1 ᠰᠠᠷ᠎ᠠ᠎ᠶᠢᠨ 9 ᠦ ᠡᠳᠦᠷ ᠬᠤᠷᠠᠯᠳᠤᠭᠰᠠᠨ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠪᠠᠢᠩᠭᠤ᠎ᠶᠢᠨ ᠬᠤᠷᠠᠯ᠎ᠠᠴᠠ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠲᠦᠷᠢᠮ (ᠵᠠᠰᠠᠪᠤᠷᠢ ᠣᠷᠣᠭᠤᠯᠤᠭᠰᠠᠨ ᠲᠥᠰᠦᠯ)》 ᠢ ᠬᠢᠨᠠᠨ ᠵᠥᠪᠯᠡᠵᠦ ᠪᠠᠲᠤᠯᠠᠭᠠᠳ᠂ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠢ ᠬᠠᠮᠢᠶᠠᠷᠤᠨ ᠡᠵᠡᠮᠳᠡᠬᠦ ᠣᠷᠣᠨ ᠬᠤᠪᠢᠶᠠᠷᠢ᠎ᠶᠢ ᠭᠤᠤᠯ ᠬᠠᠮᠠᠭᠠᠯᠠᠯᠲᠠ᠎ᠶᠢᠨ ᠣᠷᠣᠨ ᠪᠠ ᠡᠩ᠎ᠦᠨ ᠬᠠᠮᠠᠭᠠᠯᠠᠯᠲᠠ᠎ᠶᠢᠨ ᠣᠷᠣᠨ ᠪᠣᠯᠭᠠᠨ ᠲᠣᠬᠢᠷᠠᠭᠤᠯᠵᠤ᠂ ᠬᠠᠮᠠᠭᠠᠯᠠᠯᠲᠠ ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠭᠦᠨ᠎ᠦ ᠬᠠᠮᠲᠤ ᠠᠮᠢ ᠠᠬᠤᠢ᠎ᠶᠢᠨ ᠬᠠᠮᠠᠭᠠᠯᠠᠯᠲᠠ᠎ᠶᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠪᠠᠢᠭᠠᠯᠢ᠎ᠶᠢᠨ ᠬᠠᠮᠠᠭᠠᠯᠠᠯᠲᠠ ᠪᠠ ᠡᠬᠢ ᠪᠠᠶᠠᠯᠢᠭ᠎ᠤᠨ ᠠᠰᠢᠭᠯᠠᠯᠲᠠ᠎ᠶᠢᠨ ᠰᠢᠨ᠎ᠡ ᠵᠠᠭᠪᠤᠷ᠎ᠢ ᠬᠠᠢᠨ ᠰᠦᠪᠡᠭᠴᠢᠯᠡᠵᠦ᠂ ᠠᠮᠢ ᠠᠬᠤᠢ᠎ᠶᠢ ᠠᠷᠠᠳ᠎ᠲᠤ ᠦᠢᠯᠡᠴᠢᠯᠡᠬᠦ᠂ ᠰᠢᠨᠵᠢᠯᠡᠬᠦ ᠤᠬᠠᠭᠠᠨᠴᠢ᠎ᠪᠠᠷ ᠠᠰᠢᠭᠯᠠᠬᠤ᠎ᠶᠢ ᠪᠡᠶᠡᠯᠡᠭᠦᠯᠦᠨ᠎ᠡ᠃
ᠦᠨᠡᠯᠡᠯᠳᠡ᠄ ᠪᠠᠢᠭᠠᠯᠢ᠎ᠶᠢᠨ ᠡᠬᠢ ᠪᠠᠶᠠᠯᠢᠭ ᠢ ᠬᠠᠮᠠᠭᠠᠯᠠᠬᠤ᠎ᠶᠢ ᠴᠢᠬᠤᠯᠠᠴᠢᠯᠠᠬᠤ᠎ᠪᠠᠷ ᠪᠠᠷᠠᠬᠤ ᠥᠬᠡᠶ ᠪᠠᠰᠠ ᠰᠢᠨᠵᠢᠯᠡᠬᠦ ᠤᠬᠠᠭᠠᠨᠴᠢ᠎ᠪᠠᠷ ᠠᠰᠢᠭᠯᠠᠬᠤ᠎ᠶᠢ ᠳᠣᠪᠣᠢᠯᠭᠠᠵᠤ᠂ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠲᠦᠷᠢᠮ᠎ᠳᠦ ᠵᠠᠰᠠᠪᠤᠷᠢ ᠣᠷᠣᠭᠤᠯᠬᠤ᠎ᠨᠢ ᠬᠠᠤᠯᠢ ᠪᠡᠷ ᠵᠠᠰᠠᠬᠣ ᠵᠢᠨ ᠬᠠᠯᠠᠮᠵᠢ ᠪᠠ ᠣᠶᠤᠨ ᠤᠬᠠᠭᠠᠨ᠎ᠢ ᠢᠯᠡᠷᠡᠭᠦᠯᠵᠦ᠂ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠪᠥᠲᠥᠭᠡᠨ ᠪᠠᠢᠭᠤᠯᠤᠯᠲᠠ ᠶᠢ ᠴᠢᠨᠠᠷ ᠰᠠᠢᠲᠠᠶ ᠠᠬᠢᠭᠤᠯᠬᠤ᠎ᠳᠤ ᠬᠦᠴᠦᠲᠡᠶ ᠬᠠᠤᠯᠢᠵᠢᠯ ᠤᠨ ᠪᠠᠲᠤᠯᠠᠭ᠎ᠠ ᠬᠠᠩᠭᠠᠬᠤ ᠪᠣᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号