ᠬᠣᠪᠢ ᠬᠦᠮᠦᠨ᠎ᠦ ᠮᠡᠳᠡᠭᠡ ᠵᠠᠩᠬᠢ ᠵᠢᠨ 《ᠬᠠᠮᠠᠭᠠᠯᠠᠯᠳᠠ ᠵᠢᠨ ᠲᠣᠣᠷ》᠎ᠢ ᠪᠡᠬᠢᠵᠢᠬᠦᠯᠦᠶ᠎ᠠ
2026-01-19 17:12:47
ᠵᠣᠬᠢᠶᠠᠭ᠍ᠴᠢ᠄
ᠱᠢ ᠹᠧᠩ
ᠣᠩᠱᠢᠭ᠍ᠰᠠᠨ ᠣᠳᠠᠭ᠎ᠠ᠄
★★★☆☆

ᠤᠯᠤᠰ ᠎ᠤᠨ ᠢᠨᠲᠧᠷ ᠰᠦᠯᠵᠢᠶᠡᠨ ᠎ᠦ ᠮᠡᠳᠡᠭᠡ ᠵᠠᠩᠭᠢ᠎ᠶᠢᠨ ᠠᠯᠪᠠᠨ ᠭᠡᠷ 《ᠢᠨᠲᠧᠷ ᠰᠦᠯᠵᠢᠶᠡᠨ᠎ᠦ ᠬᠡᠷᠡᠭᠯᠡᠭᠡᠨ᠎ᠦ ᠫᠷᠣᠭ᠌ᠷᠠᠮ᠎ᠤᠨ ᠬᠤᠪᠢ ᠬᠥᠮᠥᠨ᠎ᠦ ᠮᠡᠳᠡᠭᠡ ᠵᠠᠩᠭᠢ᠎ᠶᠢ ᠴᠤᠭᠯᠠᠭᠤᠯᠵᠤ ᠬᠡᠷᠡᠭᠯᠡᠬᠦ ᠲᠣᠭᠲᠠᠭᠠᠯ (ᠰᠠᠨᠠᠯ ᠬᠤᠷᠢᠶᠠᠬᠤ ᠨᠣᠣᠷᠠᠭ)》 ᠎ᠢ ᠲᠤᠭᠤᠷᠪᠢᠵᠤ᠂ ᠣᠢᠷ᠎ᠠ᠎ᠳᠤ ᠨᠡᠢᠭᠡᠮ ᠨᠡᠶ᠋ᠢᠲᠡ᠎ᠡᠴᠡ ᠢᠯᠡ᠎ᠪᠡᠷ ᠰᠠᠨᠠᠯ ᠬᠤᠷᠢᠶᠠᠪᠠ᠃

ᠰᠠᠨᠠᠯ ᠬᠤᠷᠢᠶᠠᠬᠤ ᠨᠣᠣᠷᠠᠭ᠎ᠲᠤ᠂ ᠬᠤᠪᠢ ᠬᠥᠮᠥᠨ᠎ᠦ ᠮᠡᠳᠡᠭᠡ ᠵᠠᠩᠭᠢ᠎ᠶᠢ ᠴᠤᠭᠯᠠᠭᠤᠯᠤᠨ ᠬᠡᠷᠡᠭᠯᠡᠬᠦ᠎ᠳᠦ ᠬᠤᠪᠢ ᠬᠥᠮᠥᠨ᠎ᠦ ᠮᠡᠳᠡᠭᠡ ᠵᠠᠩᠭᠢ᠎ᠶᠢᠨ ᠭᠣᠣᠯ ᠴᠣᠭᠴᠠ᠎ᠶᠢᠨ ᠡᠷᠬᠡ ᠠᠰᠢᠭ᠋᠎ᠲᠤ ᠬᠠᠮᠤᠭ᠎ᠤᠨ ᠪᠠᠭ᠎ᠠ ᠨᠥᠯᠥᠭᠡ ᠦᠵᠡᠭᠦᠯᠬᠦ ᠠᠷᠭ᠎ᠠ ᠬᠡᠯᠪᠡᠷᠢ᠎ᠶᠢ ᠠᠪᠴᠤ᠂ ᠦᠢᠯᠡᠳᠬᠦᠨ ᠪᠤᠶᠤ ᠦᠢᠯᠡᠴᠢᠯᠡᠭᠡ ᠬᠠᠩᠭᠠᠬᠤ᠎ᠳᠤ ᠵᠠᠪᠠᠯ ᠱᠠᠭᠠᠷᠳᠠᠭᠳᠠᠬᠤ ᠵᠦᠢᠯᠡᠰ᠎ᠢᠶᠡᠷ ᠬᠢᠵᠠᠭᠠᠷᠯᠠᠬᠤ ᠬᠡᠷᠡᠭᠲᠡᠢ᠂ ᠬᠤᠪᠢ ᠬᠥᠮᠥᠨ᠎ᠦ ᠮᠡᠳᠡᠭᠡ ᠵᠠᠩᠭᠢ᠎ᠶᠢ ᠬᠡᠪᠴᠢᠶᠡᠨ ᠡᠴᠡ ᠬᠡᠲᠦᠷᠡᠳᠡᠯ᠎ᠡ ᠴᠤᠭᠯᠠᠭᠤᠯᠤᠨ ᠬᠡᠷᠡᠭᠯᠡᠵᠦ ᠪᠣᠯᠬᠤ ᠦᠭᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ ᠨᠢ ᠠᠮᠢᠳᠤᠷᠠᠯ᠎ᠢ ᠤᠯᠠᠮ᠎ᠠᠴᠠ ᠤᠯᠠᠮ ᠲᠦᠬᠦᠮ ᠪᠣᠯᠭᠠᠳᠠᠭ᠂ ᠭᠡᠲᠡᠯ᠎ᠡ ᠵᠠᠷᠢᠮ ᠠᠵᠤ ᠠᠬᠤᠢᠯᠠᠯ᠂ ᠪᠠᠢᠭᠤᠯᠤᠮᠵᠢ ᠵᠡᠷᠭᠡ᠎ᠳᠦ ᠬᠤᠪᠢ ᠬᠥᠮᠥᠨ᠎ᠦ ᠮᠡᠳᠡᠭᠡ ᠵᠠᠩᠭᠢ᠎ᠶᠢ ᠳᠤᠷ᠎ᠠ᠎ᠪᠠᠷ᠎ᠢᠶᠠᠨ ᠴᠤᠭᠯᠠᠭᠤᠯᠬᠤ᠂ ᠬᠠᠤᠯᠢ᠎ᠶᠢ ᠵᠥᠷᠢᠴᠡᠨ ᠣᠯᠬᠤ᠂ ᠬᠠᠤᠯᠢ ᠪᠤᠰᠤ᠎ᠪᠠᠷ ᠬᠤᠳᠠᠯᠳᠤᠭᠠᠯᠠᠬᠤ ᠵᠡᠷᠭᠡ ᠠᠰᠠᠭᠤᠳᠠᠯ ᠤᠷᠳᠤ ᠬᠤᠭᠤᠴᠠᠭ᠎ᠠ᠎ᠪᠠᠷ ᠣᠷᠣᠰᠢᠵᠤ᠂ ᠠᠷᠠᠳ ᠤᠯᠠᠨ᠎ᠤ ᠠᠮᠢ ᠨᠠᠰᠤ ᠡᠷᠡᠭᠦᠯ ᠮᠡᠨᠳᠦ ᠪᠠ ᠡᠳ᠋ ᠬᠥᠷᠥᠩᠭᠡ᠎ᠶᠢᠨ ᠠᠮᠤᠷ ᠲᠦᠪᠰᠢᠨ᠎ᠢ ᠬᠣᠬᠢᠷᠠᠭᠤᠯᠵᠤ ᠪᠠᠢᠬᠤ᠎ᠪᠠᠷ ᠪᠠᠷᠠᠬᠤ ᠦᠭᠡᠢ ᠪᠠᠰᠠ ᠵᠠᠬ᠎ᠠ ᠳᠡᠯᠭᠡᠭᠦᠷ᠎ᠦᠨ ᠥᠷᠢᠰᠦᠯᠳᠦᠭᠡᠨ᠎ᠢ ᠰᠠᠮᠠᠭᠤᠷᠠᠭᠤᠯᠵᠤ᠂ ᠰᠦᠯᠵᠢᠶᠡᠨ᠎ᠦ ᠣᠷᠣᠨ ᠵᠠᠢ᠎ᠶᠢᠨ ᠡᠮᠬᠢ ᠵᠢᠷᠤᠮ᠎ᠢ ᠡᠪᠳᠡᠵᠦ ᠪᠠᠢᠨ᠎ᠠ᠃

ᠬᠤᠪᠢ ᠬᠥᠮᠥᠨ᠎ᠦ ᠮᠡᠳᠡᠭᠡ ᠵᠠᠩᠭᠢ᠎ᠶᠢ ᠬᠠᠮᠠᠭᠠᠯᠠᠬᠤ ᠨᠡᠩ ᠲᠡᠭᠦᠯᠳᠡᠷᠵᠢᠭᠰᠡᠨ ᠰᠢᠰᠲᠧᠮ᠎ᠢ ᠪᠠᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠪᠣᠯᠣᠨ ᠰᠦᠯᠵᠢᠶᠡᠨ᠎ᠦ ᠬᠦᠴᠦᠷᠬᠡᠭ ᠤᠯᠤᠰ᠎ᠢ ᠪᠠᠶ᠋ᠢᠭᠤᠯᠬᠤ ᠬᠠᠤᠯᠢ  ᠪᠡᠷ ᠵᠠᠰᠠᠬᠣ ᠰᠠᠭᠤᠷᠢ᠎ᠶᠢ ᠪᠡᠬᠢᠵᠢᠭᠦᠯᠪᠡᠯ ᠰᠠᠶᠢ ᠠᠷᠠᠳ ᠤᠯᠠᠨ᠎ᠢ ᠮᠡᠳᠡᠭᠡ ᠵᠠᠩᠭᠢᠴᠢᠯᠠᠯᠳᠠ᠎ᠶᠢᠨ ᠬᠥᠭᠵᠢᠯᠲᠡ᠎ᠶᠢᠨ ᠳᠤᠮᠳᠠ ᠨᠡᠩ ᠤᠯᠠᠨ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠲᠠᠢ ᠪᠣᠯᠭᠠᠵᠤ ᠴᠢᠳᠠᠨ᠎ᠠ᠃  

                                                                                          — 《ᠠᠵᠦ ᠠᠬᠤᠢ ᠵᠢᠨ ᠡᠳᠦᠷ᠎ᠦᠨ ᠰᠤᠨᠢᠨ 》 ᠡᠴᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号