ᠬᠥᠬᠡᠬᠣᠲᠠ ᠶ᠋ᠢᠨ ᠠᠷᠠᠳ ᠤᠨ ᠵᠠᠰᠠᠭ᠎ᠤᠨ ᠣᠷᠳᠣᠨ᠎ᠤ ᠠᠯᠪᠠᠨ ᠬᠡᠷ 《〈ᠦᠢᠯᠡᠰ ᠪᠤᠰᠬᠠᠬᠤ ᠬᠦᠬᠡᠬᠤᠲᠠ〉 ᠲᠥᠯᠥᠪᠯᠡᠭᠡ ᠶ᠋ᠢ ᠬᠡᠷᠡᠭ᠌ᠵᠢᠭᠦᠯᠵᠦ᠍ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ ᠶ᠋ᠢ ᠠᠬᠢᠭᠤᠯᠬᠤ ᠲᠤᠬᠠᠶ ᠠᠵᠢᠯᠯᠠᠭᠠᠨ᠎ᠤ ᠲᠥᠰᠦᠯ》᠎ᠢ᠋ ᠲᠦᠷᠦᠬᠦᠬᠡᠨ ᠳᠠᠷᠤᠮᠠᠯᠯᠠᠨ ᠲᠠᠷᠬᠠᠭᠠᠵᠤ᠂ ᠪᠥᠬᠥ᠌ ᠵᠢᠯ᠎ᠳᠦ ᠬᠣᠲᠠ ᠪᠠᠯᠭᠠᠰᠤᠨ ᠦ 6 ᠲᠦᠮᠡᠨ ᠬᠥᠮᠦᠨ᠎ᠳᠦ ᠱᠢᠨ᠎ᠡ ᠪᠡᠷ ᠠᠵᠢᠯ ᠣᠯᠭᠣᠵᠤ᠂ ᠶᠡᠬᠡ ᠰᠤᠷᠭᠠᠭᠤᠯᠢ᠎ᠶ᠋ᠢᠨ ᠣᠶᠤᠲᠠᠨ ᠵᠡᠷᠭᠡ 5 ᠲᠦᠮᠡᠨ ᠵᠠᠯᠠᠭᠤᠴᠤᠳ᠎ᠲᠤ ᠬᠥᠬᠡᠬᠣᠲᠠ᠎ᠳᠤ ᠠᠵᠢᠯ ᠣᠯᠭᠤᠵᠤ᠂ 2026 ᠣᠨ᠎ᠤ ᠡᠴᠦᠰ ᠪᠣᠯᠬᠤ᠎ᠳᠤ᠂ ᠪᠥᠬᠥ᠌ ᠬᠣᠲᠠ᠎ᠶ᠋ᠢᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠠᠵᠢᠯ ᠣᠯᠭᠣᠵᠤ ᠦᠶ᠋ᠯᠡᠰ ᠪᠤᠰᠬᠠᠬᠤ ᠠᠮᠢ ᠠᠬᠤᠶ᠎ᠶ᠋ᠢ ᠪᠥᠬᠥ᠌ ᠲᠠᠯ᠎ᠠ᠎ᠪᠠᠷ ᠱᠢᠯᠢᠳᠡᠭ᠌ᠵᠢᠭᠦᠯᠦᠨ᠎ᠡ ᠭᠡᠵᠦ᠍ ᠲᠣᠳᠣᠷᠬᠠᠶ ᠲᠣᠭ᠍ᠲᠠᠭᠠᠪᠠ᠃
ᠲᠤᠰ ᠲᠥᠰᠦᠯ᠎ᠳᠦ᠂ ᠴᠢᠨᠠᠷ ᠰᠠᠢᠲᠠᠶ ᠭᠦᠶ᠋ᠴᠡᠳ ᠠᠵᠢᠯ ᠣᠯᠭᠣᠬᠤ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠦᠬᠡᠬᠤᠲᠠ ᠳ᠋ᠤ ᠦᠢᠯᠡᠰ ᠪᠤᠰᠬᠠᠬᠤᠬᠣᠯᠪᠣᠭᠠ᠂ ᠠᠵᠢᠯ᠎ᠤᠨ ᠪᠠᠢᠷᠢ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂《ᠤᠷ᠎ᠠ ᠮᠡᠷᠭᠡᠵᠢᠯ᠎ᠢᠶᠡᠷ ᠬᠥᠬᠡᠬᠣᠲᠠ᠎ᠶ᠋ᠢ ᠬᠡᠷᠠᠯᠲᠤᠬᠦᠯᠬᠦ》 ᠪᠣᠯᠪᠠᠰᠤᠷᠠᠯ᠂ ᠵᠠᠯᠠᠭᠤᠴᠤᠳ᠎ᠢ ᠠᠵᠢᠯ᠎ᠤᠨ ᠪᠠᠢᠷᠢ ᠳᠤ ᠵᠠᠮᠴᠢᠯᠠᠭᠤᠯᠬᠤ᠂ ᠴᠢᠳᠠᠪᠤᠷᠢᠲᠠᠨ᠎ᠢ ᠲᠥᠪᠯᠡᠷᠡᠭᠦᠯᠦᠨ ᠬᠥᠮᠦᠵᠢᠭᠦᠯᠬᠦ᠂ ᠵᠠᠯᠠᠭᠤᠴᠤᠳ᠎ᠢ ᠬᠠᠪᠰᠤᠷᠤᠨ ᠦᠶ᠋ᠯᠡᠰ ᠪᠤᠰᠬᠠᠬᠤ ᠂ ᠵᠠᠭᠤᠨ ᠲᠠᠯᠠᠪᠤᠷ ᠠᠵᠢᠯᠯᠠᠭ᠎ᠠ᠎ᠪᠡᠷ ᠬᠦᠴᠦᠨ ᠣᠯᠭᠣᠬᠤ᠂ ᠣᠶᠤᠨᠴᠢ ᠦᠶ᠋ᠯᠡᠴᠢᠯᠡᠭᠡ᠎ᠶ᠋ᠢ ᠲᠠᠰ ᠳᠡᠪᠱᠢᠭᠦᠯᠬᠦ᠌᠂ ᠬᠥᠳᠡᠯᠮᠦᠷᠢ᠎ᠶ᠋ᠢᠨ ᠡᠷᠬᠡ ᠠᠱᠢᠭ᠎ᠢ ᠬᠠᠮᠠᠭᠠᠯᠠᠬᠤ᠂ ᠠᠮᠤᠷ ᠵᠢᠮᠦᠷ ᠠᠵᠤ ᠲᠦᠷᠦᠭᠦ᠎ᠶ᠋ᠢ ᠪᠠᠲᠤᠯᠠᠬᠤ ᠠᠷᠪᠠᠨ ᠵᠦᠶ᠋ᠯ᠎ᠦᠨ ᠠᠵᠢᠯᠯᠠᠭᠠᠨ᠎ᠤ ᠲᠥᠯᠥᠪᠯᠡᠭᠡ᠎ᠶ᠋ᠢ ᠱᠢᠰᠲ᠋ᠧᠮ᠎ᠲᠡᠶ ᠨᠡᠢᠲᠡᠯᠡᠵᠦ᠂ ᠠᠵᠢᠯ᠎ᠤᠨ ᠪᠠᠢᠷᠢ᠎ᠶ᠋ᠢᠨ ᠬᠠᠩᠭᠠᠯᠭ᠎ᠠ᠂ ᠤᠷ᠎ᠠ ᠮᠡᠷᠬᠡᠵᠢᠯ ᠤ᠋ᠨ ᠳᠡᠭᠡᠭ᠌ᠰᠢᠯᠡᠯᠲᠡ᠂ ᠦᠶ᠋ᠯᠡᠰ ᠪᠤᠰᠬᠠᠬᠤ ᠶ᠋ᠢ ᠲᠡᠳᠬᠦᠨ ᠳᠡᠮᠵᠢᠬᠦ᠌᠂ ᠦᠶ᠋ᠯᠡᠴᠢᠯᠡᠭᠡ ᠶ᠋ᠢ ᠱᠢᠯᠢᠳᠡᠭ᠌ᠵᠢᠭᠦᠯᠬᠦ᠌᠂ ᠠᠮᠤᠷ ᠲᠠᠢᠪᠤᠩ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠪᠥᠬᠥ᠌ ᠲᠠᠯ᠎ᠠ᠎ᠶ᠋ᠢᠨ ᠬᠡᠷᠡᠭ᠌ᠴᠡᠭᠡ᠎ᠶ᠋ᠢ ᠬᠠᠮᠤᠷᠴᠠᠶ᠃
ᠲᠥᠰᠦᠯ᠎ᠳᠦ᠂ ᠬᠠᠮᠢᠶ᠎ᠠ ᠪᠥᠬᠥᠶ ᠰᠠᠯᠠᠭ᠎ᠠ ᠮᠥᠴᠢᠷ᠂ ᠬᠥᠬᠡᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ᠂ ᠠᠵᠢᠯ ᠲᠥᠷᠥᠯ᠎ᠦᠨ ᠨᠡᠢᠭᠡᠮᠯᠢᠭ᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠪᠠᠢᠭᠤᠯᠤᠮᠵᠢ᠂ ᠲᠤᠬᠠᠢᠯᠠᠭᠰᠠᠨ ᠠᠵᠢᠯ ᠤ᠋ᠨ ᠤᠷ᠎ᠠ ᠮᠡᠷᠬᠡᠵᠢᠯ ᠤ᠋ᠨ ᠪᠣᠯᠪᠠᠰᠤᠷᠠᠯ᠎ᠤᠨ ᠪᠠᠢᠭᠤᠯᠤᠮᠵᠢ ᠪᠣᠯᠤᠨ ᠠᠵᠢᠯ ᠣᠯᠭᠣᠬᠤ ᠭᠤᠤᠯᠳᠠᠯᠭ᠎ᠠ᠎ᠲᠠᠶ ᠠᠵᠤ ᠠᠬᠤᠢᠯᠠᠯ᠎ᠤᠨ ᠠᠵᠢᠯ ᠣᠯᠭᠣᠯᠲᠠ᠎ᠶ᠋ᠢ ᠠᠬᠢᠭᠤᠯᠬᠤ ᠡᠭᠦᠷᠭᠡ ᠴᠢᠳᠠᠪᠤᠷᠢ᠎ᠶ᠋ᠢ ᠭᠦᠶ᠋ᠴᠡᠳ ᠪᠠᠳᠠᠷᠠᠭᠤᠯᠵᠤ᠂ 《ᠬᠥᠬᠡᠬᠣᠲᠠ᠎ᠶ᠋ᠢᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠬᠣᠯᠪᠣᠭ᠎ᠠ》 ᠶ᠋ᠢ ᠵᠣᠬᠢᠶᠠᠨ ᠪᠠᠢᠭᠤᠯᠵᠤ᠂ ᠬᠥᠳᠡᠯᠮᠦᠷᠢᠴᠢᠳ᠎ᠲᠦ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠮᠡᠳᠡᠭᠡ ᠵᠠᠩᠭᠢ ᠵᠢ ᠬᠠᠷᠢᠯᠴᠠᠨ ᠨᠡᠪᠲᠡᠷᠡᠯᠴᠡᠬᠦᠯᠬᠦ ᠂ ᠬᠠᠮᠵᠢᠯᠴᠠᠨ ᠬᠦᠴᠦᠯᠡᠬᠦ᠌ ᠶᠡᠷᠦᠩᠬᠡᠢᠯᠡᠭ᠌ᠰᠡᠨ ᠴᠢᠨᠠᠷᠲᠠᠶ ᠦᠶ᠋ᠯᠡᠴᠢᠯᠡᠭᠡᠨ᠎ᠦ ᠬᠣᠯᠪᠣᠭᠠᠲᠤ ᠴᠣᠭ᠍ᠴᠠ᠎ᠶ᠋ᠢ ᠪᠠᠢᠭᠤᠯᠵᠤ᠂ ᠳᠡᠭᠡᠷ᠎ᠠ ᠳᠤᠤᠷ᠎ᠠ ᠱᠠᠲᠤ᠎ᠪᠠᠷ᠎ᠢᠶᠠᠨ ᠬᠠᠮᠵᠢᠯᠴᠠᠭ᠍ᠰᠠᠨ᠂ ᠥᠨᠳᠥᠷ ᠪᠦᠲᠦᠮᠵᠢᠲᠡᠶ ᠬᠣᠯᠪᠣᠭᠠᠯᠠᠨ ᠬᠥᠳᠡᠯᠦᠯᠴᠡᠭ᠌ᠰᠡᠨ 《ᠶᠡᠬᠡ ᠠᠵᠢᠯ ᠣᠯᠭᠣᠯᠲᠠ》᠎ᠶ᠋ᠢᠨ ᠠᠵᠢᠯ᠎ᠤᠨ ᠪᠠᠢᠷᠢᠱᠢᠯ᠎ᠢ ᠪᠦᠷᠢᠯᠳᠦᠭᠦᠯᠦᠨ᠎ᠡ ᠭᠡᠵᠦ ᠳᠤᠷᠠᠳᠴᠠᠢ᠃
ᠣᠷᠣᠨ᠎ᠤ ᠲᠥᠪ᠎ᠨᠢ 《ᠦᠢᠯᠡᠰ ᠪᠤᠰᠬᠠᠬᠤ ᠬᠦᠬᠡᠬᠤᠲᠠ》 ᠦᠶ᠋ᠯᠡᠴᠢᠯᠡᠭᠡᠨ᠎ᠦ ᠲᠠᠪᠴᠠᠩ᠎ᠢ ᠰᠦᠯᠵᠢᠶᠡᠨ᠎ᠳᠦ ᠭᠠᠷᠭᠠᠵᠤ᠂ ᠤᠶᠤᠲᠠᠳ᠎ᠤᠨ ᠠᠵᠢᠯ ᠣᠯᠭᠤᠵᠤ ᠦᠢᠯᠡᠰ ᠪᠤᠰᠬᠠᠬᠤ ᠨᠢᠭᠡ ᠥᠷᠲᠡᠭᠡᠴᠢᠯᠡᠭ᠌ᠰᠡᠨ ᠦᠶ᠋ᠯᠡᠴᠢᠯᠡᠭᠡᠨ᠎ᠦ ᠲᠥᠪ ᠢ ᠪᠠᠢᠭᠤᠯᠤᠨ᠎ᠡ ; ᠦᠨᠳᠦᠰᠦᠨ ᠱᠠᠲᠤᠨ᠎ᠳᠤ ᠠᠵᠢᠯ ᠣᠯᠭᠣᠯᠲᠠ᠎ᠶ᠋ᠢ ᠬᠠᠪᠰᠤᠷᠤᠨ ᠲᠡᠳᠬᠦᠬᠦ᠌ 200 ᠥᠷᠲᠡᠭᠡ᠎ᠶ᠋ᠢ ᠪᠠᠢᠷᠢᠱᠢᠭᠤᠯᠤᠨ ᠲᠡᠭᠦᠯᠳᠡᠷᠵᠢᠭᠦᠯᠵᠦ᠍᠂ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠤᠤᠷ ᠴᠡᠭ᠎ᠦᠨ ᠡᠯᠧᠺᠲ᠋ᠷᠣᠨ ᠭᠠᠵᠠᠷ᠎ᠤᠨ ᠵᠢᠷᠤᠭ᠎ᠢ ᠨᠡᠢᠲᠡᠯᠡᠨ᠂ 《15 ᠮᠢᠨᠦ᠋ᠲ᠎ᠦᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ ᠦ ᠲᠣᠭᠣᠷᠢᠭ》 ᠢ᠋ ᠪᠠᠢᠭᠤᠯᠵᠤ᠂ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠳᠥᠭᠥᠮ ᠳᠥᠲᠡ ᠴᠢᠨᠠᠷ᠂ ᠪᠣᠯᠤᠮᠵᠢᠲᠤ ᠴᠢᠨᠠᠷ᠎ᠢ ᠳᠡᠭᠡᠭ᠌ᠰᠢᠯᠡᠭᠦᠯᠦᠨ᠎ᠡ; ᠭᠤᠤᠯᠳᠠᠯᠭ᠎ᠠ᠎ᠲᠠᠶ ᠪᠦᠯᠬᠦᠮ ᠨᠠᠢᠲᠠ ᠳ᠋ᠤ ᠠᠩᠬᠠᠷᠤᠯ᠎ᠢᠶᠠᠨ ᠲᠥᠪᠯᠡᠷᠡᠭᠦᠯᠦᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠂ ᠵᠠᠬ᠎ᠠ ᠳᠡᠯᠭᠡᠭᠦᠷᠴᠢᠯᠡᠭ᠌ᠰᠡᠨ ᠠᠵᠢᠯ ᠤᠨ ᠪᠠᠢᠷᠢ᠎ᠶ᠋ᠢ 8 ᠲᠦᠮᠡ ᠡᠴᠡ ᠳᠡᠭᠡᠭ᠌ᠰᠢ᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠠᠵᠢᠯ᠎ᠤᠨ ᠪᠠᠢᠷᠢ᠎ᠶ᠋ᠢ 1 ᠲᠦᠮᠡ᠎ᠡᠴᠡ ᠳᠡᠭᠡᠭ᠌ᠰᠢ ᠨᠡᠭᠡᠭᠡᠨ ᠬᠥᠭ᠌ᠵᠢᠭᠦᠯᠬᠦ᠌᠎ᠪᠡᠷ ᠵᠢᠱ᠌ᠢᠵᠦ᠍᠂ ᠠᠵᠢᠯᠲᠠᠨ ᠠᠵᠢᠯᠴᠢᠨ ᠡᠯᠰᠡᠬᠦ᠌ ᠠᠵᠢᠯᠯᠠᠭ᠎ᠠ᠎ᠶ᠋ᠢ 100 ᠳᠠᠯᠠᠪᠠᠢ ᠤᠳᠠᠭ᠎ᠠ ᠡᠷᠭᠢᠯᠡᠵᠦ᠂ 《ᠠᠵᠢᠯ ᠮᠡᠷᠭᠡᠵᠢᠯ᠎ᠦᠨ ᠲᠠᠨᠢᠨ ᠮᠡᠳᠡᠷᠡᠬᠦᠶ᠎ᠶ᠋ᠢᠨ ᠠᠵᠢᠯ᠎ᠤᠨ ᠭᠠᠵᠠᠷ》᠂ 《ᠬᠥᠬᠡᠬᠣᠲᠠ᠎ᠶ᠋ᠢᠨ ᠤᠷᠠᠨ ᠳᠠᠷᠬᠠᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠠᠶᠠᠯᠠᠯ》᠂ 《ᠬᠥᠬᠡᠬᠣᠲᠠ᠎ᠶ᠋ᠢᠨ ᠪᠣᠯᠵᠣᠭ᠎ᠠ》 ᠨᠠᠷᠠᠲᠤ ᠰᠤᠷᠭᠠᠭᠤᠯᠢ᠎ᠶ᠋ᠢᠨ ᠪᠠᠭ᠍ᠰᠢ ᠰᠣᠷᠣᠭ᠍ᠴᠢ᠎ᠶ᠋ᠢᠨ ᠠᠶᠠᠯᠠᠯ ᠵᠡᠷᠭᠡ ᠵᠤᠯᠭᠠᠯᠴᠠᠭᠤᠯᠬᠤ ᠠᠵᠢᠯᠯᠠᠭ᠎ᠠ᠎ᠶ᠋ᠢ 100 ᠤᠳᠠᠭ᠎ᠠ ᠥᠷᠨᠢᠭᠦᠯᠦᠨ᠎ᠡ; ᠪᠥᠬᠥ᠌ ᠬᠣᠲᠠ 《ᠵᠠᠯᠠᠭᠤᠴᠤᠳ᠎ᠲᠤ ᠠᠵᠢᠯ ᠤᠯᠭᠤᠵᠤ ᠦᠶ᠋ᠯᠡᠰ ᠪᠤᠰᠬᠠᠬᠤ ᠲᠥᠯᠥᠪᠯᠡᠭᠡ》 ᠪᠠ 《〈ᠤᠷ᠎ᠠ ᠮᠡᠷᠭᠡᠵᠢᠯ᠎ᠢᠶᠡᠷ ᠬᠥᠬᠡᠬᠣᠲᠠ᠎ᠪᠠᠨ ᠬᠡᠷᠠᠯᠲᠤᠬᠦᠯᠬᠦ〉 ᠪᠣᠯᠪᠠᠰᠤᠷᠠᠯ᠎ᠤᠨ ᠲᠥᠯᠥᠪᠯᠡᠭᠡ》 ᠶ᠋ᠢ ᠡᠬᠢᠯᠡᠨ ᠬᠡᠷᠡᠭ᠌ᠵᠢᠭᠦᠯᠵᠦ᠍᠂ ᠠᠵᠢᠯ ᠤᠯᠭᠤᠵᠤ ᠦᠶ᠋ᠯᠡᠰ ᠪᠤᠰᠬᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠨ᠎ᠡ᠃