ᠦᠪᠦᠷ ᠮᠤᠩᠭᠤᠯ ᠎ᠤᠨ 1 ᠵᠢᠱ᠌ᠢᠶ᠎ᠡ ᠪᠥᠬᠥ ᠤᠯᠤᠰ᠎ᠤᠨ 《ᠠᠷᠪᠠᠨ ᠶᠡᠬᠡ》 ᠬᠠᠷᠢᠶᠠᠲᠤ ᠨᠠᠷ᠎ᠲᠤ ᠬᠣᠯᠪᠣᠭᠳᠠᠭᠰᠠᠨ ᠵᠠᠭᠤᠷᠠᠯᠳᠤᠭᠠᠨ᠎ᠢ ᠣᠯᠠᠨ ᠡᠰᠢᠴᠢᠯᠡᠨ ᠰᠢᠢᠳᠪᠦᠷᠢᠯᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠰᠤᠩᠭᠤᠬᠲᠠᠪᠠ
2026-01-19 18:17:53
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ ᠎ᠤᠨ ᠦᠨᠳᠦᠷ ᠵᠡᠷᠭᠡ ᠢ᠋ᠢᠨ ᠰᠢᠭᠦᠭᠦ ᠬᠤᠷᠢᠶ᠎ᠠ ᠡᠴᠡ ᠤᠢᠯᠠᠭᠠᠬᠰᠠᠨ ᠢ᠋ᠢᠡᠷ᠂ ᠣᠢᠷ᠎ᠠ᠎ᠳᠤ ᠳᠤᠮᠳᠠᠳᠤ ᠤᠯᠤᠰ᠎ᠤᠨ ᠬᠠᠷᠢᠶᠠᠲᠤ ᠨᠠᠷ᠎ᠤᠨ ᠬᠣᠯᠪᠣᠭ᠎ᠠ᠎ᠶᠢᠨ 2025 ᠣᠨ᠎ᠤ 《ᠬᠤᠤᠰ ᠠᠷᠪᠠ》 ᠵᠢ ᠮᠠᠭᠲᠠᠨ ᠰᠠᠢᠰᠢᠶᠠᠬᠤ ᠠᠵᠢᠯ᠎ᠤᠨ ᠦᠷ᠎ᠡ ᠳ᠋ᠦᠩ᠎ᠢ ᠨᠡᠢᠲᠡᠯᠡᠵᠦ᠂ ᠵᠠᠷᠤᠳ ᠬᠣᠰᠢᠭᠤᠨ᠎ᠤ ᠠᠷᠠᠳ᠎ᠤᠨ ᠰᠢᠭᠦᠬᠦ ᠬᠣᠷᠢᠶ᠎ᠠ᠎ᠶᠢᠨ 《ᠤᠯᠠᠭᠠᠨ ᠠᠨᠠᠷ》 ᠰᠢᠭᠦᠭᠦ ᠬᠤᠷᠢᠶ᠎ᠠ  ᠪᠠ ᠬᠠᠷᠢᠶᠠᠲᠦ ᠨᠠᠷ᠎ᠤᠨ ᠬᠤᠯᠪᠤᠭ᠎ᠠ ᠢ᠋ᠢᠨ ᠠᠵᠢᠯᠯᠠᠬᠤ ᠦᠷᠦᠭᠡ ᠵᠢᠨ ᠬᠠᠷᠢᠶᠠᠲᠤ ᠨᠠᠷ᠎ᠲᠤ ᠬᠣᠯᠪᠣᠭᠳᠠᠭᠰᠠᠨ ᠡᠶᠡᠳᠡᠭᠦᠯᠭᠡ᠎ᠶᠢᠨ ᠬᠡᠷᠡᠭ᠎ᠦᠨ ᠵᠢᠱ᠌ᠢᠶ᠎ᠡ ᠨᠢ ᠪᠥᠬᠥ ᠤᠯᠤᠰ᠎ᠤᠨ ᠠᠷᠪᠠᠨ ᠶᠡᠬᠡ ᠬᠠᠷᠢᠶᠠᠲᠤ ᠨᠠᠷ᠎ᠲᠤ ᠬᠣᠯᠪᠣᠭᠳᠠᠭᠰᠠᠨ ᠵᠠᠭᠤᠷᠠᠯᠳᠤᠭᠠᠨ᠎ᠢ ᠣᠯᠠᠨ ᠡᠰᠢᠵᠢᠭᠦᠯᠦᠨ ᠰᠢᠢᠳᠪᠦᠷᠢᠯᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ ᠪᠡᠷ ᠰᠤᠩᠭᠤᠬᠲᠠᠪᠠ᠃

ᠤᠢᠯᠠᠭᠠᠬᠰᠠᠨ ᠢ᠋ᠢᠡᠷ᠂  2023  ᠣᠨ ᠎ᠤ  4  ᠰᠠᠷ᠎ᠠ᠎ᠶᠢᠨ  20 ᠤ᠋  ᠡᠳᠦᠷ᠂ ᠵᠠᠷᠤᠳ ᠬᠣᠰᠢᠭᠤᠨ᠎ᠤ ᠠᠷᠠᠳ ᠎ᠤᠨ ᠰᠢᠭᠦᠬᠦ ᠬᠣᠷᠢᠶ᠎ᠠ   ᠪᠥᠬᠥ ᠣᠷᠣᠨ ᠎ᠤ  ᠠᠩᠬᠠᠳᠠᠭ᠍ᠴᠢ 《ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ᠎ᠤᠨ ᠭᠡᠷ ᠪᠦᠯᠢ᠎ᠶᠢᠨ ᠡᠷᠬᠡ ᠠᠰᠢᠭ᠋᠎ᠢ ᠬᠠᠮᠠᠭᠠᠯᠠᠬᠤ ᠰᠢᠭᠦᠭᠦ ᠲᠤᠰᠢᠶᠠᠯᠲᠠᠨ᠎ᠤ ᠠᠵᠢᠯᠯᠠᠬᠤ ᠦᠷᠦᠬᠡ》 ᠵᠢ ᠪᠠᠢᠭᠤᠯᠵᠤ᠂ 2025 ᠣᠨ᠎ᠳᠤ ᠲᠠᠰ ᠳᠡᠪᠰᠢᠭᠦᠯᠤᠨ 《ᠤᠯᠠᠭᠠᠨ ᠠᠨᠠᠷ》 ᠰᠢᠭᠦᠭᠦ  ᠬᠤᠷᠢᠶ᠎ᠠ ᠪᠠ  ᠬᠠᠷᠢᠶᠠᠲᠦ ᠨᠠᠷ ᠎ᠤᠨ ᠬᠤᠯᠪᠤᠭ᠎ᠠ ᠢ᠋ᠢᠨ ᠬᠠᠮᠳᠤᠷᠠᠬᠰᠠᠨ ᠠᠵᠢᠯᠯᠠᠬᠤ  ᠦᠷᠦᠬᠡ ᠪᠤᠯᠭᠠᠵᠦ᠂ ᠬᠡᠷᠡᠭ ᠰᠢᠢᠳᠪᠦᠷᠢᠯᠡᠬᠦ ᠶᠠᠪᠤᠴᠠ᠎ᠶᠢ ᠨᠠᠷᠢᠯᠢᠭ᠍ᠵᠢᠭᠤᠯᠤᠨ᠂ ᠠᠵᠢᠯᠲᠠᠨ᠎ᠤ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠰᠠᠭᠤᠷᠢ ᠲᠥᠬᠦᠭᠡᠷᠦᠮᠵᠢ᠎ᠶᠢ ᠲᠡᠭᠦᠯᠳᠡᠷᠵᠢᠭᠦᠯᠬᠦ᠎ᠶᠢᠨ ᠬᠠᠮᠲᠤ ᠵᠠᠷᠤᠳ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ᠎ᠲᠦ ᠣᠷᠣᠵᠤ ᠠᠵᠢᠯ᠎ᠢᠶᠠᠨ ᠥᠷᠨᠢᠭᠦᠯᠪᠡ᠃ ᠣᠳᠤᠬᠠᠨ ᠪᠣᠯᠲᠠᠯ᠎ᠠ᠂ ᠠᠵᠢᠯᠯᠠᠬᠤ ᠦᠷᠦᠭᠡ ᠨᠢ ᠨᠢᠭᠡᠨᠲᠡ 92 ᠬᠤᠪᠢ ᠬᠠᠷᠢᠶᠠᠲᠤ ᠨᠠᠷ᠎ᠲᠤ ᠬᠣᠯᠪᠣᠭᠳᠠᠭᠰᠠᠨ ᠬᠡᠷᠡᠭ ᠢ᠋ ᠭᠥᠯᠢᠶᠡᠨ ᠠᠪᠴᠤ ᠰᠢᠢᠳᠪᠦᠷᠢᠯᠡᠵᠡᠢ᠃ ᠡᠨᠡ  ᠨᠢ  ᠢᠷᠭᠡᠨ᠎ᠦ ᠬᠡᠷᠡᠭ᠂ ᠡᠷᠡᠭᠦᠦ᠎ᠶᠢᠨ ᠬᠡᠷᠡᠭ᠂ ᠭᠦᠢᠴᠡᠳᠬᠡᠬᠦ ᠡᠯ᠎ᠡ ᠲᠥᠷᠥᠯ᠎ᠦᠨ ᠵᠠᠭᠤᠷᠠᠯᠳᠤᠭᠠᠨ ᠢ᠋ ᠬᠠᠮᠤᠷᠴᠤ᠂ ᠬᠠᠤᠯᠢ ᠶᠣᠰᠣᠭᠠᠷ ᠬᠠᠷᠢᠶᠠᠲᠤ ᠨᠠᠷ ᠢ᠋ ᠬᠠᠮᠠᠭᠠᠯᠠᠬᠤ ᠡᠮᠦᠨ᠎ᠡ ᠹᠷᠣᠨᠲ᠎ᠤᠨ ᠵᠢᠭ᠍ᠰᠠᠭᠠᠯ᠎ᠤᠨ ᠭᠠᠵᠠᠷ  ᠪᠣᠯᠪᠠ᠃

ᠵᠠᠷᠤᠳ ᠬᠣᠰᠢᠭᠤᠨ᠎ᠤ ᠠᠷᠠᠳ᠎ᠤᠨ  ᠰᠢᠭᠦᠬᠦ  ᠬᠣᠷᠢᠶ᠎ᠠ ᠰᠢᠨ᠎ᠡ ᠴᠠᠭ ᠦᠶ᠎ᠡ᠎ᠶᠢᠨ 《ᠹᠸᠩᠴᠢᠶᠤᠤ ᠵᠢᠨ ᠲᠤᠷᠰᠢᠯᠭ᠎ᠠ》 ᠵᠢ ᠭᠦᠨᠵᠡᠭᠡᠢ ᠦᠢᠯᠡᠳᠦᠯᠭᠡᠵᠢᠭᠦᠯᠵᠦ᠂ 《ᠰᠢᠭᠦᠭᠦ ᠬᠤᠷᠢᠶ᠎ᠠ + ᠬᠠᠷᠢᠶᠠᠲᠤ ᠨᠠᠷ᠎ᠤᠨ ᠬᠤᠯᠪᠤᠭ᠎ᠠ》 ᠢ᠋ᠢᠨ ᠵᠠᠭᠤᠷᠠᠯᠳᠤᠭᠠᠨ᠎ᠢ ᠰᠢᠢᠳᠪᠦᠷᠢᠯᠡᠬᠦ ᠣᠯᠠᠨ ᠡᠰᠢᠲᠦ ᠲᠣᠭᠲᠠᠴᠠ᠎ᠶᠢᠨ ᠰᠢᠨ᠎ᠡ᠎ᠵᠢ ᠡᠭᠦᠳᠦᠨ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠠᠵᠢᠯ᠎ᠢ ᠡᠬᠢᠨ᠎ᠡᠴᠡ ᠨᠢ ᠳᠠᠭᠤᠰᠲᠠᠯ᠎ᠠ ᠲᠤᠭᠤᠰᠢᠯᠠᠭᠤᠯᠪᠠ᠃ ᠬᠠᠷᠢᠶᠠᠲᠤ ᠣᠷᠣᠨ᠎ᠤ ᠪᠣᠳᠠᠲᠤ ᠪᠠᠢᠳᠠᠯ᠎ᠳᠤ ᠴᠢᠭᠯᠡᠭᠦᠯᠦᠨ᠂ ᠠᠵᠢᠯᠯᠠᠬᠤ ᠦᠷᠦᠬᠡ ᠵᠢᠨ ᠰᠢᠭᠦᠬᠦ ᠲᠤᠰᠢᠶᠠᠯᠲᠠᠨ ᠰᠠᠨᠠᠭᠠᠴᠢᠯᠠᠭ᠎ᠠ ᠡᠴᠠ ᠎ᠪᠠᠨ ᠦᠢᠯᠡᠴᠢᠯᠡᠭᠡᠨ᠎ᠦ ᠬᠦᠷᠢᠶ᠎ᠡ ᠬᠡᠪᠴᠢᠶ᠎ᠡ᠎ᠪᠡᠨ ᠥᠷᠭᠡᠳᠬᠡᠨ᠂ ᠬᠠᠤᠯᠢ᠎ᠪᠠᠷ ᠵᠠᠰᠠᠬᠤ ᠤᠬᠠᠭᠤᠯᠭ᠎ᠠ ᠥᠷᠨᠢᠭᠦᠯᠵᠦ᠂ ᠣᠳᠤᠬᠠᠨ ᠪᠣᠯᠲᠠᠯ᠎ᠠ᠂ ᠨᠢᠭᠡᠨᠲᠡ 13 ᠲᠠᠯᠠᠪᠤᠷ ᠬᠠᠤᠯᠢ᠎ᠪᠠᠷ ᠵᠠᠰᠠᠬᠤ ᠤᠬᠠᠭᠤᠯᠤᠨ ᠲᠠᠢᠯᠪᠤᠷᠢᠯᠠᠯᠲᠠ᠎ᠥᠷᠨᠢᠭᠦᠯᠵᠦ᠂ 230 ᠭᠠᠷᠤᠢ ᠬᠥᠮᠥᠨ ᠤᠳᠠᠭ᠎ᠠ ᠬᠠᠤᠯᠢ ᠴᠠᠭᠠᠵᠠ᠎ᠶᠢᠨ ᠯᠠᠪᠯᠠᠭ᠎ᠠ᠎ᠳᠤ ᠬᠠᠷᠢᠭᠤᠯᠲᠠ ᠥᠭᠴᠦ᠂ 3000 ᠬᠤᠪᠢ ᠤᠬᠠᠭᠤᠯᠬᠤ ᠮᠠᠲᠧᠷᠢᠶᠠᠯ᠎ᠢ ᠲᠠᠷᠬᠠᠭᠠᠵᠦ᠂ 《ᠬᠠᠷᠢᠶᠠᠲᠤ ᠨᠠᠷ᠎ᠤᠨ ᠬᠠᠤᠯᠢ᠎ᠶᠢ ᠮᠡᠳᠡᠬᠦ᠂ ᠬᠠᠷᠢᠶᠠᠲᠤ ᠨᠠᠷ᠎ᠤᠨ ᠬᠠᠤᠯᠢ᠎ᠶᠢ ᠬᠡᠷᠡᠭᠯᠡᠬᠦ᠂ ᠬᠠᠷᠢᠶᠠᠲᠤ ᠨᠠᠷ᠎ᠤᠨ ᠠᠰᠢᠭ᠋ ᠲᠤᠰᠠ᠎ᠶᠢ ᠬᠠᠮᠠᠭᠠᠯᠠᠬᠤ》 ᠰᠠᠢᠨ ᠰᠠᠢᠬᠠᠨ ᠨᠡᠢᠭᠡᠮ᠎ᠦᠨ ᠣᠷᠴᠢᠨ ᠨᠥᠬᠥᠴᠡᠯ᠎ᠢ ᠢᠳᠡᠪᠬᠢᠲᠡᠢ ᠪᠣᠶ  ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号