ᠤᠢᠷᠠᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ 《ᠪᠦᠬᠦ᠌ ᠣᠷᠣᠨ ᠤ᠋ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠢ᠋ ᠶᠡᠷᠦᠩᠬᠡᠢᠯᠡᠨ ᠵᠠᠰᠠᠬᠤ ᠡᠬᠢ ᠪᠠᠶᠠᠯᠢᠭ ᠬᠢᠭᠡᠳ ᠣᠷᠴᠢᠨ ᠲᠣᠭᠣᠷᠢᠨ ᠤ᠋ ᠬᠦᠷᠢᠶᠡᠨ ᠳ᠋ᠡᠬᠢ ᠲᠦᠷᠦᠯ ᠵᠦᠢᠯ ᠢ᠋ ᠲᠥᠯᠥᠪᠵᠢᠭᠦᠯᠬᠦ᠌ ᠠᠵᠢᠯᠯᠠᠭᠠᠨ ᠥᠷᠨᠢᠭᠦᠯᠬᠦ᠌ ᠲᠤᠬᠠᠢ ᠮᠡᠳᠡᠭ᠌ᠳᠡᠯ》(ᠳᠣᠷᠣᠭ᠍ᠰᠢ 《ᠮᠡᠳᠡᠭ᠌ᠳᠡᠯ》 ᠭᠡᠵᠦ᠍ ᠳᠥᠭᠥᠮᠴᠢᠯᠡᠨᠡ ) ᠢ᠋ ᠳᠠᠷᠤᠮᠠᠯᠯᠠᠨ ᠲᠠᠷᠬᠠᠭᠠᠵᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠢ᠋ ᠶᠡᠷᠦᠩᠬᠡᠢᠯᠡᠨ ᠵᠠᠰᠠᠬᠤ ᠪᠠ ᠡᠬᠢ ᠪᠠᠶᠠᠯᠢᠭ᠍ᠵᠢᠭᠤᠯᠤᠨ ᠠᠱᠢᠭ᠍ᠯᠠᠬᠤ ᠲᠦᠪᠱᠢᠨ ᠢ᠋ ᠪᠦᠬᠦ᠌ ᠲᠠᠯᠠ ᠪᠠᠷ ᠳᠡᠭᠡᠭ᠌ᠰᠢᠯᠡᠭᠦᠯᠵᠤ ᠪᠤᠢ᠃
ᠬᠠᠳᠠᠭᠤ ᠪᠡᠶᠡᠳᠤ ᠬᠠᠶᠠᠭᠳᠠᠮᠠᠯ ᠪᠤᠳᠠᠰ ᠢ᠋ ᠦᠨᠡ ᠦᠷᠳᠡᠭᠴᠢᠯᠡᠭᠦ᠂ ᠡᠬᠢ ᠪᠠᠶᠠᠯᠢᠭᠵᠢᠭᠤᠯᠤᠨ ᠠᠰᠢᠬᠯᠠᠬᠤ ᠵᠢ ᠠᠬᠢᠭᠤᠯᠬᠤ ᠪᠤᠯ ᠠᠵᠤ ᠠᠬᠤᠢ ᠨᠡᠢᠭᠡᠮ ᠤ᠋ᠨ ᠬᠦᠭᠵᠢᠯᠳᠡ ᠵᠢ ᠪᠦᠬᠦ ᠳᠠᠯᠠ ᠪᠡᠷ ᠪᠤᠬᠢᠷᠳᠤᠯ ᠦᠭᠡᠢ ᠪᠤᠯᠭᠠᠨ ᠬᠡᠯᠪᠡᠷᠢ ᠪᠠᠨ ᠬᠤᠪᠢᠷᠠᠭᠤᠯᠬᠤ ᠵᠢ ᠪᠡᠶᠡᠯᠡᠭᠦᠯᠬᠦ ᠴᠢᠬᠤᠯᠠ ᠠᠷᠭᠠ ᠬᠡᠮᠵᠢᠶᠡ ᠪᠤᠯᠤᠨᠠ᠃ ᠳᠤᠰ 《ᠮᠡᠳᠡᠭ᠌ᠳᠡᠯ》ᠳ᠋ᠦ ᠭᠤᠷᠪᠠᠨ ᠶᠡᠬᠡ ᠭᠤᠤᠯᠳᠠᠯᠭᠠᠲᠠᠶ ᠡᠭᠦᠷᠭᠡ ᠵᠢ ᠤᠨᠢᠯᠠᠪᠠ᠂ ᠬᠣᠲᠠ ᠪᠠᠯᠭᠠᠰᠤᠨ ᠤ᠋ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠤ᠋ᠨ ᠵᠠᠳᠠᠷᠠᠵᠤ ᠪᠣᠯᠬᠤᠢᠴᠡ ᠰᠦᠯᠢᠶᠣᠣ᠂ ᠡᠷᠭᠢᠯᠳᠦᠨ ᠬᠡᠷᠡᠭᠯᠡᠵᠤ ᠪᠣᠯᠬᠤᠢᠴᠡ ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭᠠ ᠵᠢᠨ ᠦᠶ᠋ᠯᠡᠳᠬᠦᠨ ᠤ᠋ ᠦᠶ᠋ᠯᠡᠳᠪᠦᠷᠢᠯᠡᠯ ᠬᠡᠷᠡᠭ᠌ᠯᠡᠯᠲᠡ ᠵᠢ ᠳᠡᠯᠭᠡᠷᠡᠭᠦᠯᠬᠦ᠌ ᠲᠥᠷᠥᠯ ᠵᠦᠶ᠋ᠯᠢ᠋ ᠲᠦᠯᠦᠪᠵᠢᠬᠦᠯᠵᠦ᠂ ᠡᠬᠢ ᠡᠭᠦᠰᠦᠯ ᠡᠴᠡ ᠨᠢ ᠬᠡᠮᠵᠢᠶᠡ ᠵᠢ ᠪᠠᠭᠠᠰᠭᠠᠬᠤ ᠵᠢ ᠠᠬᠢᠭᠤᠯᠤᠨᠠ; ᠬᠣᠲᠠ ᠪᠠᠯᠭᠠᠰᠤᠨ ᠤ᠋ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠢ᠋ ᠬᠣᠷᠢᠶᠠᠨ ᠠᠪᠬᠤ ᠥᠷᠲᠡᠭᠡ ᠴᠡᠭ ᠪᠠ ᠪᠣᠬᠢᠷᠲᠤᠯ ᠥᠬᠡᠶ ᠢᠯᠭᠠᠨ ᠰᠠᠯᠭᠠᠬᠤ ᠲᠥᠪ᠂ ᠬᠣᠲᠠ ᠪᠠᠯᠭᠠᠰᠤᠨ ᠤ᠋ ᠠᠮᠢᠳᠤᠷᠠᠯ ᠤ᠋ᠨ ᠬᠣᠭ ᠨᠣᠪᠰᠢ ᠵᠢ ᠲᠥᠷᠥᠯ ᠬᠤᠪᠢᠶᠠᠬᠤ᠂ ᠬᠣᠷᠢᠶᠠᠨ ᠠᠪᠴᠤ᠌ ᠱᠢᠯᠵᠢᠭᠦᠯᠦᠨ ᠲᠡᠭᠡᠭᠡᠪᠦᠷᠢᠯᠡᠬᠦ᠌ ᠱᠢᠰᠲ᠋ᠧᠮ ᠤ᠋ᠨ ᠪᠠᠢᠭᠤᠯᠤᠯᠲᠠ ᠵᠢᠨ ᠲᠦᠷᠦᠯ ᠵᠦᠢᠯ ᠢ᠋ ᠬᠡᠪᠴᠢᠶᠡᠵᠢᠭᠦᠯᠦᠨ ᠵᠢᠷᠤᠮᠵᠢᠭᠤᠯᠬᠤ ᠪᠠᠷ ᠲᠥᠯᠥᠪᠵᠢᠬᠦᠯᠵᠦ᠂ ᠶᠠᠪᠤᠴᠠ ᠵᠢᠨ ᠬᠠᠮᠢᠶᠠᠷᠤᠯᠲᠠ ᠡᠵᠡᠮᠳᠡᠯ ᠢ᠋ ᠴᠢᠩᠭᠠᠳᠭᠠᠨᠠ; ᠡᠬᠢ ᠪᠠᠶᠠᠯᠢᠭ᠍ᠵᠢᠭᠤᠯᠤᠨ ᠠᠱᠢᠭ᠍ᠯᠠᠬᠤ ᠲᠦᠪᠱᠢᠨ ᠢ᠋ ᠳᠡᠭᠡᠭ᠌ᠰᠢᠯᠡᠭᠦᠯᠬᠦ᠌ ᠳ᠋ᠦ ᠠᠩᠬᠠᠷᠤᠯ ᠵᠢᠠᠨ ᠬᠠᠨᠳᠤᠭᠤᠯᠵᠤ᠂ ᠶᠡᠬᠡ ᠬᠡᠮᠵᠢᠶᠡᠨ ᠤ᠋ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠢ᠋ ᠶᠡᠷᠦᠩᠬᠡᠢᠯᠡᠨ ᠠᠱᠢᠭ᠍ᠯᠠᠬᠤ᠂ ᠲᠠᠷᠢᠶᠠᠯᠠᠩ ᠤᠢ ᠱᠢᠭᠤᠢ ᠵᠢᠨ ᠦᠯᠡᠳᠡᠭ᠌ᠳᠡᠯ ᠪᠣᠳᠠᠰ ᠢ᠋ ᠡᠬᠢ ᠪᠠᠶᠠᠯᠢᠭ᠍ᠵᠢᠭᠤᠯᠬᠤ ᠪᠠ ᠡᠨᠧᠷᠭᠢ ᠵᠢᠨ ᠰᠤᠷᠪᠤᠯᠵᠢ ᠪᠣᠯᠭᠠᠨ ᠠᠱᠢᠭ᠍ᠯᠠᠬᠤ᠂ ᠤᠯᠤᠰ ᠤ᠋ᠨ 《ᠬᠤᠳᠠ ᠵᠢᠨ ᠠᠭᠤᠷᠬᠠᠢ ᠵᠢᠨ ᠭᠠᠷᠤᠯᠲᠠ》 ᠶ᠋ᠢᠨ ᠵᠢᠱ᠌ᠢᠢᠡ ᠦᠵᠡᠭᠦᠯᠬᠦ᠌ ᠰᠠᠭᠤᠷᠢᠨ ᠪᠠ ᠡᠬᠢ ᠪᠠᠶᠠᠯᠢᠭ ᠢ᠋ ᠡᠷᠬᠢᠯᠳᠦᠭᠦᠯᠦᠨ ᠠᠱᠢᠭ᠍ᠯᠠᠬᠤ ᠰᠠᠭᠤᠷᠢᠨ ᠤ᠋ ᠲᠦᠷᠦᠯ ᠵᠦᠢᠯ ᠢ᠋ ᠲᠥᠯᠥᠪᠵᠢᠬᠦᠯᠵᠦ᠂ ᠡᠬᠢ ᠪᠠᠶᠠᠯᠢᠭ ᠢ᠋ ᠠᠱᠢᠭ᠍ᠯᠠᠬᠤ ᠴᠢᠳᠠᠪᠤᠷᠢ ᠵᠢ ᠨᠡᠮᠡᠭ᠌ᠳᠡᠭᠦᠯᠦᠨᠡ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶᠡ ᠦᠮᠴᠢᠯᠡᠯᠤᠨ ᠡᠷᠬᠡᠲᠠᠢ
ᠵᠤᠬᠢᠶᠠᠭᠴᠢᠶᠢᠨ ᠡᠷᠬᠡ ᠬᠠᠤᠯᠢᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢᠪᠠᠷ ᠬᠠᠭᠤᠯᠪᠤᠷᠢᠯᠠᠬᠤᠶᠢ ᠬᠠᠲᠠᠭᠤ ᠬᠤᠷᠢᠭᠯᠠᠨᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号