠷᠢ ᠪᠤᠯᠭᠠᠨ 《ᠰᠢᠭᠤᠳ ᠨᠡᠪᠲᠡᠷᠡᠭᠦᠯᠭᠡ + ᠡᠯᠧᠺᠲ᠋ᠷᠣᠨ ᠬᠤᠳᠠᠯᠳᠤᠭ᠎ᠠ》᠂ ᠤᠬᠤᠷ ᠸᠢᠳ᠋ᠢᠤ᠋ ᠵᠡᠷᠭᠡ ᠪᠡᠷ ᠳᠠᠮᠵᠢᠭᠤᠯᠤᠨ ᠦᠪᠤᠷ ᠮᠤᠩᠭᠤᠯ ᠤ᠋ᠨ ᠦᠭᠡᠷ ᠬᠤᠨᠢᠨ ᠮᠢᠬ᠎ᠠ᠂ ᠴᠠᠭᠠᠨ ᠢᠳᠡᠭᠡᠨ᠂ ᠡᠯᠳᠡᠪ ᠠᠮᠤ ᠡᠯᠳᠡᠪ ᠪᠤᠷᠴᠠᠭ ᠵᠡᠷᠭᠡ ᠤᠨᠴᠠᠯᠢᠭᠲᠦ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠲᠦᠷᠦᠯ ᠲᠡᠮᠲᠡᠭ ᠤ᠋ᠨ ᠨᠡᠷ᠎ᠡ ᠠᠯᠳᠠᠷᠰᠢᠯ ᠪᠠ ᠵᠠᠬ᠎ᠠ ᠳᠡᠯᠭᠡᠭᠦᠷ ᠤ᠋ᠨ ᠨᠦᠯᠦᠭᠡᠯᠡᠬᠦ ᠬᠦᠴᠦᠨ ᠢ᠋ ᠪᠦᠲᠦᠮᠵᠢᠲᠡᠢ ᠳᠡᠭᠡᠭᠰᠢᠯᠡᠭᠦᠯᠪᠡ᠃