ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ᠎ᠶ᠋ᠢ ᠦᠳᠲᠡᠷ ᠲᠦᠷᠭᠡᠨ ᠪᠣᠶ ᠪᠣᠯᠭᠠᠬᠤ᠎ᠶ᠋ᠢᠨ ᠲᠥᠯᠥᠭᠡ᠂ ᠬᠠᠩᠭᠢᠨ ᠬᠣᠱᠢᠭᠤᠨ᠎ᠤ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ ᠣᠨᠣᠯ᠎ᠤᠨ ᠤᠬᠠᠭᠤᠯᠭ᠎ᠠ᠎ᠶ᠋ᠢᠨ ᠬᠦᠨᠳᠦ ᠡᠭᠦᠷᠭᠡ᠎ᠶ᠋ᠢ ᠰᠠᠨᠠᠭᠠᠴᠢᠯᠠᠭ᠎ᠠ᠎ᠡᠴᠡ᠎ᠪᠠᠨ ᠡᠭᠦᠷᠭᠡᠯᠡᠵᠦ᠍᠂ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠶ ᠬᠡᠯᠪᠡᠷᠢ᠎ᠪᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠳᠤ ᠤᠬᠠᠭᠤᠯᠤᠨ ᠲᠠᠢᠯᠪᠤᠷᠢᠯᠠᠪᠠ᠃
ᠨᠠᠮ᠎ᠤᠨ ᠭᠡᠱᠢᠭᠦᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠎ᠤᠨ ᠭᠤᠤᠯ ᠵᠢᠭ᠍ᠰᠠᠭᠠᠯ᠎ᠤᠨ ᠭᠠᠵᠠᠷ ᠪᠣᠯᠤᠭ᠍ᠰᠠᠨ᠎ᠤ ᠬᠤᠪᠢ᠎ᠳᠤ᠂ ᠬᠠᠩᠭᠢᠨ ᠬᠣᠱᠢᠭᠤᠨ᠎ᠤ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ 《ᠤᠷᠢᠳ ᠵᠢᠡᠷ ᠰᠤᠷᠤᠯᠴᠠᠬᠤ᠂ ᠭᠦᠨᠵᠡᠭᠡᠶ ᠰᠤᠷᠤᠯᠴᠠᠬᠤ》᠎ᠶ᠋ᠢ ᠪᠠᠷᠢᠮᠲᠠᠯᠠᠵᠦ᠂ ᠲᠤᠰᠭᠠᠶ ᠰᠡᠳᠦᠪᠲᠦ ᠰᠤᠷᠤᠯᠴᠠᠯᠭ᠎ᠠ᠎ᠶ᠋ᠢᠨ ᠬᠤᠷᠠᠯ ᠬᠤᠷᠠᠯᠳᠤᠭᠤᠯᠵᠤ᠂ ᠬᠠᠮᠲᠤ᠎ᠪᠠᠷ ᠬᠢᠴᠢᠶᠡᠯ ᠪᠡᠯᠡᠳᠭᠡᠬᠦ᠌ ᠠᠵᠢᠯ ᠥᠷᠨᠢᠭᠦᠯᠪᠡ᠃ ᠲᠤᠰᠭᠠᠶ ᠮᠡᠷᠭᠡᠵᠢᠯᠲᠡᠨ᠎ᠢ ᠤᠷᠢᠵᠤ ᠬᠠᠪᠰᠤᠷᠤᠨ ᠵᠢᠯᠣᠭᠣᠳᠣᠭᠤᠯᠬᠤ᠂ ᠵᠢᠭᠠᠨ ᠰᠤᠷᠭᠠᠯᠲᠠ᠎ᠶ᠋ᠢᠨ ᠰᠣᠷᠢᠯᠲᠠ ᠬᠢᠬᠦ᠌᠂ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠤᠯᠲᠠ ᠬᠢᠵᠦ᠍ ᠮᠠᠲ᠋ᠧᠷᠢᠶᠠᠯ ᠴᠤᠭ᠍ᠯᠠᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂《ᠣᠨᠣᠯ᠎ᠤᠨ ᠲᠠᠢᠯᠪᠤᠷᠢᠯᠠᠯᠲᠠ + ᠬᠡᠷᠡᠭ᠎ᠦᠨ ᠵᠢᠱ᠌ᠢᠶ᠎ᠡ᠎ᠶ᠋ᠢᠨ ᠵᠠᠳᠠᠯᠤᠯᠲᠠ + ᠦᠶ᠋ᠯᠡᠳᠦᠯᠭᠡ᠎ᠶ᠋ᠢᠨ ᠵᠢᠯᠣᠭᠣᠳᠣᠯᠭ᠎ᠠ》᠎ᠶ᠋ᠢᠨ ᠰᠣᠳᠣᠨ ᠬᠢᠴᠢᠶᠡᠯ᠎ᠦᠨ ᠱᠢᠰᠲ᠋ᠧᠮ᠎ᠢ ᠨᠡᠭᠡᠭᠡᠨ ᠬᠥᠭ᠌ᠵᠢᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠭᠠᠷᠳᠠᠯᠭ᠎ᠠ ᠵᠡᠷᠭᠡ ᠣᠨᠣᠯ᠎ᠤᠨ ᠭᠤᠤᠯᠳᠠᠯᠭ᠎ᠠ᠎ᠶ᠋ᠢ ᠬᠠᠩᠭᠢᠨ ᠬᠣᠱᠢᠭᠤᠨ᠎ᠤ ᠠᠵᠤ ᠦᠶ᠋ᠯᠡᠰ᠎ᠦᠨ ᠲᠠᠰ ᠳᠡᠪᠱᠢᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠰᠣᠷᠭᠣᠭ ᠦᠶ᠋ᠯᠡᠳᠦᠯᠭᠡ᠎ᠶ᠋ᠢᠨ ᠵᠢᠱ᠌ᠢᠶ᠎ᠡ ᠪᠣᠯᠭᠠᠨ ᠬᠤᠪᠢᠷᠠᠭᠤᠯᠵᠤ᠂ ᠤᠬᠠᠭᠤᠯᠤᠨ ᠲᠠᠢᠯᠪᠤᠷᠢᠯᠠᠬᠤ᠎ᠶ᠋ᠢ ᠣᠨᠣᠯ᠎ᠤᠨ ᠥᠨᠳᠥᠷᠴᠡ ᠲᠠᠢ ᠮᠥᠷᠲᠡᠭᠡᠨ ᠦᠶ᠋ᠯᠡᠳᠦᠯᠭᠡ᠎ᠶ᠋ᠢᠨ ᠬᠠᠯᠠᠭᠤᠨ ᠳᠤᠯᠠᠭᠠᠨ᠎ᠲᠠᠶ ᠪᠠᠢᠯᠭᠠᠪᠠ᠃
ᠠᠳᠠᠯᠢ ᠪᠤᠰᠤ ᠬᠡᠷᠡᠭ᠌ᠴᠡᠭᠡ᠎ᠳᠦ ᠴᠢᠭ᠌ᠯᠡᠭᠦᠯᠦᠨ᠂ ᠲᠣᠰ ᠰᠤᠷᠭᠠᠭᠤᠯᠢ 《ᠬᠠᠨᠳᠤᠯᠭᠠᠲᠤ ᠮᠠᠶᠢᠭ》 ᠤ᠋ᠨ ᠤᠬᠠᠭᠤᠯᠤᠨ ᠲᠠᠢᠯᠪᠤᠷᠢᠯᠠᠬᠤ ᠦᠶ᠋ᠯᠡᠴᠢᠯᠡᠭᠡ᠎ᠶ᠋ᠢ ᠲᠣᠭ᠍ᠲᠠᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠯᠢᠭ ᠣᠨᠣᠴᠠᠲᠠᠶ ᠤᠬᠠᠭᠤᠯᠤᠨ ᠲᠠᠢᠯᠪᠤᠷᠢᠯᠠᠪᠠ᠃ ᠪᠠᠢᠭᠤᠯᠭ᠎ᠠ᠎ᠶ᠋ᠢᠨ ᠺᠠᠳ᠋ᠷᠠᠵᠢᠯᠳᠠᠨᠳᠤ ᠴᠢᠭᠯᠡᠬᠦᠯᠤᠨ᠂ 《ᠲᠤᠰᠭᠠᠶ ᠮᠡᠷᠭᠡᠵᠢᠯᠲᠡᠨ ᠳᠠᠭᠠᠭᠤᠯᠤᠨ ᠰᠤᠷᠤᠯᠴᠠᠬᠤ + ᠲᠤᠰᠭᠠᠶ ᠰᠡᠳᠦᠪᠲᠦ ᠰᠤᠳᠤᠯᠤᠨ ᠶᠠᠷᠢᠯᠴᠠᠬᠤ》 ᠵᠠᠭ᠍ᠪᠤᠷ᠎ᠢ ᠬᠡᠷᠡᠭᠵᠢᠬᠦᠯᠵᠦ᠂ ᠬᠣᠱᠢᠭᠤᠨ᠎ᠤ ᠪᠠᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠲᠥᠷᠥ᠎ᠶ᠋ᠢᠨ ᠪᠣᠳᠣᠯᠭ᠎ᠠ᠎ᠶ᠋ᠢᠨ ᠯᠣᠭᠢᠭ᠎ᠢ ᠲᠠᠢᠯᠪᠤᠷᠢᠯᠠᠵᠤ᠂ ᠺᠠᠳ᠋ᠷᠴᠤᠳ᠎ᠤᠨ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠡᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠴᠢᠳᠠᠪᠤᠷᠢ ᠪᠣᠯᠭᠠᠨ ᠬᠤᠪᠢᠷᠠᠭᠤᠯᠬᠤ᠎ᠶ᠋ᠢ ᠬᠥᠲᠥᠯᠥᠨ ᠵᠢᠯᠣᠭᠣᠳᠪᠠ; ᠮᠠᠯᠴᠢᠨ ᠲᠠᠷᠢᠶᠠᠴᠢᠨ ᠨᠠᠮ᠎ᠤᠨ ᠭᠡᠱᠢᠭᠦᠨ᠎ᠳᠦ ᠴᠢᠭ᠌ᠯᠡᠭᠦᠯᠦᠨ᠂ ᠨᠠᠮ᠎ᠤᠨ ᠰᠤᠷᠭᠠᠭᠤᠯᠢ᠎ᠶ᠋ᠢᠨ ᠪᠠᠭ᠍ᠰᠢ᠂ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ᠎ᠪᠠᠷ ᠪᠦᠷᠢᠯᠳᠦᠭ᠌ᠰᠡᠨ ᠤᠬᠠᠭᠤᠯᠤᠨ ᠲᠠᠢᠯᠪᠤᠷᠢᠯᠠᠬᠤ ᠠᠩᠭᠢ᠎ᠶ᠋ᠢ ᠵᠣᠬᠢᠶᠠᠨ ᠪᠠᠢᠭᠤᠯᠵᠤ᠂ 《ᠲᠣᠰ ᠭᠠᠵᠠᠷ᠎ᠤᠨ ᠪᠣᠳᠠᠲᠤ ᠵᠢᠱ᠌ᠢᠶ᠎ᠡ + ᠪᠠᠶᠠᠵᠢᠯ᠎ᠤᠨ ᠥᠯᠢᠭᠡᠷ》 ᠤ᠋ᠨ 《ᠨᠤᠲᠤᠭ᠎ᠤᠨ ᠦᠨᠦᠷ ᠠᠮᠲᠠ》 ᠪᠠᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ ᠵᠡᠷᠭᠡ ᠠᠭᠤᠯᠭ᠎ᠠ᠎ᠪᠡᠷ ᠭᠤᠤᠯᠳᠠᠯᠭ᠎ᠠ ᠪᠤᠯᠭᠠᠵᠤ᠂ ᠨᠡᠢᠲᠡ 43 ᠲᠠᠯᠠᠪᠤᠷ ᠤᠳᠠᠭ᠎ᠠ ᠤᠬᠠᠭᠤᠯᠤᠨ ᠲᠠᠢᠯᠪᠤᠷᠢᠯᠠᠵᠤ᠂ 800 ᠭᠠᠷᠤᠶ ᠣᠯᠠᠨ ᠲᠦᠮᠡᠨ᠎ᠢ ᠬᠠᠮᠤᠷᠪᠠ; ᠬᠥᠳᠡᠯᠵᠦ᠍ ᠪᠠᠷᠢᠬᠤ᠎ᠳᠤ ᠳᠥᠭᠥᠮ ᠦᠭᠡᠢ ᠠᠬᠠᠮᠠᠳ ᠨᠠᠮ᠎ᠤᠨ ᠭᠡᠱᠢᠭᠦᠨ᠎ᠳᠦ 《ᠬᠡᠷ ᠲᠤᠨᠢ ᠬᠦᠷᠴᠤ ᠲᠠᠢᠯᠪᠤᠷᠢᠯᠡᠬᠤ》 ᠦᠢᠯᠡᠴᠢᠯᠡᠭᠡ ᠥᠷᠨᠢᠭᠦᠯᠵᠦ᠍᠂ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠬᠠᠢᠷ᠎ᠠ ᠬᠠᠯᠠᠮᠵᠢ᠎ᠶ᠋ᠢ ᠭᠡᠷ᠎ᠦᠨ ᠡᠭᠦᠳᠡᠨ᠎ᠳᠦᠨᠢ ᠬᠦᠷᠭᠡᠪᠡ᠃
ᠴᠠᠭ ᠪᠠ ᠣᠷᠣᠨ ᠵᠠᠶ᠎ᠶ᠋ᠢᠨ ᠬᠢᠵᠠᠭᠠᠷᠯᠠᠯ᠎ᠢ ᠡᠪᠳᠡᠬᠦ᠌᠎ᠶ᠋ᠢᠨ ᠲᠥᠯᠥᠭᠡ᠂ ᠲᠣᠰ ᠰᠤᠷᠭᠠᠭᠤᠯᠢ 《ᠪᠤᠳᠠᠳᠤ ᠴᠤᠭᠴᠠ + ᠰᠦᠯᠵᠢᠶᠡᠨ ᠳᠡᠭᠡᠷᠡᠬᠢ》 ᠪᠣᠰᠣᠭ᠎ᠠ ᠴᠣᠭ᠍ᠴᠠᠲᠤ ᠤᠬᠠᠭᠤᠯᠤᠨ ᠲᠠᠢᠯᠪᠤᠷᠢᠯᠠᠬᠤ ᠵᠢᠭ᠍ᠰᠠᠭᠠᠯ ᠢ᠋ ᠪᠠᠢᠭᠤᠯᠪᠠ᠃ ᠪᠠᠯᠭᠠᠰᠤᠨ᠎ᠤ ᠱᠠᠳᠤᠨ᠎ᠦ ᠨᠠᠮ᠎ᠤᠨ ᠰᠤᠷᠭᠠᠭᠤᠯᠢ᠎ᠶ᠋ᠢᠨ ᠲᠤᠷᠱᠢᠯᠲᠠ᠎ᠶ᠋ᠢᠨ ᠴᠡᠭ᠎ᠤᠨ ᠵᠢᠭ᠍ᠰᠠᠭᠠᠯ᠎ᠤᠨ ᠭᠠᠵᠠᠷ᠂ ᠮᠠᠯᠴᠢᠨ ᠲᠠᠷᠢᠶᠠᠴᠢᠨ᠎ᠤ ᠣᠷᠣᠶ᠎ᠶ᠋ᠢᠨ ᠰᠤᠷᠭᠠᠭᠤᠯᠢ ᠵᠡᠷᠭᠡ ᠲᠠᠪᠴᠠᠩ᠎ᠳᠤ ᠲᠦᠱᠢᠭ᠌ᠯᠡᠨ 《ᠵᠠᠬᠢᠶᠠᠯᠠᠭ᠎ᠠ᠎ᠶ᠋ᠢᠨ ᠮᠠᠶᠢᠭ》᠎ᠤ᠋ᠨ ᠦᠶ᠋ᠯᠡᠴᠢᠯᠡᠭᠡ᠎ᠶ᠋ᠢ ᠬᠡᠷᠡᠭ᠌ᠵᠢᠭᠦᠯᠦᠭᠰᠡᠨᠵᠢᠡᠷ ᠪᠠᠷᠠᠬᠤ ᠥᠬᠡᠶ᠂ ᠨᠠᠩ ᠴᠤ᠌ ᠪᠥᠬᠥ᠌ ᠬᠣᠱᠢᠭᠤᠨ᠎ᠤ ᠰᠠᠯᠠᠭᠠᠨ ᠲᠠᠰ᠎ᠤᠨ ᠺᠠᠳ᠋ᠷ᠎ᠤᠨ 《ᠣᠷᠣᠶ᠎ᠶ᠋ᠢᠨ ᠰᠤᠷᠭᠠᠭᠤᠯᠢ》 ᠪᠠᠷ ᠳᠠᠮᠵᠢᠨ ᠺᠠᠳ᠋ᠷ᠎ᠤᠨ ᠪᠣᠯᠪᠠᠰᠤᠷᠠᠯ᠎ᠢ ᠪᠦᠬᠦᠨ᠎ᠢ ᠪᠦᠷᠬᠦᠭᠦᠯᠬᠦ᠌᠎ᠶ᠋ᠢ ᠪᠡᠶᠡᠯᠡᠭᠦᠯᠵᠦ᠍᠂ 《1 + N》 ᠬᠢᠴᠢᠶᠡᠯ᠎ᠦᠨ ᠱᠢᠰᠲ᠋ᠧᠮ᠎ᠢ ᠠᠱᠢᠭ᠍ᠯᠠᠨ ᠡᠯ᠎ᠡ ᠲᠥᠷᠥᠯ᠎ᠦᠨ ᠪᠣᠯᠪᠠᠰᠤᠷᠠᠯ ᠥᠷᠨᠢᠭᠦᠯᠪᠡ; 《ᠬᠠᠩᠭᠢᠨᠤ ᠬᠣᠱᠢᠭᠤᠴᠢ 〈ᠡᠭᠦᠯᠡᠨ ᠬᠢᠴᠢᠶᠡᠯ᠎ᠦᠨ ᠲᠠᠩᠬᠢᠮ〉》 ᠤ᠋ᠨ ᠡᠬᠢ ᠪᠠᠶᠠᠯᠢᠭ᠎ᠲᠠᠶ ᠤᠶᠠᠯᠳᠤᠭᠤᠯᠤᠨ᠂ ᠰᠦᠯᠵᠢᠶᠡᠨ ᠳᠡᠭᠡᠷ᠎ᠡ ᠨᠠᠮ᠎ᠤᠨ ᠭᠡᠱᠢᠭᠦᠨ ᠺᠠᠳ᠋ᠷ ᠵᠢᠴᠢ ᠪᠠᠶᠠᠵᠢᠯ᠎ᠤᠨ ᠳᠠᠭᠠᠭᠤᠯᠤᠭ᠍ᠴᠢ᠎ᠶ᠋ᠢ 1 ᠲᠦᠮᠡᠨ ᠬᠥᠮᠦᠨ ᠤᠳᠠᠭ᠎ᠠ ᠳ᠋ᠤ ᠪᠣᠯᠪᠠᠰᠤᠷᠠᠯ ᠬᠦᠷᠳᠡᠭᠡᠪᠡ᠃ ᠣᠳᠣᠬᠠᠨᠪᠤᠯᠳᠠᠯᠠ ᠡᠯ᠎ᠡ ᠲᠥᠷᠥᠯ᠎ᠦᠨ ᠲᠥᠪᠯᠡᠷᠡᠭᠦᠯᠦᠭᠰᠡᠨ ᠪᠣᠯᠪᠠᠰᠤᠷᠠᠯ᠎ᠢ 60 ᠭᠠᠷᠤᠶ ᠤᠳᠠᠭ᠎ᠠ ᠥᠷᠨᠢᠭᠦᠯᠵᠦ᠍᠂ ᠤᠬᠠᠭᠤᠯᠤᠨ ᠲᠠᠢᠯᠪᠤᠷᠢᠯᠠᠬᠤ ᠠᠵᠢᠯ᠎ᠢ 《ᠲᠠᠰᠤᠯᠳᠠᠭᠤᠯᠬᠤ ᠥᠬᠡᠶ》᠂ ᠰᠤᠷᠤᠯᠴᠠᠯᠭ᠎ᠠ᠎ᠶ᠋ᠢ 《ᠲᠠᠰᠤᠯᠳᠠᠭᠤᠯᠬᠤ ᠥᠬᠡᠶ》 ᠪᠠᠢᠬᠤ ᠵᠢ ᠪᠠᠷᠢᠮᠳᠠᠯᠠᠵᠦ ᠪᠤᠢ᠃