ᠠᠸ᠋ᠬᠠᠨ ᠤ᠋ ᠴᠢᠴᠠᠷᠭᠠᠨ᠎ᠠ
2026-01-19 10:49:19
ᠵᠣᠬᠢᠶᠠᠭ᠍ᠴᠢ᠄
​ᠨᠠᠮᠤᠭ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ ᠨᠡᠢᠳᠡᠯᠡᠭᠰᠡᠨ 2025 ᠤᠨ ᠤ᠋ ᠭᠤᠷᠪᠠᠳᠤᠭᠠᠷ ᠪᠦᠯᠦᠭ ᠤ᠋ᠨ ᠪᠥᠬᠥ᠌ ᠤᠯᠤᠰ ᠤ᠋ᠨ ᠨᠠᠷᠠᠲᠤ ᠤᠬᠢ ᠤᠨᠴᠠᠯᠢᠭᠳᠤ ᠱᠢᠨ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠭᠡᠷᠡᠴᠢᠯᠡᠯᠳᠠ ᠳ᠋ᠤ 《ᠠᠸ᠋ᠬᠠᠨ ᠤ᠋ ᠴᠢᠴᠠᠷᠭᠠᠨ᠎ᠠ》ᠳᠤᠳᠤᠷᠠᠪᠠ᠃ ᠡᠨᠡ ᠨᠢ ᠠᠸ᠋ᠬᠠᠨ ᠤ᠋ ᠴᠢᠴᠠᠷᠭᠠᠨ᠎ᠠ ᠵᠢᠨ ᠭᠠᠵᠠᠷ ᠣᠷᠣᠨ ᠤ᠋ ᠣᠨᠴᠠᠯᠢᠭ᠂ ᠱᠢᠮ᠎ᠡ ᠲᠡᠵᠢᠭᠡᠯ ᠤ᠋ᠨ ᠶᠠᠰᠤ ᠴᠢᠨᠠᠷ ᠪᠣᠯᠤᠨ ᠠᠵᠤ ᠦᠶ᠋ᠯᠡᠰ ᠤ᠋ᠨ ᠦᠨ᠎ᠡ ᠥᠷᠲᠡᠭ᠎ᠨᠢ ᠤᠯᠤᠰ ᠤ᠋ᠨ ᠡᠷᠬᠡ ᠰᠦᠷᠲᠦ ᠰᠠᠯᠠᠭ᠎ᠠ ᠮᠦᠴᠢᠷ ᠤ᠋ᠨ ᠵᠥᠪᠱᠢᠶᠡᠷᠡᠯ ᠢ᠋ ᠣᠯᠤᠭᠰᠠᠨ ᠭᠡᠳᠡᠭ᠎ᠢ ᠬᠠᠷᠠᠭᠤᠯᠵᠤ ᠪᠤᠢ᠃

ᠬᠣᠷᠴᠢᠨ ᠤ᠋ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠵᠢᠨ《ᠠᠮᠢ ᠠᠬᠤᠶ ᠵᠢᠨ ᠡᠷᠳᠡᠨᠢ》 ᠪᠣᠯᠤᠭ᠍ᠰᠠᠨ ᠠᠸ᠋ᠬᠠᠨ ᠤ᠋ ᠴᠢᠴᠠᠷᠭᠠᠨ᠎ᠠ ᠨᠢ ᠲᠠᠴᠢᠷ ᠲᠤ᠌ ᠳᠠᠭᠠᠭᠠᠴᠠᠲᠠᠢ᠂ ᠬᠦᠶ᠋ᠲᠡᠨ ᠢ᠋ ᠲᠡᠰᠪᠦᠷᠢᠯᠡᠬᠦ᠌ ᠣᠨᠴᠠᠯᠢᠭ ᠵᠢᠡᠷ ᠵᠢᠡᠨ ᠡᠯᠡᠰᠦ ᠶ᠋ᠢ ᠵᠠᠰᠠᠬᠤ ᠬᠣᠱᠢᠭᠤᠴᠢ ᠮᠣᠳᠣᠨ ᠤ᠋ ᠲᠥᠷᠥᠯ ᠪᠣᠯᠵᠣ᠂ ᠤᠮᠠᠷᠠᠲᠤ ᠵᠢᠨ ᠡᠬᠡ ᠭᠠᠵᠠᠷ ᠤ᠋ᠨ 《ᠪᠣᠬᠢᠷᠲᠤᠯ ᠥᠬᠡᠶ ᠬᠠᠯᠬᠠᠪᠴᠢ》 ᠶ᠋ᠢ ᠴᠤᠭᠴᠠᠯᠠᠬᠤ ᠳ᠋ᠤ ᠴᠢᠬᠤᠯᠠ ᠦᠢᠯᠡᠳᠦᠯ ᠦᠵᠡᠭᠦᠯᠵᠤ ᠪᠤᠢ᠃ ᠳᠡᠭᠡᠷ᠎ᠡ ᠵᠠᠭᠤᠨ ᠤ᠋ ᠨᠠᠶᠠᠭᠠᠳ ᠤᠨ ᠡᠴᠡ ᠡᠬᠢᠯᠡᠵᠤ᠂ ᠠᠤᠬᠠᠨ ᠬᠤᠰᠢᠭᠤ᠎ᠵᠢᠨ ᠬᠢᠨ ᠴᠢᠴᠠᠷᠭᠠᠨ᠎ᠠ ᠵᠢᠨ ᠭᠠᠩ ᠳ᠋ᠤ ᠳᠠᠭᠠᠭᠠᠴᠠᠲᠠᠢ᠂ ᠬᠦᠢᠲᠡᠨ ᠳ᠋ᠤ ᠲᠡᠰᠪᠦᠷᠢᠲᠠᠢ ᠤᠨᠴᠠᠯᠢᠭ ᠲᠤ᠌ ᠰᠠᠭᠤᠷᠢᠯᠠᠨ ᠂ ᠶᠡᠬᠡ ᠬᠡᠪᠴᠢᠶ᠎ᠡ ᠪᠡᠷ ᠴᠢᠴᠠᠷᠭᠠᠨ᠎ᠠ ᠶ᠋ᠢ ᠲᠠᠷᠢᠵᠤ ᠤᠢᠵᠢᠭᠤᠯᠤᠨ ᠡᠯᠡᠰᠤ ᠶ᠋ᠢ ᠵᠠᠰᠠᠬᠤ ᠵᠢᠴᠢ ᠠᠮᠢ ᠠᠬᠤᠢ ᠶ᠋ᠢ ᠰᠠᠢᠵᠢᠷᠠᠭᠤᠯᠬᠤ ᠳ᠋ᠤ ᠠᠰᠢᠬᠯᠠᠪᠠ᠃ ᠬᠡᠳᠦᠨ ᠠᠷᠪᠠᠨ ᠵᠢᠯ ᠤ᠋ᠨ ᠤᠢᠭ᠎ᠠ ᠦᠭᠡᠢ ᠴᠢᠷᠮᠠᠢᠯᠭ᠎ᠠ ᠪᠡᠷ ᠳᠠᠮᠵᠢᠨ᠂  ᠴᠢᠴᠠᠷᠭᠠᠨ᠎ᠠ ᠵᠢᠨ ᠠᠵᠤ ᠦᠢᠯᠡᠰ ᠨᠢ ᠨᠢᠭᠡᠨᠲᠡ ᠠᠮᠢ ᠠᠬᠤᠢ ᠶ᠋ᠢ ᠤᠷᠢᠳ ᠵᠢᠡᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠬᠦᠯᠬᠦ ᠪᠡᠷ ᠤᠳᠤᠷᠢᠳᠤᠮᠵᠢ ᠪᠤᠯᠭᠠᠬᠤ᠎ᠵᠢ ᠪᠠᠷᠢᠮᠳᠠᠯᠠᠭᠰᠠᠨ ᠠᠮᠢ ᠠᠬᠤᠢ ᠵᠢᠨ ᠵᠠᠰᠠᠯᠲᠠ ᠶ᠋ᠢ ᠠᠬᠢᠭᠤᠯᠬᠤ ᠵᠢᠴᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠶ᠋ᠢ ᠭᠦᠨᠵᠡᠭᠡᠢ ᠠᠭᠤᠰᠤᠯᠴᠠᠭᠤᠯᠬᠤ ᠤᠨᠴᠠᠯᠢᠭᠲᠤ ᠲᠤᠯᠭᠠᠭᠤᠷᠢ ᠠᠵᠤ ᠦᠢᠯᠡᠰ ᠪᠤᠯᠤᠭᠰᠠᠨ ᠪᠠᠢᠨ᠎ᠠ᠃  ᠣᠳᠣ ᠪᠣᠯᠲᠠᠯ᠎ᠠ᠂ ᠠᠤᠬᠠᠨ ᠬᠣᠱᠢᠭᠤᠨ ᠤ᠋ ᠴᠢᠴᠠᠷᠭᠠᠨ᠎ᠠ ᠵᠢᠨ ᠣᠶ ᠵᠢᠨ ᠲᠠᠯᠠᠪᠠᠶ ᠨᠢᠭᠡᠨᠲᠡ 16 ᠲᠦᠮᠡᠨ ᠮᠥ᠍ ᠣᠷᠴᠢᠮ ᠳ᠋ᠤ ᠬᠦᠷᠴᠦ᠍᠂ ᠵᠢᠯ᠎ᠳᠦ ᠪᠠᠷᠤᠭ 4800 ᠲᠣᠨ ᠴᠢᠴᠠᠷᠭᠠᠨ᠎ᠠ ᠵᠢᠨ ᠵᠢᠮᠢᠰ᠎ᠤᠨ ᠭᠠᠷᠤᠯᠳᠠ ᠲᠠᠢ ᠪᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号