ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠵᠤ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠨ᠎ᠡ
2026-01-19 10:39:51
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

《ᠣᠳᠣᠬᠠᠨ᠎ᠳᠤ᠂ ᠨᠡᠢᠭᠡᠮ ᠲᠣᠭᠣᠷᠢᠭ᠎ᠤᠨ ᠶᠠᠪᠤᠳᠠᠯ᠎ᠢ ᠰᠠᠭᠤᠭᠠᠯᠢ ᠠᠷᠠᠳ ᠵᠦᠪᠳᠡᠯᠴᠡᠵᠦ᠂ ᠰᠠᠭᠤᠭᠠᠯᠢ ᠠᠷᠠᠳ᠎ᠤᠨ ᠲᠣᠭᠣᠷᠢᠭ᠎ᠤᠨ ᠲᠡᠷᠭᠡ ᠵᠣᠭ᠍ᠰᠣᠭᠠᠬᠤ᠎ᠳᠤ ᠬᠦᠴᠢᠷ᠂ ᠨᠣᠭᠣᠭᠠᠷᠠᠭᠤᠯᠤᠯᠲᠠ᠎ᠶ᠋ᠢᠨ ᠬᠠᠮᠠᠭᠠᠯᠠᠯᠲᠠ ᠵᠡᠷᠭᠡ ᠠᠰᠠᠭᠤᠳᠠᠯ᠎ᠢ ᠴᠥᠮ ᠬᠠᠮᠳᠦ ᠪᠡᠷ ᠵᠥᠪᠳᠡᠯᠴᠡᠨ ᠱᠢᠢᠳᠪᠦᠷᠢᠯᠡᠵᠦ᠍᠂ ᠠᠮᠢᠳᠤᠷᠠᠯ ᠶᠠᠪᠤᠬᠤ ᠲᠤᠳᠤᠮ ᠲᠠᠭᠠᠯᠠᠮᠵᠢᠲᠠᠢ ᠪᠤᠯᠵᠤ ᠪᠠᠢᠨ᠎ᠠ!》 ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠵᠡᠭᠦᠨ ᠲᠡᠭᠦᠷᠭᠡ᠎ᠶ᠋ᠢᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ ᠭᠠᠵᠠᠷ᠎ᠤᠨ ᠾᠧ ᠽᠸ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠪᠣᠳᠣᠯ ᠲᠥᠷᠥᠭ᠌ᠳᠡᠯ ᠨᠢ ᠲᠤᠬᠠᠶ᠎ᠶ᠋ᠢᠨ ᠭᠠᠵᠠᠷ᠎ᠤᠨ ᠬᠡᠷᠡᠭ ᠵᠥᠪᠳᠡᠯᠴᠡᠬᠦ ᠲᠣᠭ᠍ᠲᠠᠴᠠ᠎ᠶ᠋ᠢ ᠲᠡᠭᠦᠯᠳᠡᠷᠵᠢᠭᠦᠯᠤᠨ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠦ ᠦᠨᠳᠦᠰᠦᠨ ᠱᠠᠲᠤᠨ᠎ᠤ ᠵᠠᠰᠠᠯᠲᠠ᠎ᠶ᠋ᠢ ᠠᠬᠢᠭᠤᠯᠤᠬᠰᠠᠨ ᠬᠤᠪᠢᠷᠠᠯᠲᠠ᠎ᠶ᠋ᠢ ᠢᠯᠡᠷᠡᠬᠦᠯᠪᠡ᠃

ᠤᠢᠷ᠎ᠠ᠎ᠶᠢᠨ ᠬᠤᠭᠤᠴᠠᠭᠠᠨ ᠡᠴᠡ ᠨᠠᠭᠠᠰᠢ᠂ ᠲᠦᠩᠯᠢᠶᠣᠤ ᠬᠣᠲᠠ ᠰᠠᠭᠤᠭᠠᠯᠢ ᠠᠷᠠᠳ᠎ᠤᠨ ᠥᠪᠡᠰᠦᠪᠡᠨ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠡᠷ ᠭᠠᠷᠳᠠᠴᠠ ᠪᠣᠯᠭᠠᠵᠤ᠂ ᠨᠡᠢᠭᠡᠮ ᠲᠣᠭᠣᠷᠢᠭ᠎ᠤᠨ ᠬᠡᠷᠡᠭ ᠵᠥᠪᠳᠡᠯᠴᠡᠬᠦ᠌ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠬᠣᠷᠴᠢᠨ ᠲᠣᠭᠣᠷᠢᠭ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ ᠦᠨᠳᠦᠰᠦᠨ ᠱᠠᠲᠤᠨ᠎ᠤ ᠵᠠᠰᠠᠯᠲᠠ᠎ᠶ᠋ᠢ ᠠᠬᠢᠭᠤᠯᠬᠤ ᠲᠤᠷᠱᠢᠯᠲᠠ᠎ᠶ᠋ᠢᠨ ᠴᠡᠭ ᠪᠣᠯᠭᠠᠵᠤ᠂ ᠣᠯᠠᠨ ᠲᠦᠮᠡᠨ᠎ᠦ ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ ᠪᠠᠢᠭ᠎ᠠ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠂ ᠲᠦᠷᠢᠮ᠎ᠢᠶᠡᠷ ᠰᠠᠭᠤᠷᠢ ᠪᠣᠯᠭᠠᠬᠤ᠂ ᠲᠠᠪᠴᠠᠩ᠎ᠢᠶᠠᠷ ᠬᠦᠴᠦᠨ ᠣᠯᠭᠣᠬᠤ᠂ ᠣᠯᠠᠨ ᠲᠠᠯ᠎ᠠ᠎ᠪᠠᠷ ᠬᠠᠮᠲᠤ᠎ᠪᠠᠷ ᠵᠠᠰᠠᠬᠤ》 ᠪᠠᠷ ᠠᠷᠭ᠎ᠠ ᠵᠠᠮ ᠪᠣᠯᠭᠠᠵᠤ᠂ ᠦᠨᠳᠦᠰᠦᠨ ᠱᠠᠲᠤᠨ᠎ᠤ ᠬᠡᠷᠡᠭ ᠵᠥᠪᠳᠡᠯᠴᠡᠬᠦ᠌ ᠱᠢᠰᠲ᠋ᠧᠮ᠎ᠢ ᠦᠷᠭᠦᠯᠵᠢᠯᠡᠨ ᠪᠦᠷᠢᠨᠱᠢᠭᠦᠯᠵᠦ᠍᠂ 《ᠣᠯᠠᠨ ᠲᠦᠮᠡᠨ᠎ᠦ ᠬᠡᠷᠡᠭ ᠶᠠᠪᠤᠳᠠᠯ᠎ᠢ ᠣᠯᠠᠨ ᠲᠦᠮᠡᠨ ᠡᠵᠡᠨ ᠮᠡᠳᠡᠬᠦ᠌》 ᠶ᠋ᠢ ᠨᠠᠢᠳᠠᠪᠤᠷᠢᠵᠢᠭᠤᠯᠪᠠ᠃

ᠬᠣᠷᠴᠢᠨ ᠲᠣᠭᠣᠷᠢᠭ 《ᠨᠠᠮ᠎ᠤᠨ ᠵᠣᠬᠢᠶᠠᠨ ᠪᠠᠢᠭᠤᠯᠤᠯᠲᠠ᠎ᠡᠴᠡ ᠰᠠᠨᠠᠭᠤᠯᠭ᠎ᠠ ᠳᠤᠷᠠᠳᠬᠤ — ᠨᠠᠮ᠎ᠤᠨ ᠬᠡᠱᠢᠭᠦᠨ ᠲᠦᠷᠦᠭᠦᠯᠡᠨ ᠵᠥᠪᠳᠡᠯᠴᠡᠬᠦ — ᠣᠯᠠᠨ ᠲᠦᠮᠡᠨ ᠣᠷᠣᠯᠴᠠᠬᠤ》 ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠵᠤ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌᠂ ᠠᠳᠠᠯ ᠠᠬᠤᠶ᠎ᠶ᠋ᠢᠨ ᠦᠶ᠋ᠯᠡᠴᠢᠯᠡᠭᠡ᠎ᠶ᠋ᠢᠨ ᠲᠦᠪᠰᠢᠨ᠎ᠢ ᠳᠡᠭᠡᠭ᠌ᠰᠢᠯᠡᠭᠦᠯᠬᠦ᠌ ᠵᠡᠷᠭᠡ ᠠᠷᠠᠳ᠎ᠤᠨ ᠠᠮᠢᠳᠤᠷᠠᠯ᠎ᠤᠨ ᠠᠰᠠᠭᠤᠳᠠᠯ᠎ᠳᠤ ᠴᠢᠭ᠌ᠯᠡᠭᠦᠯᠦᠨ᠂ ᠨᠠᠮ᠎ᠤᠨ ᠭᠡᠱᠢᠭᠦᠨ᠎ᠤ ᠣᠯᠠᠨ ᠲᠦᠮᠡᠨ᠎ᠲᠡᠶ ᠬᠠᠷᠢᠯᠴᠠᠬᠤ ᠲᠦᠷᠢᠮ᠎ᠢ ᠪᠠᠢᠭᠤᠯᠵᠤ᠂ ᠨᠠᠮ᠎ᠤᠨ ᠭᠡᠱᠢᠭᠦᠨ ᠨᠢᠭᠡ ᠪᠦᠷᠢ ᠬᠡᠳᠦᠨ ᠡᠷᠦᠬᠡ ᠣᠯᠠᠨ ᠲᠦᠮᠡᠨ᠎ᠲᠡᠶ ᠬᠠᠷᠢᠯᠴᠠᠨ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠴᠠᠭ ᠲᠤᠬᠠᠶ᠎ᠳᠤᠨᠢ ᠣᠢᠯᠠᠭᠠᠵᠤ᠂ ᠬᠡᠷᠡᠭ ᠵᠥᠪᠳᠡᠯᠴᠡᠬᠦ᠌᠎ᠳᠦ ᠠᠩᠬᠠᠨ᠎ᠤ ᠮᠠᠲ᠋ᠧᠷᠢᠶᠠᠯ ᠬᠠᠩᠭᠠᠨ᠂ ᠨᠠᠮ᠎ᠤᠨ ᠭᠡᠱᠢᠭᠦᠨ᠎ᠢ ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠬᠤ 《ᠮᠡᠳᠡᠭᠡ ᠵᠠᠩᠭᠢᠴᠢ》᠂ ᠵᠥᠷᠢᠴᠡᠯ᠎ᠢ ᠨᠠᠮᠳᠠᠭᠤᠯᠬᠤ 《ᠡᠶᠡᠳᠡᠭᠦᠯᠦᠭ᠌ᠴᠢ》᠂ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ 《ᠤᠬᠠᠭᠤᠯᠤᠭ᠍ᠴᠢ》 ᠪᠣᠯᠭᠠᠪᠠ᠃

ᠬᠡᠷᠡᠭ ᠵᠥᠪᠳᠡᠯᠴᠡᠬᠦ᠌᠎ᠶ᠋ᠢ 《ᠬᠠᠰᠢ ᠶᠠᠰᠢ ᠥᠩᠭᠡᠷᠡᠭᠦᠯᠬᠦ᠌》 ᠡᠴᠡ ᠵᠠᠢᠯᠠᠰᠭᠢᠬᠦ᠌᠎ᠶ᠋ᠢᠨ ᠲᠥᠯᠥᠭᠡ᠂ ᠬᠣᠷᠴᠢᠨ ᠲᠣᠭᠣᠷᠢᠭ ᠨᠡᠢᠭᠡᠮ ᠲᠣᠭᠣᠷᠢᠭ᠎ᠤᠨ ᠬᠡᠷᠡᠭ ᠵᠥᠪᠳᠡᠯᠴᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠡᠷᠡᠭ ᠵᠥᠪᠳᠡᠯᠴᠡᠬᠦ᠌ ᠭᠤᠤᠯ ᠴᠣᠭ᠍ᠴᠠ᠂ ᠠᠭᠤᠯᠭ᠎ᠠ᠂ ᠲᠠᠰ ᠳᠠᠷᠠᠭᠠᠯᠠᠯ ᠪᠠ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠵᠤ᠂ ᠭᠤᠤᠯ ᠴᠣᠭ᠍ᠴᠠ᠂ ᠴᠤᠪᠤᠷᠠᠯ᠂ ᠴᠠᠭ᠎ᠤᠨ ᠬᠢᠵᠠᠭᠠᠷ᠎ᠢ ᠲᠣᠭ᠍ᠲᠠᠭᠠᠨ᠂ ᠱᠠᠯᠠᠪᠳᠠᠭᠤᠯᠤᠨ ᠨᠠᠢᠳᠠᠪᠤᠷᠢᠵᠢᠭᠤᠯᠬᠤ᠎ᠪᠠᠷ ᠳᠠᠮᠵᠢᠨ᠂ ᠬᠡᠷᠡᠭ ᠵᠥᠪᠳᠡᠯᠴᠡᠬᠦ᠌ ᠬᠤᠷᠠᠯ ᠬᠤᠷᠠᠯᠳᠤᠭᠤᠯᠬᠤ᠂ ᠰᠠᠨᠠᠯ ᠬᠤᠷᠢᠶᠠᠬᠤ᠂ ᠵᠠᠭᠤᠷᠠᠯᠳᠤᠭᠠᠨ᠎ᠢ ᠡᠶᠡᠳᠡᠭᠦᠯᠬᠦ᠌ ᠵᠡᠷᠭᠡ ᠭᠣᠭ᠍ᠴᠣᠭ᠎ᠠ᠎ᠶ᠋ᠢ ᠵᠢᠷᠤᠮᠵᠢᠭᠤᠯᠵᠤ᠂ 《ᠤᠴᠢᠷ ᠪᠣᠯᠭᠠᠨ᠎ᠳᠤ ᠬᠠᠷᠢᠭᠤᠯᠲᠠ ᠥᠭ᠌ᠬᠦ》 ᠶ᠋ᠢ ᠦᠨᠡᠨ ᠬᠦ᠌ ᠪᠠᠲᠤᠯᠠᠪᠠ᠃

ᠣᠳᠣᠬᠠᠨ᠎ᠳᠤ᠂ ᠬᠡᠷᠡᠭ ᠵᠥᠪᠳᠡᠯᠴᠡᠬᠦ᠌ ᠨᠢ ᠰᠠᠭᠤᠭᠠᠯᠢ ᠠᠷᠠᠳ᠎ᠤᠨ ᠥᠪᠡᠰᠦᠪᠡᠨ ᠵᠠᠰᠠᠬᠤ ᠬᠦᠴᠦᠲᠡᠶ ᠭᠠᠷᠳᠠᠴᠠ ᠪᠣᠯᠵᠣ᠂ ᠠᠷᠠᠳ᠎ᠤᠨ ᠠᠮᠢᠳᠤᠷᠠᠯ᠎ᠤᠨ ᠨᠢᠭᠡ ᠪᠦᠯᠦᠭ ᠬᠦᠴᠢᠷ ᠠᠰᠠᠭᠤᠳᠠᠯ᠎ᠢ ᠱᠢᠶ᠋ᠳᠪᠦᠷᠢᠯᠡᠭ᠌ᠰᠡᠨ᠎ᠢᠶᠡᠷ ᠪᠠᠷᠠᠬᠤ ᠥᠬᠡᠢ᠂ ᠰᠠᠭᠤᠭᠠᠯᠢ ᠠᠷᠠᠳ᠎ᠤᠨ ᠨᠡᠢᠭᠡᠮ ᠲᠣᠭᠣᠷᠢᠭ᠎ᠤᠨ ᠵᠠᠰᠠᠯᠲᠠ᠎ᠳᠤ ᠣᠷᠣᠯᠴᠠᠬᠤ ᠰᠠᠨᠠᠭᠠᠴᠢᠯᠠᠭᠠᠲᠤ ᠴᠢᠨᠠᠷ᠎ᠢ ᠨᠠᠩ ᠬᠥᠭ᠌ᠵᠢᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号