2025 ᠤᠨ ᠳ᠋ᠸ᠋᠂ ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠮᠠᠰᠢᠨ ᠲᠡᠷᠬᠡ ᠪᠠ ᠵᠢᠯᠤᠭᠤᠴᠢ ᠵᠢᠨ ᠬᠠᠮᠢᠶᠠᠷᠤᠯᠳᠠ ᠵᠢᠨ ᠭᠠᠵᠠᠷ ᠠᠷᠠᠳ ᠲᠦᠮᠡᠨ ᠵᠢᠡᠷ ᠭᠤᠤᠯ ᠪᠤᠯᠭᠠᠬᠤ ᠵᠢ ᠪᠠᠷᠢᠮᠳᠠᠯᠠᠵᠤ᠂ ᠦᠬᠡᠷᠡᠴᠢᠯᠡᠯᠳᠡ ᠵᠢ ᠬᠦᠨᠵᠡᠬᠡᠢᠷᠡᠬᠦᠯᠬᠦ᠂ ᠴᠤᠪᠤᠷᠠᠯᠢ ᠰᠢᠯᠢᠳᠡᠭᠵᠢᠬᠦᠯᠬᠦ ᠪᠡᠷ ᠲᠠᠮᠵᠢᠨ᠂ ᠦᠢᠯᠡᠴᠢᠯᠡᠬᠡ ᠵᠢ 《ᠴᠤᠩᠬᠤᠪᠴᠢ ᠵᠢᠨ ᠡᠮᠦᠨ᠎ᠡ ᠮᠦᠷᠯᠡᠬᠦ》 ᠡᠴᠨ 《ᠰᠦᠯᠵᠢᠶᠡᠨ ᠲᠡᠭᠡᠷ᠎ᠡ ᠲᠦᠷᠬᠡᠨ ᠬᠦᠢᠴᠡᠳᠬᠡᠬᠦ》 ᠪᠤᠯᠭᠠᠨ ᠬᠤᠪᠢᠷᠠᠭᠤᠯᠵᠤ᠂ ᠪᠦᠬᠦ ᠵᠢᠯ ᠳ᠋ᠸ᠋ 183.27 ᠲᠦᠮᠡᠨ ᠲᠤᠬᠠᠢᠯᠠᠬᠰᠠᠨ ᠠᠵᠢᠯ ᠢ ᠬᠦᠢᠴᠡᠳᠬᠡᠵᠦ᠂ ᠡᠬᠦᠨ ᠤ᠋ ᠲᠤᠳᠤᠷ᠎ᠠ 100.87 ᠲᠦᠮᠡ ᠵᠢ ᠨᠢ ᠰᠦᠯᠵᠢᠶᠡᠨ ᠲᠡᠭᠡᠷ᠎ᠡ ᠬᠦᠢᠴᠡᠳᠬᠡᠵᠦ᠂ ᠡᠵᠡᠯᠡᠬᠦ ᠬᠠᠷᠢᠴᠠᠯ ᠨᠢ 55.04% ᠳ᠋ᠸ᠋ ᠬᠦᠷᠴᠦ᠂ 《ᠲᠤᠭ᠎ᠠ ᠪᠠᠷᠢᠮᠳᠠ ᠵᠢ ᠢᠯᠡᠬᠦᠬᠡᠨ ᠬᠦᠶᠦᠯᠬᠡᠬᠦ᠂ ᠤᠯᠠᠨ ᠲᠦᠮᠡᠨ ᠢ ᠲᠤᠳᠠᠭᠤ ᠬᠦᠶᠦᠯᠬᠡᠬᠦ》 ᠵᠢ ᠦᠨᠡᠨ ᠬᠦ᠌ ᠪᠡᠶᠡᠯᠡᠬᠦᠯᠵᠡᠢ᠃
2025 ᠤᠨ ᠤ᠋ 11 ᠰᠠᠷ᠎ᠠ ᠳ᠋ᠸ᠋᠂ 《ᠨᠢᠬᠡ ᠶᠠᠪᠤᠳᠠᠯ ᠢ ᠦᠨᠳᠦᠷ ᠪᠦᠳᠦᠮᠵᠢᠳᠡᠢ ᠬᠦᠢᠴᠡᠳᠭᠡᠬᠦ》 ᠦᠬᠡᠷᠡᠴᠢᠯᠡᠯᠳᠡ ᠵᠢ ᠲᠡᠯᠬᠡᠷᠡᠬᠦᠯᠦᠭᠰᠡᠨ ᠡᠴᠨ ᠨᠠᠭᠠᠰᠢ᠂ ᠰᠢᠨ᠎ᠡ ᠮᠠᠰᠢᠨ ᠲᠡᠷᠬᠡ ᠵᠢ ᠲᠠᠩᠰᠠᠯᠠᠭᠤᠯᠬᠤ᠂ ᠪᠠᠷᠢᠴᠠᠭ᠎ᠠ ᠵᠢ ᠲᠠᠢᠯᠬᠤ ᠵᠡᠷᠬᠡ 7 ᠦᠨᠳᠦᠷ ᠲᠠᠪᠳᠠᠮᠵᠢᠳᠤ ᠲᠤᠬᠠᠢᠯᠠᠬᠰᠠᠨ ᠠᠵᠢᠯᠢ ᠪᠦᠬᠦᠨᠢ 《ᠨᠢᠬᠡ ᠴᠤᠩᠬᠤᠪᠴᠢ ᠪᠡᠷ ᠨᠡᠢᠳᠡᠮ ᠬᠦᠢᠴᠡᠳᠭᠡᠬᠦ᠂ ᠨᠢᠬᠡ ᠯᠡ ᠤᠳᠠᠭ᠎ᠠ ᠳ᠋ᠸ᠋ ᠰᠢᠢᠳᠪᠦᠷᠢᠯᠡᠵᠦ ᠲᠠᠭᠤᠰᠬᠠᠬᠤ》 ᠵᠢ ᠪᠡᠶᠡᠯᠡᠬᠦᠯᠵᠦ᠂ 2025 ᠤᠨᠤ ᠰᠡᠬᠦᠯᠴᠢ ᠪᠤᠯᠳᠠᠯ᠎ᠠ 7 ᠵᠦᠢᠯ ᠤ᠋ᠨ 8536 ᠲᠤᠬᠠᠢᠯᠠᠬᠰᠠᠨ ᠠᠵᠢᠯ ᠢ ᠲᠠᠷᠤᠢ ᠲᠦᠷᠭᠡᠨ ᠦᠨᠳᠦᠷ ᠪᠦᠳᠦᠮᠵᠢᠳᠡᠢ ᠬᠦᠢᠴᠡᠳᠬᠡᠵᠦ᠂ ᠤᠯᠠᠨ ᠲᠦᠮᠡᠨ ᠤ᠋ ᠲᠤᠮᠳᠠᠴᠢ ᠬᠦᠯᠢᠶᠡᠬᠦ ᠴᠠᠬᠢ 60% ᠪᠡᠷ ᠪᠤᠭᠤᠨᠢᠰᠬᠠᠵᠠᠢ᠃
ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠮᠠᠰᠢᠨ ᠲᠡᠷᠬᠡ ᠪᠠ ᠵᠢᠯᠤᠭᠤᠴᠢ ᠵᠢᠨ ᠬᠠᠮᠢᠶᠠᠷᠤᠯᠳᠠ ᠵᠢᠨ ᠭᠠᠵᠠᠷ ᠨᠢ 2025 ᠤᠨ ᠳ᠋ᠸ᠋ ᠬᠦᠢᠴᠡᠳᠭᠡᠬᠦ ᠴᠠᠬᠢ ᠤᠷᠳᠤᠳᠬᠠᠬᠰᠠᠨ ᠦᠢᠯᠡᠴᠢᠯᠡᠬᠡ ᠭᠠᠷᠭᠠᠵᠤ᠂ ᠨᠡᠢᠳᠡ 5235 ᠬᠦᠮᠦᠨ ᠤᠳᠠᠭ᠎ᠠ ᠵᠢᠨ ᠤᠯᠠᠨ ᠲᠦᠮᠡᠨ ᠳ᠋ᠸ᠋ ᠦᠢᠯᠡᠴᠢᠯᠡᠵᠡᠢ᠃ ᠦᠢᠯᠡᠴᠢᠯᠡᠬᠡ ᠵᠢ ᠲᠠᠰᠤᠷᠠᠯᠳᠠ ᠦᠬᠡᠢ ᠲᠤᠷᠤᠬᠰᠢ ᠪᠠᠭᠤᠯᠭᠠᠵᠤ᠂ 《ᠮᠠᠰᠢᠨ ᠲᠡᠷᠬᠡ ᠪᠠ ᠵᠢᠯᠤᠭᠤᠴᠢ ᠵᠢᠨ ᠬᠠᠮᠢᠶᠠᠷᠤᠯᠳᠠ ᠵᠢᠨ ᠨᠡᠬᠦᠳᠡᠯ ᠦᠢᠯᠡᠴᠢᠯᠡᠭᠡ》 ᠭᠠᠷᠭᠠᠵᠦ᠂ ᠰᠠᠨᠠᠭᠠᠴᠢᠯᠠᠭ᠎ᠠ ᠲᠠᠢ ᠪᠡᠷ ᠠᠵᠤ ᠠᠬᠤᠢᠯᠠᠯ᠂ ᠪᠠᠢᠭᠤᠯᠭ᠎ᠠ ᠳ᠋ᠸ᠋ ᠤᠷᠤᠵᠤ᠂ 76 ᠤᠳᠠᠭ᠎ᠠ ᠵᠢᠨ ᠦᠢᠯᠡᠴᠢᠯᠡᠬᠡ ᠬᠠᠩᠭᠠᠵᠤ᠂ ᠲᠤᠮᠤ ᠬᠡᠯᠪᠡᠷᠢ ᠵᠢᠨ ᠲᠡᠭᠡᠭᠡᠪᠦᠷᠢ ᠵᠢᠨ ᠠᠵᠤ ᠠᠬᠤᠢᠯᠠᠯ᠂ ᠠᠯᠪᠠᠨ ᠳ᠋ᠸ᠋ ᠬᠡᠷᠡᠭᠯᠡᠬᠦ ᠮᠠᠰᠢᠨ ᠲᠡᠷᠬᠡ ᠵᠢᠨ ᠪᠠᠢᠭᠤᠯᠭ᠎ᠠ ᠨᠢᠬᠡᠴᠢ ᠳ᠋ᠸ᠋ ᠪᠠᠢᠴᠠᠭᠠᠨ ᠰᠢᠯᠭᠠᠬᠤ᠂ ᠲᠠᠩᠰᠠᠯᠠᠭᠤᠯᠬᠤ ᠵᠡᠷᠬᠡ ᠲᠤᠬᠠᠢᠯᠠᠬᠰᠠᠨ ᠠᠵᠢᠯ ᠢ ᠲᠦᠪᠯᠡᠷᠡᠬᠦᠯᠦᠨ ᠰᠢᠢᠳᠪᠦᠷᠢᠯᠡᠪᠡ᠃