《ᠠᠵᠢᠯᠯᠠᠭᠠᠨ ᠤ᠋ ᠲᠥᠯᠥᠪᠯᠡᠭᠡ》
2026-01-19 10:47:38
ᠵᠣᠬᠢᠶᠠᠭ᠍ᠴᠢ᠄
​ ᠨᠠᠮᠤᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠬᠥᠯᠥᠨ ᠪᠤᠢᠷ ᠬᠣᠲᠠ᠎ᠵᠢᠨ ᠬᠢᠨ 《ᠬᠥᠯᠥᠨ ᠪᠤᠢᠷ ᠬᠣᠲᠠ ᠵᠢᠨ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠪᠠᠢᠯᠳᠤᠬᠤ ᠪᠣᠳᠣᠯᠭ᠎ᠠ ᠬᠢᠭᠡᠳ ᠠᠵᠢᠯᠯᠠᠭᠠᠨ ᠤ᠋ ᠲᠥᠯᠥᠪᠯᠡᠭᠡ (2025 ︱ 2030 ᠣᠨ)》 ᠵᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ (ᠳᠣᠷᠣᠭᠰᠢ 《ᠠᠵᠢᠯᠯᠠᠭᠠᠨ ᠤ᠋ ᠲᠥᠯᠥᠪᠯᠡᠭᠡ》 ᠭᠡᠵᠦ ᠳᠥᠭᠥᠮᠴᠢᠯᠡᠨ᠎ᠡ ) ᠃

《ᠠᠵᠢᠯᠯᠠᠭᠠᠨ ᠤ᠋ ᠲᠥᠯᠥᠪᠯᠡᠭᠡ》 ᠨᠢ ᠬᠥᠯᠥᠨ ᠪᠤᠢᠷ ᠤ᠋ᠨ ᠠᠮᠢ ᠠᠬᠤᠢ ᠵᠢᠨ ᠰᠠᠭᠤᠷᠢ ᠳ᠋ᠤ᠌ ᠰᠠᠭᠤᠷᠢᠯᠠᠵᠤ᠂ ᠠᠮᠢ ᠠᠬᠤᠢ ᠵᠢᠨ ᠰᠢᠰᠲ᠋ᠧᠮ᠂ ᠠᠮᠢᠳᠤ ᠪᠣᠳᠠᠰ ᠤ᠋ᠨ ᠲᠦᠷᠰᠤ ᠪᠠ ᠤᠳᠤᠮᠯᠠᠯ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠪᠠᠷ ᠭᠣᠣᠯ ᠪᠣᠯᠭᠠᠵᠤ᠂ ᠣᠢᠷ᠎ᠠ ᠵᠢᠨ ᠵᠢᠯ ᠳ᠋ᠡᠬᠢ ᠪᠥᠬᠥ ᠬᠣᠲᠠ ᠵᠢᠨ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠰᠢᠰᠲ᠋ᠧᠮ ᠤ᠋ᠨ ᠪᠦᠲᠦᠭᠡᠨ ᠪᠠᠢᠭᠤᠯᠤᠯᠲᠠ᠂ ᠬᠥᠯᠥᠨ ᠨᠠᠭᠤᠷ ᠤ᠋ᠨ ᠠᠮᠢ ᠠᠬᠤᠢ ᠵᠢᠨ ᠵᠠᠰᠠᠯᠳᠠ᠂ ᠣᠢ ᠮᠤᠳᠤ ᠪᠠ ᠡᠪᠡᠰᠦᠨ ᠤ᠋ ᠦᠷ᠎ᠡ ᠡᠳ᠋ ᠤ᠋ᠨ ᠡᠬᠢ ᠪᠠᠶᠠᠯᠢᠭ ᠢ᠋ ᠨᠡᠢᠳᠡᠮ ᠪᠠᠢᠴᠠᠭᠠᠬᠤ᠂ ᠬᠠᠤᠯᠢ ᠪᠤᠰᠤ ᠠᠷᠠᠯᠵᠢᠶᠠᠨ ᠤ᠋ ᠠᠵᠢᠯᠯᠠᠭ᠎ᠠ ᠳ᠋ᠤ᠌ ᠬᠠᠤᠯᠢ ᠬᠡᠷᠡᠭᠵᠢᠭᠦᠯᠦᠨ ᠴᠣᠬᠢᠯᠲᠠ ᠥᠭᠬᠦ ᠵᠡᠷᠭᠡ ᠲᠠᠯ᠎ᠠ ᠪᠠᠷ ᠬᠢ ᠠᠵᠢᠯ ᠤ᠋ᠨ ᠠᠮᠵᠢᠯᠳᠠ ᠪᠦᠲᠦᠮᠵᠢ ᠵᠢ ᠪᠥᠬᠥ ᠲᠠᠯ᠎ᠠ ᠪᠠᠷ ᠳ᠋ᠦᠩᠨᠡᠵᠦ᠂ ᠠᠮᠢ ᠠᠬᠤᠢ ᠵᠢᠨ ᠬᠠᠮᠠᠭᠠᠯᠠᠯᠲᠠ ᠬᠢᠭᠡᠳ ᠠᠵᠤ ᠠᠬᠤᠢ ᠨᠡᠢᠭᠡᠮ ᠤ᠋ᠨ ᠬᠥᠭᠵᠢᠯᠲᠡ ᠬᠠᠷᠢᠯᠴᠠᠨ ᠵᠣᠬᠢᠴᠠᠯᠳᠤᠬᠤ᠂ ᠬᠡᠰᠡᠭ ᠣᠷᠣᠨ ᠪᠦᠰᠡ ᠵᠢᠨ ᠠᠮᠢ ᠠᠬᠤᠢ ᠵᠢᠨ ᠴᠢᠳᠠᠮᠵᠢ ᠮᠠᠭᠤᠳᠠᠵᠤ ᠪᠠᠢᠬᠤ ᠵᠡᠷᠭᠡ ᠪᠣᠳᠠᠲᠤ ᠥᠷᠢᠰᠦᠯᠳᠦᠭᠡᠨ ᠢ᠋ ᠪᠤᠰᠤᠳᠴᠢ ᠪᠠᠷ ᠵᠠᠳᠠᠯᠤᠯᠲᠠ ᠬᠢᠭᠰᠡᠨ ᠤ᠋ ᠬᠠᠮᠲᠤ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠬᠦ᠂ ᠰᠡᠷᠭᠦᠭᠡᠨ ᠵᠠᠰᠠᠬᠤ ᠵᠢ ᠴᠢᠩᠭᠠᠳᠬᠠᠬᠤ᠂ ᠬᠢᠨᠠᠨ ᠬᠡᠮᠵᠢᠯᠲᠡ ᠵᠢ ᠳᠡᠭᠡᠭᠰᠢᠯᠡᠭᠦᠯᠬᠦ᠂ ᠣᠯᠠᠨ ᠨᠡᠢᠲᠡ ᠪᠡᠷ ᠵᠢᠡᠨ ᠣᠷᠣᠯᠴᠠᠬᠤ ᠵᠢ ᠠᠬᠢᠭᠤᠯᠬᠤ ᠵᠡᠷᠭᠡ ᠭᠣᠣᠯᠳᠠᠯᠭ᠎ᠠ ᠲᠠᠢ ᠴᠢᠭᠯᠡᠯ ᠳ᠋ᠤ ᠬᠠᠨᠳᠤᠭᠤᠯᠵᠤ᠂ 2025 — 2030 ᠤᠨ ᠤ᠋ ᠬᠠᠮᠠᠭᠠᠯᠠᠯᠲᠠ ᠵᠢᠨ ᠬᠠᠷᠠᠯᠲᠠ ᠬᠢᠭᠡᠳ ᠭᠣᠣᠯᠳᠠᠯᠭ᠎ᠠ ᠲᠠᠢ ᠡᠭᠦᠷᠭᠡ ᠵᠢ ᠲᠣᠳᠣᠷᠬᠠᠢᠯᠠᠪᠠ᠃ 《ᠠᠵᠢᠯᠯᠠᠭᠠᠨ ᠤ᠋ ᠲᠥᠯᠥᠪᠯᠡᠭᠡ》 ᠨᠢ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠦᠯᠦᠪᠵᠢᠭᠦᠯᠭᠡ ᠵᠢᠨ ᠬᠤᠭᠤᠴᠠᠭᠠᠨ ᠳ᠋ᠠᠬᠢ ᠬᠦᠯᠦᠨ ᠪᠤᠢᠷ ᠬᠣᠲᠠ ᠵᠢᠨ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠬᠥᠲᠥᠯᠪᠦᠷᠢ ᠵᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠭᠰᠠᠨ ᠤ᠋ ᠬᠤᠪᠢ ᠳ᠋ᠤ᠌᠂ ᠬᠥᠯᠥᠨ ᠪᠤᠢᠷ ᠬᠣᠲᠠ ᠵᠢᠨ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠡᠯ᠎ᠡ ᠵᠦᠢᠯ ᠤ᠋ᠨ ᠠᠵᠢᠯ ᠢ᠋ ᠪᠦᠬᠦ ᠲᠠᠯ᠎ᠠ ᠪᠠᠷ ᠬᠥᠲᠥᠯᠦᠨ ᠳᠠᠭᠠᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号