13 ᠲᠥᠷᠥᠯ᠎ᠦᠨ ᠢᠳᠡᠭᠡᠨ᠎ᠤ ᠵᠦᠢᠯ᠎ᠢ ᠰᠢᠭᠤᠳ ᠨᠡᠪᠲᠡᠷᠡᠭᠦᠯᠭᠡ ᠵᠢᠨ ᠲᠠᠰᠤᠭ ᠲᠦ᠍ ᠬᠤᠳᠠᠯᠳᠤᠵᠤ ᠪᠣᠯᠬᠤ ᠦᠭᠡᠢ
2026-01-19 10:39:29
ᠵᠣᠬᠢᠶᠠᠭ᠍ᠴᠢ᠄
ᠵᠣᠣ ᠸᠸᠨ ᠵᠢᠶᠦ᠋ᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 16᠎ᠤ᠋ ᠡᠳᠦᠷ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠡᠴᠡ ᠣᠢᠯᠠᠭᠠᠭᠰᠠᠨ ᠵᠢᠡᠷ᠂ 《ᠰᠢᠭᠤᠳ ᠨᠡᠪᠲᠡᠷᠡᠭᠦᠯᠭᠡ ᠵᠢᠨ ᠡᠯᠧᠺᠲᠷᠣᠨ ᠬᠤᠳᠠᠯᠳᠤᠭᠠᠨ᠎ᠤ ᠡᠵᠡᠩᠨᠡᠭᠴᠢ᠎ᠶᠢᠨ ᠢᠳᠡᠭᠡᠨ᠎ᠦ ᠵᠦᠢᠯ᠎ᠤᠨ ᠠᠮᠤᠷ ᠲᠦᠪᠰᠢᠨ᠎ᠦ ᠪᠡᠶᠡᠴᠢ ᠴᠣᠭᠴᠠ᠎ᠶᠢᠨ ᠬᠠᠷᠢᠭᠤᠴᠠᠯᠭ᠎ᠠ᠎ᠶᠢᠨ ᠬᠢᠨᠠᠯᠲᠠ ᠬᠠᠮᠢᠶᠠᠷᠤᠯᠲᠠ᠎ᠶᠢ ᠨᠠᠢᠳᠠᠪᠤᠷᠢᠵᠢᠭᠤᠯᠬᠤ ᠲᠣᠭᠲᠠᠭᠠᠯ》 ᠢ᠋ ᠣᠢᠷ᠎ᠠ᠎ᠳᠤ ᠨᠡᠢᠲᠡᠯᠡᠵᠦ᠂ 2026 ᠣᠨ᠎ᠤ 3 ᠰᠠᠷ᠎ᠠ᠎ᠶᠢᠨ 20᠎ᠤ᠋ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ ᠲᠣᠭᠲᠠᠭᠠᠯ᠎ᠳᠤ 13 ᠲᠥᠷᠥᠯ᠎ᠦᠨ᠎ᠰᠢᠭᠤᠳ ᠨᠠᠪᠲᠠᠷᠡᠭᠦᠯᠭᠡ ᠪᠡᠷ ᠡᠵᠡᠩᠨᠡᠵᠦ ᠪᠣᠯᠬᠤ ᠦᠭᠡᠢ ᠢᠳᠡᠭᠡᠨ᠎ᠤ ᠵᠦᠢᠯ᠎ᠢ ᠲᠣᠳᠣᠷᠬᠠᠢ ᠲᠣᠭᠲᠠᠭᠠᠵᠤ᠂ ᠡᠨᠡ ᠨᠢ 《ᠰᠢᠭᠤᠳ ᠨᠠᠪᠲᠠᠷᠡᠭᠦᠯᠭᠡ ᠪᠡᠷ ᠬᠤᠳᠠᠯᠳᠤᠬᠤ᠎ᠶᠢ ᠴᠠᠭᠠᠵᠠᠯᠠᠭᠰᠠᠨ ᠢᠳᠡᠭᠡᠨ᠎ᠦ ᠵᠦᠢᠯ᠎ᠤᠨ ᠨᠠᠷᠢᠨ ᠳᠠᠨᠭᠰᠠ》 ᠶ᠋ᠢ ᠵᠢᠭ᠍ᠰᠠᠭᠠᠭᠰᠠᠨ᠎ᠲᠠᠢ ᠠᠳᠠᠯᠢ ᠪᠠᠢᠵᠤ᠂ ᠨᠠᠷᠢᠨ ᠳᠠᠨᠭᠰᠠ ᠳᠡᠭᠡᠷᠡᠬᠢ ᠢᠳᠡᠭᠡᠨ᠎ᠤ ᠵᠦᠢᠯ ᠪᠦᠬᠦᠨ᠎ᠢ ᠰᠢᠭᠤᠳ ᠨᠡᠪᠲᠡᠷᠡᠭᠦᠯᠭᠡ ᠵᠢᠨ ᠲᠠᠰᠤᠭ ᠲᠦ᠍ ᠶᠠᠭᠠᠬᠢᠭ᠍ᠰᠠᠨ ᠴᠤ᠌ ᠬᠤᠳᠠᠯᠳᠤᠵᠤ ᠪᠣᠯᠬᠤ ᠦᠭᠡᠢ᠃

ᠲᠠᠨᠢᠯᠴᠠᠭᠤᠯᠤᠭᠰᠠᠨ᠎ᠢᠶᠠᠷ᠂ ᠬᠡᠷᠡᠭᠯᠡᠭᠴᠢᠳ᠎ᠦᠨ ᠲᠤᠰᠬᠠᠯ ᠶᠡᠬᠡᠲᠡᠢ ᠠᠰᠠᠭᠤᠳᠠᠯ᠎ᠳᠤ ᠴᠢᠭᠯᠡᠭᠦᠯᠵᠤ᠂ ᠣᠯᠠᠨ ᠨᠡᠶ᠋ᠢᠲᠡ᠎ᠶᠢᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠲᠣᠭᠲᠠᠭᠠᠯ᠎ᠳᠤ ᠰᠢᠭᠤᠳ ᠨᠡᠪᠲᠡᠷᠡᠭᠦᠯᠭᠡ ᠪᠡᠷ ᠡᠵᠡᠩᠨᠡᠬᠦ᠎ᠶᠢ ᠴᠠᠭᠠᠵᠠᠯᠠᠭᠰᠠᠨ ᠢᠳᠡᠭᠡᠨ᠎ᠦ ᠵᠦᠢᠯ᠎ᠦᠨ ᠲᠤᠬᠠᠢ ᠨᠠᠷᠢᠯᠢᠭ᠍ᠵᠢᠭᠤᠯᠤᠭᠰᠠᠨ ᠲᠣᠭᠲᠠᠭᠠᠯ ᠭᠠᠷᠭᠠᠪᠠ᠂ ᠡᠭᠦᠨ᠎ᠳᠦ ᠢᠳᠡᠭᠡᠨ᠎ᠦ ᠵᠦᠢᠯ᠎ᠤᠨ ᠪᠤᠰᠤ ᠲᠦᠭᠦᠬᠡᠢ ᠮᠠᠲᠧᠷᠢᠶᠠᠯ᠎ᠢᠶᠠᠷ ᠦᠢᠯᠡᠳᠪᠦᠷᠢᠯᠡᠬᠦ᠂ ᠬᠣᠣᠷ ᠬᠥᠨᠥᠭᠡᠯ᠎ᠲᠠᠢ ᠪᠣᠳᠠᠰ ᠨᠡᠮᠡᠭᠰᠡᠨ ᠢᠳᠡᠭᠡᠨ᠎ᠤ ᠵᠦᠢᠯ; ᠡᠪᠡᠳᠴᠢᠯᠡᠭᠦᠯᠬᠦ ᠴᠢᠨᠠᠷᠲᠠᠢ ᠮᠢᠺᠷᠣᠪ᠂ ᠬᠦᠨᠳᠦ ᠲᠡᠮᠦᠷᠯᠢᠭ ᠪᠠᠷᠢᠮᠵᠢᠶ᠎ᠠ᠎ᠡᠴᠡ ᠬᠡᠲᠦᠷᠡᠭᠰᠡᠨ ᠢᠳᠡᠭᠡᠨ᠎ᠤ ᠵᠦᠢᠯ; ᠬᠤᠭᠤᠴᠠᠭ᠎ᠠ ᠨᠢ ᠬᠡᠲᠦᠷᠡᠭᠰᠡᠨ᠂ ᠢᠯᠵᠡᠷᠡᠵᠦ ᠴᠢᠨᠠᠷ ᠨᠢ ᠬᠤᠪᠢᠷᠠᠭᠰᠠᠨ᠂ ᠸᠠᠯᠠᠵᠤ ᠬᠣᠷᠣᠬᠠᠢᠲᠤᠭᠰᠠᠨ ᠢᠳᠡᠭᠡᠨ᠎ᠤ ᠵᠦᠢᠯ; ᠡᠪᠡᠳᠴᠢᠨ᠎ᠢᠶᠡᠷ ᠦᠬᠦᠭᠰᠡᠨ ᠬᠣᠣᠷᠳᠠᠵᠤ ᠦᠬᠦᠭᠰᠡᠨ ᠪᠤᠶᠤ ᠬᠢᠵᠢᠭ᠎ᠦᠨ ᠪᠠᠢᠴᠠᠭᠠᠯᠲᠠ᠎ᠳᠤ ᠬᠢᠷᠢ ᠲᠡᠩᠴᠡᠭᠰᠡᠨ ᠦᠭᠡᠢ ᠮᠠᠯ ᠵᠢᠭᠦᠷᠲᠡᠨ ᠤᠰᠤᠨ ᠭᠠᠷᠤᠯᠲᠠ᠎ᠶᠢᠨ ᠮᠢᠬᠠᠨ᠎ᠤ ᠵᠦᠢᠯ ᠵᠢᠴᠢ ᠲᠡᠭᠦᠨ᠎ᠦ ᠪᠦᠲᠦᠭᠡᠭᠳᠡᠬᠦᠨ; ᠱᠣᠰᠢᠭ᠎ᠠ ᠲᠡᠮᠳᠡᠭ ᠦᠭᠡᠢ᠎ᠪᠡᠷ ᠤᠷᠢᠳᠴᠢᠯᠠᠨ ᠪᠣᠭᠣᠳᠠᠯᠯᠠᠭᠰᠠᠨ ᠢᠳᠡᠭᠡᠨ᠎ᠤ ᠵᠦᠢᠯ; ᠤᠯᠤᠰ᠎ᠡᠴᠡ ᠲᠣᠳᠣᠷᠬᠠᠢ ᠵᠠᠷᠯᠢᠭ᠋᠎ᠢᠶᠠᠷ ᠦᠢᠯᠡᠳᠪᠦᠷᠢᠯᠡᠵᠦ ᠡᠵᠡᠩᠨᠡᠬᠦ᠎ᠶᠢ ᠴᠠᠭᠠᠵᠠᠯᠠᠭᠰᠠᠨ ᠢᠳᠡᠭᠡᠨ᠎ᠤ ᠵᠦᠢᠯ ᠵᠡᠷᠭᠡ ᠵᠢ ᠪᠠᠭᠲᠠᠭᠠᠨ᠎ᠠ᠃

ᠲᠤᠭᠲᠠᠭᠠᠯ᠎ᠳᠦ ᠰᠢᠭᠤᠳ ᠨᠡᠪᠲᠡᠷᠡᠭᠦᠯᠭᠡ ᠵᠢᠨ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠡᠵᠡᠩᠨᠡᠭᠴᠢ᠂ ᠰᠢᠭᠤᠳ ᠨᠡᠪᠲᠡᠷᠡᠭᠦᠯᠭᠡ᠎ᠶᠢᠨ ᠲᠠᠰᠤᠭ᠎ᠤᠨ ᠡᠵᠡᠩᠨᠡᠭᠴᠢ᠂ ᠰᠢᠭᠤᠳ ᠨᠡᠪᠲᠡᠷᠡᠭᠦᠯᠭᠡ᠎ᠶᠢᠨ ᠡᠵᠡᠩᠨᠡᠨ ᠪᠣᠷᠣᠯᠠᠭᠤᠯᠬᠤ ᠠᠵᠢᠯᠲᠠᠨ᠂ ᠰᠢᠭᠤᠳ ᠨᠡᠪᠲᠡᠷᠡᠭᠦᠯᠭᠡ᠎ᠶᠢᠨ ᠡᠵᠡᠩᠨᠡᠨ ᠪᠣᠷᠣᠯᠠᠭᠤᠯᠬᠤ ᠠᠵᠢᠯᠲᠠᠨ᠎ᠤ ᠦᠢᠯᠡᠴᠢᠯᠡᠭᠡᠨ᠎ᠦ ᠪᠠᠢᠭᠤᠯᠤᠮᠵᠢ᠎ᠶᠢ ᠪᠦᠬᠦᠨ᠎ᠢ ᠬᠢᠨᠠᠨ ᠬᠠᠮᠢᠶᠠᠷᠬᠤ ᠬᠡᠪᠴᠢᠶᠡᠨ᠎ᠳᠦ ᠣᠷᠣᠭᠤᠯᠤᠨ᠎ᠠ᠃ ᠰᠢᠭᠤᠳ ᠨᠡᠪᠲᠡᠷᠡᠭᠦᠯᠭᠡ ᠵᠢᠨ ᠲᠠᠪᠴᠠᠩ᠎ᠡᠴᠡ ᠰᠢᠭᠤᠳ ᠨᠡᠪᠲᠡᠷᠡᠭᠦᠯᠭᠡ ᠵᠢᠨ ᠲᠠᠰᠤᠭ ᠬᠦᠷᠲᠡᠯ᠎ᠡ᠂ ᠳᠠᠬᠢᠭᠠᠳ ᠨᠡᠪᠲᠡᠷᠡᠭᠦᠯᠦᠭᠴᠢ ᠪᠠ MCN ᠪᠠᠢᠭᠤᠯᠤᠮᠵᠢ ᠬᠦᠷᠲᠡᠯ᠎ᠡ ᠴᠥᠮ ᠡᠷᠬᠡᠪᠰᠢ ᠲᠣᠭᠲᠠᠭᠠᠯ᠎ᠤᠨ ᠱᠠᠭᠠᠷᠳᠠᠯᠭ᠎ᠠ ᠶᠣᠰᠣᠭᠠᠷ᠂ ᠬᠠᠷᠠᠭᠠᠯᠵᠠᠭᠰᠠᠨ ᠢᠳᠡᠭᠡᠨ᠎ᠦ ᠠᠮᠤᠷ ᠲᠦᠪᠰᠢᠨ᠎ᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠭᠦᠢᠴᠡᠳᠬᠡᠬᠦ ᠬᠡᠷᠡᠭᠲᠡᠢ᠃ ᠬᠡᠷᠪᠡ ᠠᠰᠠᠭᠤᠳᠠᠯ ᠭᠠᠷᠪᠠᠯ ᠬᠡᠨ᠎ᠦ ᠬᠠᠷᠢᠭᠤᠴᠠᠯᠭ᠎ᠠ ᠪᠠᠢᠪᠠᠯ ᠲᠡᠷᠡ ᠬᠠᠷᠢᠭᠤᠴᠠᠬᠤ ᠬᠡᠷᠡᠭᠲᠡᠢ᠂ ᠬᠡᠨ ᠴᠦ᠍ ᠬᠠᠷᠢᠭᠤᠴᠠᠯᠭ᠎ᠠ᠎ᠡᠴᠡ ᠮᠤᠯᠲᠤᠷᠠᠵᠤ ᠴᠢᠳᠠᠬᠤ ᠦᠭᠡᠢ᠃

ᠠᠳᠠᠯᠢ ᠪᠤᠰᠤ ᠰᠢᠭᠤᠳ ᠨᠡᠪᠲᠡᠷᠡᠭᠦᠯᠭᠡ᠎ᠶᠢᠨ ᠬᠡᠯᠪᠡᠷᠢ᠎ᠶᠢᠨ ᠣᠨᠴᠠᠯᠢᠭ᠋᠎ᠲᠤ ᠴᠢᠭᠯᠡᠭᠦᠯᠵᠤ᠂ ᠠᠳᠠᠯᠢ ᠪᠤᠰᠤ ᠪᠡᠶᠡᠴᠢ ᠴᠣᠭᠴᠠ᠎ᠶᠢᠨ ᠬᠠᠷᠢᠭᠤᠴᠠᠯᠭ᠎ᠠ᠎ᠶᠢ ᠢᠯᠭᠠᠬᠤ ᠬᠡᠷᠡᠭᠲᠡᠢ᠃ ᠲᠣᠭᠲᠠᠭᠠᠯ᠎ᠳᠤ᠂ ᠢᠳᠡᠭᠡᠨ᠎ᠦ ᠵᠦᠢᠯ᠎ᠦᠨ ᠦᠢᠯᠡᠳᠪᠦᠷᠢᠯᠡᠨ ᠡᠵᠡᠩᠨᠡᠭᠴᠢ ᠰᠢᠭᠤᠳ ᠨᠡᠪᠲᠡᠷᠡᠭᠦᠯᠭᠡ᠎ᠶᠢᠨ ᠲᠠᠰᠤᠭ ᠨᠡᠬᠡᠭᠡᠬᠦ᠎ᠳᠤ ᠵᠥᠪᠰᠢᠶᠡᠷᠡᠯ᠎ᠦᠨ ᠮᠡᠳᠡᠭᠡ ᠵᠠᠩᠭᠢ᠂ ᠪᠠᠷᠠᠭ᠎ᠠ ᠬᠠᠩᠭᠠᠬᠤ ᠬᠢᠷᠢ ᠬᠡᠮ᠎ᠢ ᠪᠠᠢᠴᠠᠭᠠᠨ ᠰᠢᠯᠭᠠᠬᠤ ᠵᠢ ᠵᠠᠷᠯᠠᠨ ᠨᠠᠢᠲᠡᠯᠡᠵᠤ᠂ ᠢᠳᠡᠭᠡᠨ᠎ᠦ ᠵᠦᠢᠯ᠎ᠤᠨ ᠪᠤᠰᠤ ᠦᠢᠯᠡᠳᠪᠦᠷᠢᠯᠡᠨ ᠡᠵᠡᠩᠨᠡᠭᠴᠢ ᠪᠠᠷᠠᠭ᠎ᠠ ᠰᠣᠩᠭᠣᠬᠤ ᠴᠢᠩᠭ᠎ᠠ ᠳᠦᠷᠢᠮ᠎ᠢ ᠲᠣᠭᠲᠠᠭᠠᠬᠤ ᠬᠡᠷᠡᠭᠲᠡᠢ᠃ 《ᠢᠳᠡᠭᠡᠨ᠎ᠤ ᠵᠦᠢᠯ ᠬᠢᠬᠦ》 ᠰᠢᠭᠤᠳ ᠨᠡᠪᠲᠡᠷᠡᠭᠦᠯᠭᠡ ᠨᠡᠬᠡᠬᠡᠬᠦ᠎ᠳᠦ ᠡᠷᠬᠡᠪᠰᠢ ᠬᠠᠷᠠᠭᠠᠯᠵᠠᠭᠰᠠᠨ ᠬᠢᠷᠢ ᠬᠡᠮ ᠪᠠᠢᠬᠤ ᠬᠡᠷᠡᠭᠲᠡᠢ; ᠬᠡᠷᠪᠡ 《ᠴᠤᠯ ᠪᠠᠷᠠᠭ᠎ᠠ ᠬᠤᠳᠠᠯᠳᠤᠬᠤ》 ᠶᠤᠮ ᠪᠣᠯ ᠡᠷᠬᠡᠪᠰᠢ ᠪᠠᠷᠠᠭ᠎ᠠ ᠰᠣᠩᠭᠣᠬᠤ ᠪᠣᠭᠣᠮᠲᠠ᠎ᠶᠢ ᠴᠢᠩᠭ᠎ᠠ ᠠᠳᠬᠤᠵᠤ᠂ ᠬᠡᠨ ᠬᠦᠮᠦᠨ ᠴᠦ᠍ ᠭᠡᠳ ᠬᠡᠷᠡᠭᠯᠡᠭᠴᠢᠳ᠎ᠢ ᠮᠡᠬᠡᠯᠡᠵᠦ ᠪᠣᠯᠬᠤ ᠦᠭᠡᠢ᠃ ᠲᠠᠪᠴᠠᠩ ᠨᠢ ᠬᠢᠨᠠᠨ ᠪᠠᠢᠴᠠᠭᠠᠵᠤ ᠳᠠᠩᠰᠠᠯᠠᠬᠤ᠂ ᠪᠣᠯᠪᠠᠰᠤᠷᠠᠯ᠂ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ ᠵᠡᠷᠭᠡ ᠳᠦᠷᠢᠮ᠎ᠦᠨ ᠠᠷᠭ᠎ᠠ ᠬᠡᠮᠵᠢᠶ᠎ᠡ᠎ᠶᠢ ᠪᠠᠢᠭᠤᠯᠵᠤ᠂ ᠢᠳᠡᠭᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ᠎ᠢ ᠲᠣᠬᠢᠷᠠᠭᠤᠯᠵᠤ᠂ ᠢᠳᠡᠭᠡᠨ᠎ᠦ ᠠᠮᠤᠷ ᠲᠦᠪᠰᠢᠨ᠎ᠦ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ ᠨᠠᠷᠢᠨ ᠳᠠᠨᠭᠰᠠ᠎ᠶᠢ ᠲᠣᠭᠲᠠᠭᠠᠵᠤ᠂ 《ᠣᠶᠤᠨᠴᠢ᠎ᠪᠠᠷ ᠬᠢᠨᠠᠨ ᠬᠡᠮᠵᠢᠬᠦ᠂ ᠵᠢᠭ᠍ᠰᠠᠭᠠᠨ ᠪᠠᠢᠴᠠᠭᠠᠵᠤ ᠲᠣᠬᠢᠷᠠᠭᠤᠯᠬᠤ᠂ ᠲᠦᠷᠭᠡᠨ ᠰᠢᠢᠳᠪᠦᠷᠢᠯᠡᠬᠦ》 ᠠᠵᠢᠯ᠎ᠤᠨ ᠲᠣᠭᠲᠡᠴᠡ᠎ᠶᠢ ᠪᠠᠶ᠋ᠢᠭᠤᠯᠬᠤ ᠬᠡᠷᠡᠭᠲᠡᠢ ᠭᠡᠵᠦ ᠲᠤᠳᠤᠷᠬᠠᠢ ᠱᠠᠭᠠᠷᠳᠠᠪᠠ᠃

ᠬᠢᠨᠠᠨ ᠬᠠᠮᠢᠶᠠᠷᠬᠤ ᠠᠷᠭ᠎ᠠ ᠬᠡᠮᠵᠢᠶ᠎ᠡ᠎ᠶᠢ ᠴᠢᠩᠭᠠᠳᠬᠠᠬᠤ᠂ ᠬᠡᠷᠡᠭᠯᠡᠭᠴᠢᠳ᠎ᠦᠨ ᠡᠷᠬᠡ ᠠᠰᠢᠭ᠋᠎ᠤᠨ ᠬᠠᠮᠠᠭᠠᠯᠠᠯᠲᠠ᠎ᠶᠢ ᠲᠡᠭᠦᠯᠳᠡᠷᠵᠢᠭᠦᠯᠬᠦ ᠲᠠᠯ᠎ᠠ᠎ᠪᠠᠷ ᠲᠣᠭᠲᠠᠭᠠᠯ᠎ᠳᠤ᠂ ᠵᠠᠬ᠎ᠠ ᠳᠡᠯᠭᠡᠭᠦᠷ᠎ᠦᠨ ᠬᠢᠨᠠᠨ ᠬᠠᠮᠢᠶᠠᠷᠬᠤ ᠰᠠᠯᠠᠭ᠎ᠠ ᠮᠥᠴᠢᠷ᠎ᠡᠴᠡ ᠰᠢᠭᠤᠳ ᠨᠡᠪᠲᠡᠷᠡᠭᠦᠯᠭᠡ ᠪᠡᠷ ᠡᠵᠡᠩᠨᠡᠵᠦ ᠪᠠᠢᠭ᠎ᠠ ᠢᠳᠡᠭᠡᠨ᠎ᠤ ᠵᠦᠢᠯ᠎ᠢ ᠡᠳᠦᠷ ᠲᠤᠲᠤᠮ᠎ᠤᠨ ᠬᠢᠨᠠᠨ ᠬᠠᠮᠢᠶᠠᠷᠤᠯᠲᠠ ᠪᠠ ᠣᠨ᠎ᠤ ᠰᠤᠭᠤᠴᠢᠨ ᠪᠠᠢᠴᠠᠭᠠᠬᠤ ᠲᠥᠯᠥᠪᠯᠡᠭᠡ᠎ᠳᠦ ᠣᠷᠣᠭᠤᠯᠵᠤ᠂ ᠮᠡᠷᠭᠡᠵᠢᠯ᠎ᠦᠨ ᠬᠢᠨᠠᠨ ᠬᠡᠮᠵᠢᠯᠲᠡ᠎ᠶᠢᠨ ᠲᠡᠮᠳᠡᠭᠯᠡᠯ᠎ᠢ ᠡᠯᠧᠺᠲᠷᠣᠨ ᠲᠣᠭ᠎ᠠ ᠪᠠᠷᠢᠮᠲᠠ᠎ᠶᠢᠨ ᠭᠡᠷᠡᠴᠢ ᠪᠠᠷᠢᠮᠲᠠ ᠪᠣᠯᠭᠠᠵᠤ ᠪᠣᠯᠬᠤ ᠵᠢ ᠲᠤᠳᠤᠷᠬᠠᠢᠯᠠᠬᠤ ᠬᠡᠷᠡᠭᠳᠡᠢ; ᠲᠠᠪᠴᠠᠩ ᠨᠢ ᠡᠷᠬᠡᠪᠰᠢ ᠵᠠᠭᠠᠯᠳᠤᠵᠤ ᠢᠯᠡᠴᠢᠯᠡᠨ ᠮᠡᠳᠡᠭᠦᠯᠬᠦ ᠳᠥᠭᠥᠮ ᠳᠥᠲᠡ ᠴᠢᠳᠠᠮᠵᠢ᠎ᠶᠢ ᠨᠡᠭᠡᠭᠡᠵᠦ᠂ ᠬᠡᠷᠡᠭᠯᠡᠭᠴᠢᠳ᠎ᠦᠨ ᠬᠦᠰᠡᠯ ᠱᠠᠭᠠᠷᠳᠠᠯᠭ᠎ᠠ᠎ᠶᠢ ᠴᠠᠭ ᠲᠤᠬᠠᠢ ᠳ᠋ᠤᠨᠢ ᠰᠢᠢᠳᠪᠦᠷᠢᠯᠡᠬᠦ ᠬᠡᠷᠡᠭᠲᠡᠢ ᠭᠡᠵᠤ ᠱᠠᠭᠠᠷᠳᠠᠵᠠᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 1 ᠰᠠᠷ᠎ᠠ᠎ᠶᠢᠨ 16᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号