1 ᠰᠠᠷ᠎ᠠ᠎ᠶᠢᠨ 9 ᠦ ᠡᠳᠦᠷ ᠲᠥᠷᠥ ᠶᠢᠨ ᠶᠠᠪᠤᠳᠠᠯ᠎ᠤᠨ ᠬᠣᠷᠢᠶᠠᠨ᠎ᠤ ᠪᠠᠢᠩᠭᠤ᠎ᠶᠢᠨ ᠬᠤᠷᠠᠯ ᠡᠴᠡ ᠪᠠᠢᠩᠭᠤ ᠰᠠᠭᠤᠭ᠎ᠠ ᠭᠠᠵᠠᠷ᠎ᠲᠤ ᠦᠨᠳᠦᠰᠦᠨ ᠣᠯᠠᠨ ᠨᠡᠶ᠋ᠢᠲᠡ᠎ᠶᠢᠨ ᠦᠢᠯᠡᠴᠢᠯᠡᠭᠡ ᠬᠠᠩᠭᠠᠬᠤ ᠬᠣᠯᠪᠣᠭᠳᠠᠯ ᠪᠦᠬᠦᠢ ᠠᠵᠢᠯ᠎ᠢ ᠰᠤᠳᠤᠯᠤᠨ ᠬᠡᠷᠡᠭᠵᠢᠭᠦᠯᠪᠡ᠃ ᠬᠤᠷᠠᠯ᠎ᠠᠴᠠ《ᠪᠠᠢᠩᠭᠤ ᠰᠠᠭᠤᠭ᠎ᠠ ᠭᠠᠵᠠᠷ᠎ᠠᠴᠠ ᠣᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ ᠬᠠᠩᠭᠠᠬᠤ》 ᠵᠢ ᠬᠡᠷᠡᠭᠵᠢᠭᠦᠯᠬᠦ ᠵᠢᠨ ᠬᠠᠮᠲᠤ ᠲᠡᠭᠦᠨ ᠢ ᠣᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠬᠤ᠂ ᠰᠢᠨ᠎ᠡ ᠬᠡᠯᠪᠡᠷᠢ ᠶᠢᠨ ᠬᠣᠲᠠ ᠪᠠᠯᠭᠠᠰᠤᠵᠢᠯᠲᠠ ᠶᠢ ᠲᠤᠯᠭᠠᠭᠤᠷᠢᠯᠠᠬᠤ ᠴᠢᠬᠤᠯᠠ ᠠᠷᠭ᠎ᠠ ᠬᠡᠮᠵᠢᠶ᠎ᠡ ᠪᠣᠯᠭᠠᠨ ᠲᠣᠭᠲᠠᠭᠠᠨ᠎ᠠ᠃ ᠡᠭᠦᠨ᠎ᠦ ᠵᠠᠩᠬᠢᠯᠠᠭ᠎ᠠ ᠨᠢ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠡᠷᠦᠬᠡ ᠠᠮᠠ ᠶᠢᠨ ᠳᠠᠩᠰᠠ᠎ᠲᠠᠢ ᠬᠣᠯᠪᠣᠭᠳᠠᠭᠣᠯᠬᠣ ᠵᠢ ᠠᠯᠬᠤᠮ ᠠᠯᠬᠤᠮ᠎ᠢᠶᠠᠷ ᠦᠬᠡᠢᠰᠬᠡᠵᠦ᠂ ᠪᠠᠢᠩᠭᠤ ᠰᠠᠭᠤᠭ᠎ᠠ ᠬᠥᠮᠥᠨ ᠠᠮᠠ᠎ᠶᠢᠨ ᠪᠣᠳᠠᠲᠠᠢ ᠬᠡᠷᠡᠭᠴᠡᠭᠡ᠎ᠪᠡᠷ ᠡᠬᠢ ᠪᠠᠶᠠᠯᠢᠭ᠋ ᠢ ᠲᠣᠬᠢᠷᠠᠭᠤᠯᠬᠤ ᠦᠨᠳᠦᠰᠦᠯᠡᠯ ᠪᠣᠯᠭᠠᠨ ᠬᠣᠪᠢᠷᠠᠭᠣᠯᠬᠣ᠎ᠳᠦ ᠪᠣᠢ᠃
ᠦᠨᠡᠯᠡᠯᠳᠠ᠄ ᠡᠨᠡ ᠬᠦ᠌ ᠲᠣᠬᠢᠷᠠᠭᠤᠯᠤᠯᠲᠠ ᠨᠢ ᠬᠣᠲᠠ᠎ᠶᠢᠨ ᠰᠤᠷᠭᠠᠭᠤᠯᠢ᠂ ᠡᠮᠨᠡᠯᠭᠡ᠎ᠶᠢᠨ ᠬᠣᠷᠢᠶ᠎ᠠ᠂ ᠨᠠᠰᠤᠵᠢᠯ ᠤᠨ ᠠᠰᠠᠷᠠᠮᠵᠢ ᠶᠢᠨ ᠪᠠᠢᠭᠤᠯᠤᠮᠵᠢ ᠵᠡᠷᠭᠡ ᠲᠥᠬᠦᠭᠡᠷᠦᠮᠵᠢ᠎ᠶᠢᠨ ᠲᠥᠯᠦᠪᠵᠢᠭᠦᠯᠭᠡ ᠪᠦᠲᠦᠭᠡᠨ ᠪᠠᠢᠭᠤᠯᠤᠯᠲᠠ᠎ᠶᠢ ᠰᠢᠭᠤᠳ ᠨᠥᠯᠥᠭᠡᠯᠡᠵᠦ᠂ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠢ ᠬᠥᠲᠥᠯᠥᠨ ᠵᠢᠯᠤᠭᠣᠳᠴᠤ ᠪᠠᠢᠭᠠᠳ ᠬᠥᠮᠥᠨ ᠠᠮᠠ ᠨᠡᠬᠦᠨ ᠣᠷᠣᠵᠦ ᠢᠷᠡᠬᠦ ᠲᠣᠭ᠎ᠠ ᠣᠯᠠᠨ ᠪᠠᠢᠭ᠎ᠠ ᠭᠠᠵᠠᠷ ᠲᠡᠢᠰᠢ ᠬᠡᠯᠪᠡᠢᠯᠭᠡᠵᠦ᠂ ᠬᠠᠩᠭᠠᠯᠭ᠎ᠠ ᠬᠦᠷᠦᠯᠴᠡᠬᠦ ᠦᠭᠡᠢ ᠪᠠᠢᠬᠤ ᠠᠰᠠᠭᠤᠳᠠᠯ ᠢ ᠡᠬᠢ ᠡᠭᠦᠰᠦᠯ᠎ᠡᠴᠡ ᠨᠢ ᠰᠢᠢᠳᠪᠦᠷᠢᠯᠡᠵᠦ᠂ ᠨᠡᠭᠦᠳᠡᠯ ᠬᠥᠮᠥᠨ ᠠᠮᠠ ᠶᠢ ᠦᠨᠡᠨ ᠬᠦ᠌ ᠰᠡᠳᠬᠢᠯ ᠠᠮᠤᠷ ᠪᠠᠢᠯᠭᠠᠬᠣ ᠵᠢ ᠪᠡᠶᠡᠯᠡᠬᠦᠯᠦᠨ᠎ᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号