《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ》 ᠪᠣᠯ ᠰᠣᠶᠣᠯ᠎ᠤᠨ ᠬᠥᠭᠵᠢᠯᠲᠡ᠎ᠶᠢᠨ ᠴᠠᠭ ᠦᠶ᠎ᠡ᠎ᠶᠢᠨ ᠱᠠᠭᠠᠷᠳᠠᠯᠭ᠎ᠠ ᠮᠦᠨ
2026-01-19 16:58:34
ᠵᠣᠬᠢᠶᠠᠭ᠍ᠴᠢ᠄
ᠸᠠᠩ ᠰᠢᠶᠣᠣ ᠰᠢᠶᠠ
ᠣᠩᠱᠢᠭ᠍ᠰᠠᠨ ᠣᠳᠠᠭ᠎ᠠ᠄
★★★☆☆

ᠰᠣᠶᠣᠯ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠠᠷᠢᠯᠴᠠᠨ ᠠᠬᠢᠭᠣᠯᠣᠨ ᠤᠷᠤᠭᠰᠢᠯᠠᠵᠤ᠂ ᠰᠣᠶᠣᠯ᠎ᠳᠤ 《ᠲᠤᠭᠠᠴᠢᠯᠠᠯᠳᠠ ᠤᠶᠤᠨᠴᠢᠯᠠᠯᠳᠠ ᠵᠢᠨ ᠵᠢᠭᠦᠷ》 ᠤᠷᠭᠤᠭᠤᠯᠬᠤ ᠪᠣᠯ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠴᠢᠨᠠᠷ ᠰᠠᠢᠲᠠᠢ ᠬᠥᠭᠵᠢᠯᠲᠡ᠎ᠶᠢᠨ ᠴᠠᠭ ᠦᠶ᠎ᠡ᠎ᠶᠢᠨ ᠱᠠᠭᠠᠷᠳᠠᠯᠭ᠎ᠠ ᠪᠣᠯᠣᠨ᠎ᠠ᠃ ᠲᠣᠭᠠᠴᠢᠯᠠᠯᠲᠠ ᠣᠶᠤᠨᠴᠢᠯᠠᠯᠲᠠ ᠨᠢ ᠰᠣᠶᠣᠯ᠎ᠤᠨ ᠦᠢᠯᠡᠴᠢᠯᠡᠭᠡᠨ᠎ᠦ ᠭᠠᠵᠠᠷ ᠵᠦᠢ᠎ᠶᠢᠨ ᠣᠷᠣᠨ ᠵᠠᠢ ᠎ᠵᠢᠨ ᠵᠠᠪᠰᠠᠷᠳᠠᠯ᠎ᠢ ᠦᠬᠡᠢᠰᠬᠡᠵᠦ᠂ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ ᠵᠢᠨ ᠪᠡᠬᠢᠯᠡᠯᠲᠡ᠎ᠶᠢ ᠡᠪᠳᠡᠵᠦ᠂ ᠰᠣᠶᠣᠯ᠎ᠤᠨ ᠦᠢᠯᠡᠴᠢᠯᠡᠭᠡ ᠲᠡᠩᠴᠡᠭᠦᠷᠢ ᠦᠭᠡᠢ ᠪᠠᠢᠬᠤ ᠵᠡᠷᠭᠡ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠬᠦᠴᠢᠷ ᠠᠰᠠᠭᠤᠳᠠᠯ᠎ᠢ ᠪᠦᠲᠦᠮᠵᠢᠲᠡᠢ ᠰᠢᠢᠳᠪᠦᠷᠢᠯᠡᠪᠡ᠃ 

《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ》 ᠎ᠳᠤ᠂ 《ᠰᠣᠶᠣᠯ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠭᠤᠰᠤᠯᠴᠠᠯ᠎ᠢ ᠠᠬᠢᠭᠤᠯᠵᠤ᠂ ᠰᠣᠶᠣᠯ᠎ᠤᠨ ᠪᠠᠢᠭᠤᠯᠤᠯᠲᠠ᠎ᠶᠢᠨ ᠲᠤᠭᠠᠴᠢᠯᠠᠯᠳᠠ ᠤᠶᠤᠨᠴᠢᠯᠠᠯᠳᠠ᠎ᠳᠦ ᠴᠢᠳᠠᠪᠤᠷᠢ ᠣᠯᠭᠣᠬᠤ᠂ ᠮᠡᠳᠡᠭᠡ ᠵᠠᠩᠭᠢᠴᠢᠯᠠᠯᠲᠠ᠎ᠶᠢᠨ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠤᠨ᠎ᠠ》 ᠭᠡᠵᠦ ᠲᠣᠳᠣᠷᠬᠠᠢ ᠱᠠᠭᠠᠷᠳᠠᠪᠠ᠃ ᠰᠣᠶᠣᠯ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠠᠷᠢᠯᠴᠠᠨ ᠠᠬᠢᠭᠣᠯᠣᠨ ᠤᠷᠤᠭᠰᠢᠯᠠᠵᠤ᠂ ᠰᠣᠶᠣᠯ᠎ᠳᠤ 《ᠲᠤᠭᠠᠴᠢᠯᠠᠯᠳᠠ ᠤᠶᠤᠨᠴᠢᠯᠠᠯᠳᠠ ᠵᠢᠨ ᠵᠢᠭᠦᠷ》 ᠤᠷᠭᠤᠭᠤᠯᠬᠤ ᠪᠣᠯ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠴᠢᠨᠠᠷ ᠰᠠᠢᠲᠠᠢ ᠬᠥᠭᠵᠢᠯᠲᠡ᠎ᠶᠢᠨ ᠴᠠᠭ ᠦᠶ᠎ᠡ᠎ᠶᠢᠨ ᠱᠠᠭᠠᠷᠳᠠᠯᠭ᠎ᠠ ᠪᠣᠯᠣᠨ᠎ᠠ᠃

ᠰᠢᠨ᠎ᠡ ᠴᠠᠭ ᠦᠶ᠎ᠡ᠎ᠡᠴᠡ ᠨᠠᠭᠠᠰᠢ ᠨᠡᠩ ᠲᠦᠭᠡᠮᠡᠯ ᠠᠰᠢᠭ᠋ ᠬᠦᠷᠲᠡᠭᠡᠬᠦ ᠰᠣᠶᠣᠯ᠎ᠢ ᠬᠠᠮᠲᠤ᠎ᠪᠠᠷ ᠡᠳ᠋ᠯᠡᠬᠦ᠂ ᠨᠡᠩ ᠪᠠᠶᠠᠯᠢᠭ᠋ ᠰᠣᠶᠣᠯ᠎ᠤᠨ ᠬᠠᠩᠭᠠᠯᠭ᠎ᠠ᠂ ᠨᠡᠩ ᠣᠨᠣᠴᠠᠲᠠᠢ ᠰᠣᠶᠣᠯ᠎ᠤᠨ ᠦᠢᠯᠡᠴᠢᠯᠡᠭᠡ᠎ᠶᠢ ᠪᠡᠶᠡᠯᠡᠭᠦᠯᠬᠦ ᠨᠢ ᠨᠢᠭᠡᠨᠲᠡ ᠠᠷᠠᠳ ᠤᠯᠠᠨ᠎ᠤ ᠨᠡᠢᠳᠡᠮ᠎ᠦᠨ ᠰᠣᠶᠣᠯ᠎ᠤᠨ ᠬᠦᠰᠡᠯ ᠡᠷᠡᠮᠡᠯᠵᠡᠯ ᠪᠣᠯᠪᠠ᠃ ᠵᠣᠬᠢᠶᠠᠮᠠᠯ ᠣᠶᠤᠨ ᠴᠢᠳᠠᠪᠤᠷᠢ᠂ ᠲᠣᠮᠣ᠌ ᠳ᠋ᠠᠢᠲ᠋ᠠ᠂ ᠡᠭᠦᠯᠡᠨ ᠪᠣᠳᠣᠯᠲᠠ᠂ ᠡᠳ᠋ ᠪᠠᠷᠠᠭᠠᠨ᠎ᠤ ᠮᠡᠳᠡᠭᠡ ᠵᠠᠩᠭᠢ᠎ᠶᠢᠨ ᠰᠦᠯᠵᠢᠶ᠎ᠡ ᠵᠡᠷᠭᠡ ᠲᠣᠭᠠᠴᠢᠯᠠᠯᠳᠠ ᠣᠶᠣᠨᠴᠢᠯᠠᠯᠳᠠ ᠵᠢᠨ ᠮᠡᠷᠭᠡᠵᠢᠯ ᠨᠢ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ  《ᠮᠡᠷᠭᠡᠵᠢᠯ᠎ᠦᠨ ᠰᠠᠭᠤᠷᠢ》 ᠵᠢ ᠲᠠᠰᠤᠷᠠᠯᠲᠠ ᠦᠭᠡᠢ ᠪᠡᠬᠢᠵᠢᠭᠦᠯᠵᠦ᠂ ᠨᠣᠮ᠎ᠤᠨ ᠰᠠᠩ᠂ ᠮᠦᠽᠧᠢ᠂ ᠦᠵᠡᠰᠬᠦᠯᠡᠩ᠎ᠦᠨ ᠣᠷᠳᠣᠨ ᠵᠡᠷᠭᠡ ᠣᠯᠠᠨ ᠨᠡᠶ᠋ᠢᠲᠡ᠎ᠶᠢᠨ ᠰᠣᠶᠣᠯ᠎ᠤᠨ ᠣᠷᠣᠨ ᠵᠠᠢ᠎ᠶᠢ 《ᠡᠬᠡᠯ ᠠᠷᠠᠳ᠎ᠤᠨ ᠭᠡᠷ᠎ᠲᠦ ᠣᠷᠣᠭᠤᠯᠵᠤ》᠂ ᠰᠦᠯᠵᠢᠶᠡᠨ ᠬᠢᠴᠢᠶᠡᠯ᠂ ᠲᠠᠢᠯᠤᠮᠵᠢ᠂ ᠤᠷᠠᠯᠢᠭ᠋᠎ᠤᠨ ᠦᠵᠡᠭᠦᠯᠭᠡ᠎ᠶᠢ 《ᠡᠭᠦᠯᠡᠨ ᠲᠠᠪᠴᠠᠩ》᠎ᠳᠤ ᠭᠠᠷᠭᠠᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠦ ᠣᠯᠠᠨ ᠨᠡᠶ᠋ᠢᠲᠡ᠎ᠶᠢᠨ ᠲᠣᠭᠠᠴᠢᠯᠠᠭᠰᠠᠨ ᠰᠣᠶᠣᠯ᠎ᠤᠨ 《ᠨᠢᠭᠡ ᠳᠠᠷᠤᠪᠴᠢ》  ᠪᠡᠷ ᠬᠦᠷᠭᠡᠬᠦ᠎ᠶᠢ ᠪᠡᠶᠡᠯᠡᠭᠦᠯᠵᠦ ᠪᠠᠢᠨ᠎ᠠ᠃ ᠲᠤᠭᠠᠴᠢᠯᠠᠯᠳᠠ ᠤᠶᠤᠨᠴᠢᠯᠠᠯᠳᠠ ᠵᠢᠨ ᠮᠡᠷᠭᠡᠵᠢᠯ ᠨᠢ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠠᠮᠢ ᠠᠬᠤᠢ᠎ᠶᠢ ᠭᠦᠨᠵᠡᠭᠡᠢ ᠱᠤᠭᠤᠵᠤ᠂ ᠠᠷᠠᠳ ᠲᠦᠮᠡᠨ᠎ᠦ ᠰᠠᠢᠨ ᠰᠠᠢᠬᠠᠨ ᠤᠶᠤᠨ᠎ᠤ ᠠᠮᠢᠳᠤᠷᠠᠯ᠎ᠤᠨ ᠰᠢᠨ᠎ᠡ ᠬᠦᠰᠡᠯ ᠡᠷᠡᠮᠡᠯᠵᠡᠯ᠎ᠢ ᠬᠠᠩᠭᠠᠬᠤ᠎ᠳᠤ ᠴᠣ᠌ ᠰᠢᠨ᠎ᠡ ᠪᠣᠯᠣᠯᠴᠠᠭ᠎ᠠ ᠬᠠᠩᠭᠠᠵᠤ ᠪᠠᠢᠨ᠎ᠠ᠃ ᠲᠤᠭᠠᠴᠢᠯᠠᠯᠳᠠ ᠤᠶᠤᠨᠴᠢᠯᠠᠯᠳᠠ ᠪᠡᠷ ᠠᠷᠠᠳ ᠤᠯᠠᠨ᠎ᠤ ᠰᠣᠶᠣᠯ᠎ᠤᠨ ᠠᠮᠢᠳᠤᠷᠠᠯ᠎ᠢ ᠤᠮᠳᠠᠯᠠᠬᠤ ᠪᠣᠯ ᠰᠢᠨ᠎ᠡ ᠴᠠᠭ ᠦᠶ᠎ᠡ᠎ᠶᠢᠨ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠬᠥᠭᠵᠢᠯᠲᠡ᠎ᠶᠢᠨ ᠵᠠᠢᠯᠠᠰᠢ ᠦᠭᠡᠢ ᠬᠠᠨᠳᠤᠰᠢ ᠮᠥᠨ᠃

ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠵᠦ᠂ ᠠᠷᠠᠳ᠎ᠢᠶᠠᠷ ᠦᠨᠳᠦᠰᠦ ᠪᠣᠯᠭᠠᠬᠤ ᠬᠡᠷᠡᠭᠳᠡᠢ᠃ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡ᠎ᠶᠢᠨ ᠡᠷᠬᠡ ᠲᠡᠭᠰᠢ ᠲᠦᠭᠡᠮᠡᠯ ᠬᠠᠷᠠᠭᠠᠯᠵᠠᠯ᠎ᠢ ᠠᠬᠢᠭᠤᠯᠬᠤ ᠪᠣᠯ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ᠎ᠶᠢᠨ ᠳᠣᠲᠣᠭᠠᠳᠤ ᠱᠠᠭᠠᠷᠳᠠᠯᠭ᠎ᠠ ᠮᠥᠨ᠃ ᠲᠣᠭᠠᠴᠢᠯᠠᠯᠲᠠ ᠣᠶᠤᠨᠴᠢᠯᠠᠯᠲᠠ ᠨᠢ ᠰᠣᠶᠣᠯ᠎ᠤᠨ ᠦᠢᠯᠡᠴᠢᠯᠡᠭᠡᠨ᠎ᠦ ᠭᠠᠵᠠᠷ ᠵᠦᠢ᠎ᠶᠢᠨ ᠣᠷᠣᠨ ᠵᠠᠢ᠎ᠶᠢᠨ ᠵᠠᠪᠰᠠᠷᠳᠠᠯ᠎ᠢ ᠦᠬᠡᠢᠰᠬᠡᠵᠦ᠂ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ ᠵᠢᠨ ᠪᠡᠬᠢᠯᠡᠯᠲᠡ᠎ᠶᠢ ᠡᠪᠳᠡᠵᠦ᠂ ᠰᠣᠶᠣᠯ᠎ᠤᠨ ᠦᠢᠯᠡᠴᠢᠯᠡᠭᠡ ᠲᠡᠩᠴᠡᠭᠦᠷᠢ ᠦᠭᠡᠢ ᠪᠠᠢᠬᠤ ᠵᠡᠷᠭᠡ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠬᠦᠴᠢᠷ ᠠᠰᠠᠭᠤᠳᠠᠯ᠎ᠢ ᠪᠦᠲᠦᠮᠵᠢᠲᠡᠢ ᠰᠢᠢᠳᠪᠦᠷᠢᠯᠡᠪᠡ᠃ ᠲᠤᠭᠠᠴᠢᠯᠠᠯᠳᠠ ᠤᠶᠤᠨᠴᠢᠯᠠᠯᠳᠠ  ᠵᠢᠨ ᠠᠬᠤᠢ ᠦᠵᠡᠭᠳᠡᠯ ᠳᠤᠮᠳᠠ  ᠠᠭᠤᠯᠠᠨ ᠳᠤᠮᠳᠠ ᠬᠠᠳᠠᠭᠠᠯᠠᠭᠳᠠᠵᠤ ᠪᠠᠢᠭ᠎ᠠ ᠡᠷᠲᠡᠨ᠎ᠦ ᠦᠯᠡᠳᠡᠭᠳᠡᠯ ᠨᠢ ᠮᠠᠨ᠎ᠦ ᠵᠠᠬ᠎ᠠ᠎ᠳᠦ ᠪᠠᠢᠭ᠎ᠠ ᠰᠢᠬ᠂ ᠮᠢᠩᠭᠠᠨ ᠵᠢᠯ᠎ᠦᠨ ᠲᠤᠷᠰᠢ ᠤᠯᠠᠮᠵᠢᠯᠠᠭᠳᠠᠵᠤ ᠢᠷᠡᠭᠰᠡᠨ ᠰᠤᠳᠤᠷ ᠪᠢᠴᠢᠭ ᠨᠢ ᠶᠠᠬ ᠯᠡ ᠲᠡᠷᠭᠡᠳᠡ ᠪᠠᠢᠭ᠎ᠠ ᠰᠢᠬ᠂ ᠦᠵᠡᠭᠦᠯᠭᠡ᠎ᠶᠢᠨ ᠣᠷᠳᠣᠨ᠎ᠦ ᠲᠡᠦᠬᠡ᠎ᠶᠢᠨ ᠳᠤᠷᠠᠰᠬᠠᠯᠲᠤ ᠵᠦᠢᠯᠡᠰ ᠨᠢ ᠬᠠᠵᠠᠭᠣ᠎ᠳᠦ ᠪᠠᠢᠭ᠎ᠠ ᠰᠢᠬ ᠠᠬᠣᠢ ᠲᠦᠷᠦᠭᠳᠡᠯ ᠲᠠᠢ ᠪᠣᠯᠭᠠᠬᠰᠠᠨ ᠪᠠᠢᠳᠠᠭ᠃ ᠬᠡᠷᠡᠯ ᠲᠦᠷᠰᠦ ᠰᠣᠯᠪᠢᠴᠠᠭᠰᠠᠨ ᠤᠷᠠᠯᠢᠭ᠋᠎ᠤᠨ ᠦᠵᠡᠭᠦᠯᠭᠡ᠂ ᠣᠨ ᠰᠠᠷ᠎ᠠ᠎ᠶᠢ ᠲᠠᠬᠢᠨ ᠢᠯᠡᠷᠡᠬᠦᠯᠦᠭᠰᠡᠨ ᠲᠡᠦᠬᠡᠨ ᠦᠵᠡᠭᠳᠡᠯ᠂ ᠭᠦᠨ ᠵᠤᠵᠠᠭᠠᠨ ᠥᠪᠡᠷᠮᠢᠴᠡ ᠣᠨᠴᠠᠯᠢᠭ᠋ ᠪᠦᠬᠦᠢ ᠨᠤᠲᠤᠭ᠎ᠤᠨ ᠵᠠᠩᠰᠢᠯ ᠨᠢ ᠬᠥᠮᠥᠰ᠎ᠲᠦ ᠤᠷᠤᠨ ᠵᠠᠢ ᠠᠯᠤᠰᠯᠠᠨ ᠰᠣᠶᠣᠯ᠎ᠤᠨ ᠷᠢᠳᠢ ᠰᠢᠳᠢ᠎ᠶᠢ ᠰᠢᠭᠤᠳ ᠲᠠᠨᠢᠭᠤᠯᠵᠦ ᠪᠣᠢ᠃ ᠬᠤᠳᠠ ᠬᠥᠳᠡᠭᠡ ᠭᠡᠰᠡᠨ ᠦᠭᠡᠢ ᠬᠥᠮᠥᠰ ᠲᠣᠭᠠᠴᠢᠯᠠᠭᠰᠠᠨ ᠲᠠᠪᠴᠠᠩ᠎ᠢᠶᠠᠷ ᠳᠠᠮᠵᠢᠨ ᠴᠠᠭ ᠢᠮᠠᠭᠲᠠ ᠰᠢᠯᠢᠳᠡᠭ ᠰᠣᠶᠣᠯ᠎ᠤᠨ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠵᠦ ᠪᠠᠢᠨ᠎ᠠ᠃ ᠲᠤᠭᠠᠴᠢᠯᠠᠯᠳᠠ ᠣᠶᠤᠨᠴᠢᠯᠠᠯᠲᠠ ᠨᠢ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠬᠦᠷᠲᠡᠵᠦ ᠳᠡᠶ᠋ᠢᠯᠬᠦ ᠴᠢᠨᠠᠷ ᠪᠣᠯᠣᠨ ᠲᠡᠩᠴᠡᠭᠦᠷᠢᠰᠢᠭᠦᠯᠬᠦ ᠲᠦᠪᠰᠢᠨ᠎ᠢ ᠢᠯᠡᠳᠲᠡ ᠳᠡᠭᠡᠭᠰᠢᠯᠡᠭᠦᠯᠦᠭᠰᠡᠨ᠎ᠢᠶᠡᠷ ᠪᠠᠷᠠᠬᠤ ᠦᠭᠡᠢ᠂ ᠨᠡᠩ ᠴᠤ᠌ ᠲᠣᠮᠣ᠌ ᠳ᠋ᠠᠢᠲ᠋ᠠ᠎ᠶᠢᠨ ᠵᠠᠳᠠᠯᠤᠯᠲᠠ᠂ ᠵᠣᠬᠢᠶᠠᠮᠠᠯ ᠣᠶᠤᠨᠴᠢᠯᠠᠭᠰᠠᠨ ᠪᠤᠳᠤᠬᠤ ᠠᠷᠭ᠎ᠠ ᠵᠡᠷᠭᠡ ᠮᠡᠷᠭᠡᠵᠢᠯ᠎ᠳᠦ ᠲᠦᠰᠢᠭᠯᠡᠨ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠣᠨᠣᠴᠠᠲᠠᠢ ᠬᠠᠩᠭᠠᠯᠭ᠎ᠠ᠎ᠶᠢ ᠪᠡᠶᠡᠯᠡᠭᠦᠯᠵᠦ᠂ ᠡᠭᠦᠨ᠎ᠦ ᠤᠯᠠᠮ᠎ᠢᠶᠠᠷ ᠠᠷᠠᠳ ᠤᠯᠠᠨ᠎ᠤ ᠥᠪᠡᠷᠮᠢᠴᠡ᠂ ᠤᠯᠠᠨ ᠶᠠᠩᠵᠤᠴᠢᠯᠠᠭᠰᠠᠨ ᠰᠣᠶᠣᠯ᠎ᠤᠨ ᠬᠡᠷᠡᠭᠴᠡᠭᠡ᠎ᠶᠢ ᠬᠠᠩᠭᠠᠵᠤ᠂   《ᠲᠦᠭᠡᠮᠡᠯ ᠬᠠᠷᠠᠭᠠᠯᠵᠠᠯᠲᠤ ᠲᠡᠩᠴᠡᠭᠦᠷᠢᠲᠡᠢ》 ᠪᠣᠯᠣᠨ 《ᠥᠪᠡᠷᠮᠢᠴᠡ ᠣᠨᠣᠪᠴᠢᠲᠠᠢ》 ᠪᠠᠢᠬᠣ ᠵᠢᠨ ᠣᠷᠭᠠᠨᠢᠭ᠋ ᠨᠢᠭᠡᠳᠦᠯ᠎ᠢ ᠠᠬᠢᠭᠤᠯᠵᠤ᠂ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ ᠰᠢᠨ᠎ᠡ ᠪᠠᠢᠷᠢᠰᠢᠯ᠎ᠢ ᠡᠭᠦᠳᠴᠡᠢ᠃

ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ᠎ᠳᠦ᠂ ᠰᠣᠶᠣᠯ᠎ᠤᠨ ᠦᠢᠯᠡᠴᠢᠯᠡᠭᠡ᠎ᠶᠢᠨ ᠬᠦᠷᠴᠦ ᠳᠡᠶ᠋ᠢᠯᠬᠦ ᠥᠷᠭᠡᠴᠡ᠎ᠶᠢ ᠬᠥᠭᠡᠭᠡᠴᠡᠯᠳᠦᠬᠦ᠎ᠪᠡᠷ ᠪᠠᠷᠠᠬᠤ ᠦᠭᠡᠢ᠂ ᠨᠡᠩ ᠴᠤ᠌ ᠲᠡᠭᠦᠨ᠎ᠦ ᠰᠡᠷᠡᠵᠦ ᠲᠡᠢᠯᠬᠦ ᠮᠡᠳᠡᠵᠦ ᠪᠣᠯᠬᠤ ᠭᠦᠨᠴᠡ᠎ᠶᠢ ᠴᠢᠬᠤᠯᠠᠴᠢᠯᠠᠬᠤ ᠬᠡᠷᠡᠭᠲᠡᠢ᠃ ᠲᠤᠭᠠᠴᠢᠯᠠᠯᠳᠠ ᠤᠶᠤᠨᠴᠢᠯᠠᠯᠳᠠ ᠵᠢᠨ ᠰᠣᠶᠣᠯ᠎ᠤᠨ ᠦᠢᠯᠡᠴᠢᠯᠡᠭᠡ ᠨᠢ 3D ᠵᠢᠨ ᠵᠠᠭᠪᠤᠷ ᠪᠠᠶ᠋ᠢᠭᠤᠯᠬᠤ᠂ ᠬᠡᠢᠰᠪᠦᠷᠢ ᠠᠬᠤᠢ᠂ ᠪᠦᠷᠢᠨ ᠵᠠᠩᠭᠢ᠎ᠶᠢᠨ ᠵᠢᠷᠤᠭ ᠳᠦᠷᠰᠦ ᠵᠡᠷᠭᠡ ᠮᠡᠷᠭᠡᠵᠢᠯ᠎ᠳᠦ ᠲᠦᠰᠢᠭᠯᠡᠵᠦ᠂ ᠨᠡᠪᠴᠢᠮᠡᠯ ᠮᠠᠶᠢᠭ᠋᠎ᠤᠨ ᠰᠣᠶᠣᠯ᠎ᠢ ᠪᠡᠶᠡᠴᠢᠯᠡᠨ ᠣᠢᠯᠠᠭᠠᠬᠤ ᠣᠷᠣᠨ ᠵᠠᠢ᠎ᠶᠢ ᠪᠤᠢ ᠪᠣᠯᠭᠠᠵᠤ᠂ ᠰᠣᠶᠣᠯ᠎ᠤᠨ ᠠᠴᠢᠶᠠᠯᠠᠪᠤᠷᠢ ᠪᠣᠯᠣᠨ ᠢᠯᠡᠷᠡᠭᠦᠯᠬᠦ ᠬᠡᠯᠪᠡᠷᠢ ᠎ᠶᠢ ᠪᠠᠶᠠᠯᠢᠭ᠍ᠵᠢᠭᠤᠯᠤᠨ ᠥᠷᠭᠡᠳᠬᠡᠵᠡᠢ᠃ ᠡᠷᠲᠡᠨ᠎ᠦ ᠪᠠᠭᠤᠷᠢ᠂ ᠨᠡᠷᠡᠳᠦ ᠦᠵᠡᠮᠵᠢ ᠵᠢᠨ ᠣᠷᠣᠨ᠂ ᠰᠣᠶᠣᠯ᠎ᠤᠨ ᠰᠣᠩᠭᠣᠳᠠᠭ ᠪᠦᠲᠦᠭᠡᠯ᠂ ᠣᠷᠣᠨ ᠨᠤᠲᠤᠭ᠎ᠤᠨ ᠰᠢ ᠵᠦᠴᠦᠭᠡ ᠵᠡᠷᠭᠡ᠎ᠳᠦ ᠠᠭᠤᠯᠤᠭᠳᠠᠵᠤ ᠪᠠᠢᠭ᠎ᠠ ᠭᠤᠸ᠎ᠠ ᠰᠠᠢᠬᠠᠨ᠎ᠤ ᠳᠤᠷ᠎ᠠ ᠰᠣᠨᠢᠷᠬᠠᠯ᠂ ᠦᠷᠳᠡᠭ᠎ᠦᠨ ᠬᠥᠭᠡᠭᠡᠴᠡᠯᠳᠦᠯ᠂ ᠰᠣᠶᠣᠯ ᠢᠷᠭᠡᠨᠰᠢᠯ᠎ᠦᠨ ᠵᠣᠷᠢᠭ᠋ ᠰᠠᠨᠠᠭ᠎ᠠ᠎ᠶᠢ ᠠᠮᠢᠳᠤᠯᠢᠭ᠋᠎ᠢᠶᠠᠷ ᠢᠯᠡᠷᠡᠭᠦᠯᠵᠦ᠂ ᠠᠷᠠᠳ ᠤᠯᠠᠨ ᠰᠣᠶᠣᠯ᠎ᠢ ᠨᠡᠩ ᠭᠦᠨᠵᠡᠭᠡᠢ ᠣᠢᠯᠠᠭᠠᠵᠤ᠂ ᠰᠣᠶᠣᠯ ᠎ᠢ ᠡᠳ᠋ᠯᠡᠬᠦ ᠪᠣᠯᠣᠨ᠎ᠠ᠃ ᠣᠢᠷ᠎ᠠ᠎ᠶᠢᠨ ᠵᠢᠯ᠎ᠡᠴᠡ  ᠲᠤᠭᠠᠴᠢᠯᠠᠯᠳᠠ ᠤᠶᠤᠨᠴᠢᠯᠠᠯᠳᠠ ᠵᠢᠨ ᠮᠡᠷᠭᠡᠵᠢᠯ ᠪᠣᠯᠣᠨ ᠰᠣᠶᠣᠯ᠎ᠤᠨ ᠬᠦᠷᠢᠶᠡᠨ᠎ᠦ ᠠᠭᠤᠰᠤᠯᠴᠠᠯ᠎ᠤᠨ ᠠᠯᠬᠤᠮ ᠦᠷᠭᠦᠯᠵᠢᠯᠡᠨ ᠲᠦᠷᠭᠡᠳᠴᠦ᠂ ᠤᠯᠠᠨ ᠲᠦᠮᠡᠨ᠎ᠳᠦ ᠮᠠᠰᠢ ᠤᠯᠠᠨ ᠰᠣᠶᠣᠯ᠎ᠤᠨ ᠦᠪᠡᠳᠡᠭᠰᠢ ᠨᠠᠢᠷ᠎ᠢ ᠠᠪᠴᠢᠷᠠᠵᠤ ᠥᠭᠴᠡᠢ᠃ ᠬᠠᠭᠠᠨ᠎ᠤ ᠣᠷᠳᠣᠨ᠎ᠤ ᠮᠦᠽᠧᠢ ᠲᠣᠭᠠᠴᠢᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠤᠯᠤᠰ᠎ᠤᠨ ᠡᠷᠳᠡᠨᠢ᠎ᠶᠢᠨ ᠲᠠᠰ᠎ᠤᠨ ᠵᠢᠷᠤᠭ 《ᠮᠢᠩᠭᠠᠨ ᠭᠠᠵᠠᠷ᠎ᠤᠨ ᠠᠭᠤᠯᠠ ᠤᠰᠤᠨ᠎ᠤ ᠵᠢᠷᠤᠭ》᠎ᠢ   《ᠬᠥᠳᠡᠯᠭᠡᠵᠦ》᠂ ᠰᠣᠶᠣᠯ᠎ᠤᠨ ᠦᠨᠡᠲᠦ ᠡᠷᠳᠡᠨᠢᠰ᠎ᠢ 《ᠠᠮᠢᠳᠤᠯᠢᠭ᠋》 ᠪᠣᠯᠭᠠᠪᠠ; ᠤᠶᠤᠨᠴᠢᠯᠠᠯᠳᠠ ᠲᠤᠭᠠᠴᠢᠯᠠᠯᠳᠠ ᠨᠢ ᠰᠣᠶᠣᠯ᠎ᠢ ᠥᠷᠭᠡᠨ ᠳᠡᠯᠭᠡᠷ ᠪᠥᠭᠡᠳ ᠭᠦᠨ ᠭᠦᠨᠵᠡᠭᠡᠢ᠎ᠪᠡᠷ ᠡᠳᠦᠷ ᠳᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠠᠷᠠᠳ ᠤᠯᠠᠨ᠎ᠤ ᠰᠣᠶᠣᠯ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠪᠠ ᠬᠠᠢᠷ᠎ᠠ ᠬᠠᠯᠠᠮᠵᠢ᠎ᠶᠢ ᠦᠨᠡᠨ ᠬᠦ᠌ ᠳᠡᠭᠡᠭᠰᠢᠯᠡᠭᠦᠯᠵᠦ ᠪᠠᠢᠨ᠎ᠠ᠃

ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠭᠡᠳᠡᠭ ᠨᠢ ᠳᠥᠭᠥᠮᠬᠡᠨ᠎ᠢᠶᠡᠷ   《ᠰᠣᠶᠣᠯ᠎ᠢ ᠬᠦᠷᠭᠡᠬᠦ》 ᠶᠠᠪᠤᠳᠠᠯ ᠣᠭᠲᠣ᠌ ᠪᠢᠰᠢ᠂ ᠬᠠᠷᠢᠨ ᠰᠣᠶᠣᠯ᠎ᠤᠨ ᠡᠬᠢ ᠪᠠᠶᠠᠯᠢᠭ᠋᠎ᠢ ᠥᠨᠢ ᠤᠳᠠᠭᠠᠨ ᠪᠥᠭᠡᠳ ᠠᠯᠤᠰ ᠬᠡᠳᠦ᠎ᠶᠢᠨ ᠰᠣᠶᠣᠯ᠎ᠤᠨ ᠰᠢᠮ᠎ᠡ ᠲᠡᠵᠢᠭᠡᠯ ᠪᠣᠯᠭᠠᠨ ᠬᠤᠪᠢᠷᠠᠭᠤᠯᠵᠤ᠂ ᠣᠯᠠᠨ ᠲᠦᠮᠡᠨ᠎ᠢ ᠰᠣᠶᠣᠯ᠎ᠤᠨ 《ᠡᠳ᠋ᠯᠡᠭᠴᠢ》 ᠎ᠡᠴᠡ 《ᠡᠭᠦᠳᠦᠨ ᠪᠦᠲᠦᠭᠡᠭᠴᠢ》 ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠰᠣᠶᠣᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠪᠠ ᠣᠶᠤᠨ ᠰᠠᠨᠠᠭᠠᠨ᠎ᠤ ᠭᠡᠷ ᠣᠷᠣᠨ᠎ᠢ ᠪᠦᠲᠦᠭᠡᠨ ᠪᠠᠶ᠋ᠢᠭᠤᠯᠬᠤ ᠳᠠᠪᠬᠤᠷ ᠬᠠᠷᠠᠯᠲᠠ᠎ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠲᠣᠭᠠᠴᠢᠯᠠᠯᠲᠠ ᠣᠶᠤᠨᠴᠢᠯᠠᠯᠲᠠ ᠨᠢ ᠡᠩ᠎ᠦᠨ ᠬᠥᠮᠥᠰ᠎ᠲᠦ ᠰᠣᠶᠣᠯ ᠎ᠤᠨ ᠵᠣᠬᠢᠶᠠᠨ ᠪᠦᠲᠦᠭᠡᠯᠭᠡ ᠪᠠ ᠳᠠᠮᠵᠢᠭᠤᠯᠭ᠎ᠠ᠎ᠶᠢᠨ ᠲᠣᠭᠠᠴᠢᠯᠠᠭᠰᠠᠨ ᠲᠠᠪᠴᠠᠩ᠎ᠢ ᠪᠠᠢᠭᠤᠯᠵᠤ᠂ ᠤᠯᠠᠨ ᠲᠦᠮᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠶᠡᠬᠡ᠎ᠪᠡᠷ ᠬᠥᠭᠵᠢᠭᠡᠪᠡ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠳᠤ ᠪᠥᠬᠥ ᠤᠯᠤᠰ᠎ᠤᠨ 《ᠲᠣᠰᠬᠣᠨ᠎ᠤ ᠦᠳᠡᠰᠢᠯᠡᠭᠡ》 ᠵᠢᠨ ᠠᠵᠢᠯᠯᠠᠭ᠎ᠠ 9.13 ᠲᠦᠮᠡᠨ ᠲᠠᠯᠠᠪᠠᠶ ᠶᠠᠪᠤᠭᠳᠠᠵᠤ᠂ ᠡᠭᠦᠨ᠎ᠳᠦ ᠬᠤᠨᠠᠨ᠎ᠤ ᠶᠤᠸᠠᠢ ᠶᠠᠩ᠎ᠤᠨ ᠵᠠᠩ ᠬᠥ ᠶᠢᠩ ᠲᠣᠰᠬᠣᠨ᠎ᠤ ᠠᠷᠠᠳ᠎ᠤᠨ ᠥᠪᠡᠷ᠎ᠢᠶᠡᠨ ᠨᠠᠢᠷᠠᠭᠤᠯᠵᠤ ᠥᠪᠡᠷ᠎ᠢᠶᠡᠨ ᠵᠢᠯᠣᠭᠣᠳᠤᠭᠰᠠᠨ 《ᠮᠢᠨ ᠰᠢᠩ ᠲᠣᠰᠬᠣᠨ᠎ᠤ ᠦᠳᠡᠰᠢᠯᠡᠭᠡ》 ᠭᠡᠬᠦ ᠰᠢᠷᠢᠰ ᠬᠠᠷᠠᠭᠠᠨ ᠳᠠᠪᠲᠠᠮᠵᠢ᠎ᠶᠢᠨ ᠲᠣᠭ᠎ᠠ 3540 ᠲᠦᠮᠡᠨ ᠤᠳᠠᠭ᠎ᠠ᠎ᠳᠦ ᠬᠦᠷᠴᠡᠢ; ᠭᠤᠸᠠᠩᠳᠦ᠋ᠩ ᠮᠤᠵᠢ 《ᠰᠣᠶᠣᠯ᠎ᠤᠨ ᠲᠠᠨᠢᠯᠴᠠᠭᠤᠯᠤᠭ᠍ᠴᠢ》 ᠣᠬᠣᠷ ᠸᠢᠳᠢᠤ᠋ ᠡᠯᠰᠡᠬᠦ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ᠎ᠦ AI ᠎ᠵᠢᠨ ᠣᠨᠴᠠ ᠦᠢᠯᠡᠳᠦᠯ᠂ ᠦᠨᠡᠨ ᠪᠣᠳᠠᠲᠠᠢ ᠬᠠᠷᠠᠭᠠᠰᠤ᠎ᠪᠠᠷ᠂ ᠭᠤᠸᠠᠩᠳᠦ᠋ᠩ᠎ᠦᠨ ᠰᠣᠶᠣᠯ ᠵᠢᠭᠤᠯᠴᠢᠯᠠᠯ ᠬᠤᠳᠠᠯᠳᠤᠭ᠎ᠠ ᠵᠡᠷᠭᠡ ᠡᠯᠧᠮᠧᠨ᠋ᠲ᠎ᠲᠠᠢ ᠤᠶᠠᠯᠳᠤᠭᠤᠯᠤᠨ ᠵᠣᠬᠢᠶᠠᠨ ᠪᠦᠲᠦᠭᠡᠬᠦ᠎ᠶᠢ ᠵᠣᠷᠢᠭ᠍ᠵᠢᠭᠤᠯᠵᠤ᠂ ᠣᠯᠠᠨ ᠲᠦᠮᠡᠨ᠎ᠦ ᠰᠣᠶᠣᠯ᠎ᠤᠨ ᠵᠣᠬᠢᠶᠠᠨ ᠪᠦᠲᠦᠭᠡᠬᠦ ᠳᠠᠯᠳᠠ ᠴᠢᠳᠠᠪᠤᠷᠢ᠎ᠶᠢ ᠭᠦᠢᠴᠡᠳ ᠬᠥᠭᠵᠢᠭᠡᠪᠡ᠃ ᠡᠢᠮᠦᠷᠬᠦᠦ 《ᠬᠥᠮᠥᠨ ᠪᠦᠬᠦᠨ ᠵᠣᠬᠢᠶᠠᠨ ᠪᠦᠲᠦᠭᠡᠵᠦ ᠪᠣᠯᠬᠣ᠂ ᠬᠥᠮᠥᠨ ᠪᠦᠬᠦᠨ ᠤᠯᠠᠮᠵᠢᠯᠠᠵᠤ ᠪᠣᠯᠬᠣ》 ᠲᠤᠭᠠᠴᠢᠯᠠᠯᠳᠠ ᠤᠶᠤᠨᠴᠢᠯᠠᠯᠳᠠ ᠵᠢᠨ ᠣᠷᠴᠢᠨ ᠨᠥᠬᠥᠴᠡᠯ ᠨᠢ ᠰᠣᠶᠣᠯ᠎ᠤᠨ ᠵᠣᠬᠢᠶᠠᠨ ᠪᠦᠲᠦᠭᠡᠯᠭᠡ᠎ᠶᠢᠨ ᠦᠨᠳᠣᠷ ᠱᠠᠭᠠᠷᠳᠠᠯᠭ᠎ᠠ ᠵᠢᠨ ᠬᠦᠯᠢᠶᠡᠰᠦ᠎ᠶᠢ ᠡᠪᠳᠡᠵᠦ᠂ ᠰᠣᠶᠣᠯ᠎ᠤᠨ ᠦᠷ᠎ᠡ᠎ᠶᠢ ᠦᠨᠳᠦᠰᠦᠨ ᠱᠠᠲᠤᠨ᠎ᠤ ᠥᠩ ᠰᠢᠮᠡᠯᠢᠭ ᠬᠥᠷᠥᠰᠥᠨ᠎ᠳᠦ ᠦᠨᠳᠦᠰᠦᠯᠡᠭᠦᠯᠦᠨ ᠰᠣᠶᠣᠭᠠᠯᠠᠭᠤᠯᠵᠤ᠂ ᠡᠭᠡᠯ ᠠᠷᠠᠳ᠎ᠢ ᠴᠤ᠌ ᠥᠪᠡᠷ᠎ᠦᠨ ᠭᠡᠰᠡᠨ ᠰᠣᠶᠣᠯ᠎ᠤᠨ ᠲᠠᠪᠴᠠᠩ᠎ᠲᠠᠢ ᠪᠣᠯᠭᠠᠵᠤ᠂ ᠰᠣᠶᠣᠯ᠎ᠤᠨ ᠵᠣᠬᠢᠶᠠᠨ ᠪᠦᠲᠦᠭᠡᠯᠭᠡ᠎ᠶᠢᠨ 《ᠭᠣᠣᠯ ᠪᠠᠭᠠᠲᠤᠷ》 ᠪᠣᠯᠭᠠᠪᠠ᠃ ᠲᠤᠭᠠᠴᠢᠯᠠᠯᠳᠠ ᠤᠶᠤᠨᠴᠢᠯᠠᠯᠳᠠ ᠵᠢᠨ ᠴᠢᠳᠠᠪᠤᠷᠢ ᠪᠦᠬᠦᠢ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠢᠨᠵᠧᠨᠧᠷᠢᠩ ᠨᠢ ᠪᠠᠰᠠ ᠤᠯᠠᠨ ᠲᠦᠮᠡᠨ᠎ᠦ ᠰᠣᠶᠣᠯ᠎ᠤᠨ ᠵᠣᠬᠢᠶᠠᠨ ᠪᠦᠲᠦᠭᠡᠯᠭᠡ᠎ᠳᠡᠬᠢ ᠭᠣᠣᠯ ᠴᠣᠭᠴᠠ᠎ᠶᠢᠨ ᠪᠠᠢᠷᠢ ᠰᠠᠭᠤᠷᠢ ᠪᠠ ᠰᠣᠶᠣᠯ᠎ᠤᠨ ᠢᠲᠡᠭᠡᠯ᠎ᠢ ᠢᠯᠡᠳᠲᠡ ᠳᠡᠭᠡᠭᠰᠢᠯᠡᠭᠦᠯᠵᠦ᠂ ᠠᠷᠠᠳ ᠤᠯᠠᠨ᠎ᠤ ᠰᠣᠶᠣᠯ᠎ᠤᠨ ᠬᠦᠷᠲᠡᠮᠵᠢ᠎ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ᠎ᠢ ᠦᠨᠡᠨ ᠬᠦ᠌ ᠳᠡᠭᠡᠭᠰᠢᠯᠡᠭᠦᠯᠪᠡ᠃

(ᠵᠣᠬᠢᠶᠠᠭ᠍ᠴᠢ᠄ ᠱᠠᠨᠳᠦ᠋ᠩ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠲᠤᠰᠠᠯᠠᠭ᠍ᠴᠢ ᠰᠤᠳᠤᠯᠤᠭ᠍ᠴᠢ)

              —  《ᠭᠤᠸᠠᠩᠮᠢᠩ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号