ᠮᠠᠯᠴᠢᠨ ᠡᠷᠦᠬᠡ ᠪᠦᠷᠢ ᠳ᠋ᠤ 3 — 5 ᠲᠦᠮᠡᠨ ᠲᠥᠭᠥᠷᠢᠭ ᠬᠦᠷᠳᠡᠭᠡᠵᠦ ᠪᠥᠬᠥ ᠤᠯᠤᠰ᠎ᠤᠨ ᠲᠦᠷᠦᠭᠦᠸ᠋ ᠪᠦᠯᠦᠭ᠎ᠤᠨ ᠡᠪᠡᠰᠦᠨ ᠪᠢᠯᠧᠲ᠎ᠦᠨ ᠲᠤᠷᠰᠢᠯᠲᠠ᠎ᠶᠢᠨ ᠴᠡᠭ ᠮᠠᠯᠴᠢᠳ ᠲᠤ᠌ ᠠᠰᠢᠭ ᠬᠤᠪᠢᠶᠠᠷᠢᠯᠠᠯ᠎ᠠ
2026-01-19 11:35:58
ᠵᠣᠬᠢᠶᠠᠭ᠍ᠴᠢ᠄
ᠸ·ᠭᠡᠷᠡᠯᠳᠤ
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 14᠎ᠦ ᠡᠳᠦᠷ᠂ ᠪᠤᠭᠤᠲᠤ ᠬᠤᠲᠠ ᠵᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠳᠠᠷᠬᠠᠨ ᠰᠤᠮᠤ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠬᠤᠷᠠᠯ᠎ᠤᠨ ᠭᠡᠷ᠎ᠲᠦ ᠪᠥᠬᠥ ᠤᠯᠤᠰ᠎ᠤᠨ ᠲᠦᠷᠦᠭᠦᠸ᠋ ᠪᠦᠯᠦᠭ᠎ᠤᠨ ᠡᠪᠡᠰᠦᠨ ᠪᠢᠯᠧᠲ᠎ᠦᠨ ᠲᠤᠷᠰᠢᠯᠲᠠ᠎ᠶᠢᠨ ᠴᠡᠭ᠎ᠤᠨ ᠲᠥᠷᠥᠯ ᠵᠦᠢᠯ᠎ᠦᠨ ᠠᠰᠢᠭ᠋ ᠬᠤᠪᠢᠶᠠᠷᠢᠯᠠᠬᠤ ᠶᠡᠬᠡ ᠬᠤᠷᠠᠯ ᠬᠤᠷᠠᠯᠳᠤᠵᠦ᠂ ᠬᠠᠯᠠᠭᠤᠨ ᠲᠤᠯᠠᠭᠠᠨ ᠠᠭᠤᠷ ᠠᠮᠢᠰᠬᠤᠯ ᠵᠢᠠᠷ ᠪᠢᠯᠬᠠᠵᠦ᠂ ᠮᠠᠯᠴᠢᠳ᠎ᠤᠨ ᠴᠢᠷᠠᠢ ᠳ᠋ᠤ  ᠪᠠᠶᠠᠷ᠎ᠤᠨ ᠢᠨᠢᠶᠡᠳᠤ ᠲᠤᠳᠤᠷᠠᠨ᠂ ᠠᠰᠢᠭ ᠬᠤᠪᠢᠶᠠᠷᠢᠯᠠᠯᠳᠠ ᠵᠢᠨ ᠮᠦᠩᠬᠦ ᠪᠡᠨ ᠭᠠᠷᠳᠠᠨ ᠲᠤᠰᠴᠠᠭᠠᠴᠦ ᠪᠠᠢᠯ᠎ᠠ᠃ ᠲᠤᠷᠰᠢᠯᠲᠠ ᠵᠢᠨ ᠴᠡᠭ᠎ᠤᠨ ᠮᠠᠯᠴᠢᠨ ᠡᠷᠦᠬᠡ ᠪᠥᠷᠢ  ᠵᠢᠨ ᠠᠩᠬ᠎ᠠ ᠤᠳᠠᠭ᠎ᠠ ᠵᠢᠨ ᠲᠠᠩ ᠲᠥᠷᠥᠯ᠎ᠦᠨ ᠠᠰᠢᠭ᠋ ᠬᠤᠪᠢᠶᠠᠷᠢᠯᠠᠯᠲᠠ ᠨᠢ 3 — 5 ᠲᠦᠮᠡᠨ ᠲᠥᠭᠥᠷᠢᠭ ᠲᠤ᠌ ᠬᠦᠷᠴᠦ᠂ ᠵᠠᠯᠭᠠᠭᠠᠳ ᠪᠠᠰᠠ ᠪᠤᠰᠤᠳ ᠲᠦᠷᠦᠯ᠎ᠦᠨ ᠠᠰᠢᠭ᠋ ᠬᠤᠪᠢᠶᠠᠷᠢᠯᠠᠵᠦ ᠤᠯᠬᠤ ᠪᠣᠯᠬᠤᠷ᠂ ᠦᠩᠬᠡᠷᠡᠭᠰᠡᠨ ᠎ᠤ ᠮᠠᠯ ᠤᠨᠤᠭ᠎ᠠ ᠪᠡᠨ ᠬᠤᠳᠠᠯᠳᠤᠪᠠᠯ ᠰᠠᠶᠢ ᠤᠷᠤᠯᠭ᠎ᠠ ᠤᠯᠳᠠᠭ ᠮᠠᠯᠴᠢᠳ ᠲᠤ᠌ ᠡᠨᠡ ᠨᠢ ᠶᠤᠰᠤᠳᠠᠢ 《ᠲᠠᠯ᠎ᠠ ᠨᠤᠳᠤᠭ᠎ᠤᠨ ᠠᠮᠢ ᠠᠬᠤᠢ ᠵᠢᠨ ᠪᠠᠩᠬᠢ》ᠡᠴᠡ ᠪᠡᠨ ᠰᠢᠭᠤᠳ ᠬᠦᠷᠦᠩᠬᠡ ᠤᠯᠵᠦ ᠪᠠᠢᠬᠤ ᠵᠢᠨ ᠠᠵᠠ ᠲᠠᠢ ᠰᠠᠢᠬᠠᠨ ᠤᠴᠠᠷᠠᠯ ᠭᠠᠴᠠᠭᠠᠨ᠎ᠤ ᠮᠠᠯᠴᠢᠨ ᠬᠥᠬᠡ ᠠᠰᠢᠭ ᠣᠯᠣᠭᠰᠠᠨ ᠮᠦᠨᠭᠭᠦ᠎ᠪᠠᠨ ᠭᠠᠷᠳᠠᠵᠤ ᠠᠮᠠ ᠬᠠᠮᠬᠢᠯ ᠦᠭᠡᠢ ᠪᠠᠶᠠᠷᠯᠠᠵᠦ ᠪᠠᠢᠯ᠎ᠠ᠃ ᠪᠥᠬᠥ ᠤᠯᠤᠰ᠎ᠤᠨ ᠠᠩᠬᠠᠳᠠᠭ᠍ᠴᠢ ᠡᠪᠡᠰᠦᠨ ᠪᠢᠯᠧᠲ ᠣᠯᠣᠭᠰᠠᠨ ᠲᠤᠷᠰᠢᠯᠲᠠ᠎ᠶᠢᠨ ᠴᠡᠭ᠎ᠤᠨ ᠮᠠᠯᠵᠢᠬᠤ ᠡᠷᠦᠬᠡ ᠪᠣᠯᠤᠭᠰᠠᠨ᠎ᠤ ᠬᠤᠪᠢ᠎ᠳᠤ᠂ ᠲᠡᠷᠡ 5000 ᠮᠦ᠍ ᠨᠤᠲᠤᠭ ᠪᠡᠯᠴᠢᠭᠡᠷ᠎ᠦᠨ ᠡᠵᠡᠩᠨᠡᠯᠲᠡ᠎ᠶᠢᠨ ᠡᠷᠬᠡ ᠪᠠᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠳᠤ ᠰᠢᠯᠵᠢᠭᠦᠯᠦᠨ ᠥᠭᠭᠦᠭᠰᠡᠨ ᠪᠥᠭᠡᠳ ᠺᠣᠮᠫᠠᠨᠢ᠎ᠶᠢᠨ ᠲᠡᠵᠢᠭᠡᠨ ᠦᠷᠡᠵᠢᠭᠦᠯᠬᠦ ᠪᠠᠷᠢᠮᠵᠢᠶ᠎ᠠ ᠶᠣᠰᠣᠭᠠᠷ ᠰᠢᠯᠢᠳᠡᠭ ᠡᠭᠦᠯᠳᠡᠷ᠎ᠢ ᠰᠣᠩᠭᠣᠵᠦ᠂ ᠡᠪᠡᠰᠦ᠎ᠪᠡᠯᠴᠢᠭᠡᠷ ᠵᠢᠡᠷ ᠮᠠᠯ᠎ᠤᠨ ᠲᠤᠭ᠎ᠠ ᠲᠤᠯᠤᠭᠠᠢ ᠪᠠᠨ ᠲᠡᠩᠴᠡᠭᠦᠯᠦᠨ ᠰᠢᠨᠵᠢᠯᠡᠬᠦ ᠤᠬᠠᠭᠠᠨᠴᠢ᠎ᠪᠠᠷ ᠨᠢᠮᠪᠠᠢ ᠲᠡᠵᠢᠭᠡᠨ ᠮᠠᠯᠵᠢᠬᠰᠠᠨ ᠪᠠᠢᠨ᠎ᠠ᠃ ᠳᠤᠰ ᠤᠳᠠᠭᠠᠨ᠎ᠤ ᠠᠰᠢᠭ᠋ ᠬᠤᠪᠢᠶᠠᠷᠢᠯᠠᠬᠤ᠎ᠡᠴᠠ ᠡᠮᠦᠨ᠎ᠡ ᠲᠡᠷᠡ ᠨᠢᠭᠡᠨᠳᠡ ᠨᠤᠲᠤᠭ ᠪᠡᠯᠴᠢᠭᠡᠷ᠎ᠦᠨ ᠰᠢᠯᠵᠢᠬᠦᠯᠦᠯᠳᠡ᠎ᠶᠢᠨ ᠲᠦᠷᠢᠶᠡᠰᠦᠨ ᠮᠥᠩᠭᠥ ᠪᠤᠯᠤᠨ ᠬᠦᠳᠡᠯᠮᠦᠷᠢ ᠬᠦᠴᠦᠨ᠎ᠦ ᠮᠦᠨᠭᠭᠦ ᠪᠠᠨ ᠤᠯᠤᠭᠰᠠᠨ ᠪᠠᠢᠨ᠎ᠠ᠃ 《ᠡᠨᠡ ᠤᠳᠠᠭ᠎ᠠ᠎ᠶᠢᠨ ᠡᠪᠡᠰᠦᠨ ᠪᠢᠯᠧᠲ᠎ᠤᠨ ᠠᠰᠢᠭ᠋ ᠬᠤᠪᠢᠶᠠᠷᠢᠯᠠᠯᠳᠠ᠎ᠳᠤ ᠮᠠᠨ᠎ᠤ 4 ᠮᠠᠯᠴᠢᠨ ᠡᠷᠦᠭᠡ ᠠᠰᠢᠭ᠋ ᠬᠦᠷᠳᠡᠵᠦ᠂ ᠪᠦᠷ ᠶᠡᠬᠡ ᠪᠠᠶᠠᠷ ᠬᠦᠷ ᠲᠠᠢ ᠪᠠᠢᠨ᠎ᠠ᠂ ᠬᠤᠢᠰᠢᠳᠠ ᠪᠦᠬᠦ ᠭᠠᠴᠠᠭᠠᠨ᠎ᠤ ᠮᠠᠯᠴᠢᠳ ᠴᠤᠬᠭᠠᠷ ᠣᠷᠣᠯᠴᠠᠵᠤ ᠪᠦᠬᠦᠳᠡᠭᠡᠷ ᠠᠰᠢᠭ᠋ ᠬᠦᠷᠳᠡᠬᠦ᠎ᠶᠢ ᠬᠦᠰᠡᠵᠦ ᠪᠠᠢᠨ᠎ᠠ》 ᠭᠡᠵᠦ ᠬᠥᠬᠡ ᠶᠠᠷᠢᠵᠦ ᠪᠠᠢᠯ᠎ᠠ᠃

ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ 2300 ᠭᠠᠷᠤᠢ ᠲᠦᠮᠡᠨ ᠮᠦ᠍ ᠪᠠᠢᠭᠠᠯᠢᠯᠢᠭ᠋ ᠨᠤᠲᠤᠭ ᠪᠡᠯᠴᠢᠭᠡᠷ᠎ᠲᠠᠢ ᠪᠠᠢᠵᠤ᠂ ᠡᠬᠡ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠣᠭᠰᠠᠭᠠᠷ ᠢᠷᠡᠭᠰᠡᠨ ᠶᠤᠮ᠃ ᠤᠷᠲᠤ ᠬᠤᠭᠤᠴᠠᠭᠠᠨ᠎ᠤ ᠲᠤᠷᠰᠢ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ ᠬᠢᠭᠡᠳ ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠵᠢᠨ ᠬᠤᠭᠤᠷᠤᠨᠳᠤᠬᠢ ᠵᠥᠷᠢᠴᠡᠯ ᠨᠢ ᠮᠠᠯᠵᠢᠬᠤ ᠣᠷᠣᠨ᠎ᠤ ᠬᠥᠭᠵᠢᠯᠲᠡ᠎ᠶᠢ ᠬᠠᠷᠰᠢᠯᠠᠨ ᠲᠦᠪᠡᠭᠳᠡᠭᠦᠯᠵᠦ ᠪᠠᠢᠪᠠ᠃ 2024 ᠣᠨ᠎ᠤ 12 ᠰᠠᠷ᠎ᠠ᠎ᠶᠢᠨ 6᠎ᠤ ᠡᠳᠦᠷ᠂ ᠪᠥᠬᠥ ᠤᠯᠤᠰ᠎ᠤᠨ ᠤᠤᠭᠠᠨ 《ᠡᠪᠡᠰᠦᠨ ᠪᠢᠯᠧᠲ》᠎ᠢ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠳᠤ ᠠᠮᠵᠢᠯᠲᠠ ᠲᠠᠢ ᠲᠠᠷᠬᠠᠭᠠᠵᠤ᠂ ᠲᠣᠭᠠᠴᠢᠯᠠᠭᠰᠠᠨ ᠨᠤᠲᠤᠭ ᠪᠡᠯᠴᠢᠭᠡᠷ᠎ᠤᠨ ᠡᠵᠡᠩᠨᠡᠯᠲᠡ᠎ᠶᠢᠨ ᠡᠷᠬᠡ᠎ᠶᠢ ᠪᠠᠶ᠋ᠢᠭᠤᠯᠬᠤ᠎ᠪᠠᠷ ᠳᠠᠮᠵᠢᠭᠤᠯᠤᠨ᠂ 《ᠡᠬᠢ ᠪᠠᠶᠠᠯᠢᠭ᠋᠎ᠢ ᠡᠳ᠋  ᠬᠥᠷᠥᠩᠭᠡ ᠪᠣᠯᠭᠠᠨ ᠬᠤᠪᠢᠷᠠᠭᠤᠯᠵᠦ᠂ ᠡᠳ᠋ ᠬᠥᠷᠥᠩᠭᠡ᠎ᠶᠢ ᠬᠥᠷᠥᠩᠭᠡ ᠮᠦᠨᠭᠭᠦ ᠪᠣᠯᠭᠠᠨ ᠬᠤᠪᠢᠷᠠᠭᠤᠯᠵᠦ᠂ ᠬᠥᠷᠥᠩᠭᠡ ᠮᠥᠨᠭᠭᠦ ᠨᠢ ᠡᠬᠢ ᠪᠠᠶᠠᠯᠢᠭ᠋᠎ᠢ ᠭᠡᠳᠡᠷᠭᠦ ᠲᠡᠵᠢᠭᠡᠨ ᠤᠬᠵᠢᠬᠤ》ᠵᠢᠨ ᠴᠠᠭᠠᠷᠢᠬᠴᠢᠯᠠᠬᠰᠠᠨ ᠬᠥᠭᠵᠢᠯᠲᠡ᠎ᠶᠢ ᠪᠡᠶᠡᠯᠡᠭᠦᠯᠦᠭᠰᠡᠨ ᠪᠠᠢᠨ᠎ᠠ᠃ ᠦᠩᠬᠡᠷᠡᠭᠰᠡᠨ ᠨᠢᠭᠡ ᠵᠢᠯ ᠳ᠋ᠤ᠂ ᠲᠠᠷᠬᠠᠨ ᠮᠤᠤᠮᠢᠩᠭᠠᠨ ᠬᠣᠯᠪᠣᠭᠠᠲᠤ ᠬᠣᠰᠢᠭᠤ 《ᠡᠪᠡᠰᠦᠨ ᠪᠢᠯᠧᠲ》᠎ᠤᠨ ᠲᠤᠷᠰᠢᠯᠳᠠ ᠵᠢᠨ ᠴᠡᠭ᠎ᠤᠨ ᠠᠵᠢᠯ᠎ᠢ ᠴᠢᠬᠤᠯᠠᠴᠢᠯᠠᠨ ᠠᠳᠬᠤᠵᠦ᠂ ᠡᠯ᠎ᠠ ᠲᠦᠷᠤᠯ ᠎ᠤᠨ ᠦᠭᠡᠷᠡᠴᠢᠯᠡᠯᠳᠡ ᠵᠢᠨ ᠡᠭᠦᠷᠭᠡ ᠵᠢ ᠯᠠᠪᠳᠠᠭᠤᠨ ᠪᠠᠳᠤᠳᠠᠢ ᠠᠬᠢᠭᠤᠯᠵᠦ᠂ ᠢᠯᠡᠷᠭᠡᠢ ᠠᠮᠵᠢᠯᠳᠠ ᠪᠦᠳᠦᠮᠵᠢ ᠤᠯᠵᠦ᠂ ᠨᠤᠳᠤᠭ ᠪᠡᠯᠴᠢᠭᠡᠷ᠎ᠤᠨ ᠠᠮᠢ ᠠᠬᠤᠢ ᠰᠡᠷᠭᠦᠨ ᠠᠮᠢᠯᠠᠵᠦ ᠪᠦᠳᠦᠮᠵᠢᠳᠠᠢ ᠵᠠᠰᠠᠯᠳᠠ ᠤᠯᠤᠬᠰᠠᠨ ᠵᠢᠡᠷ ᠦᠯᠦ ᠪᠠᠷᠠᠮ᠂ ᠮᠠᠯᠴᠢᠳ ᠎ᠤᠨ ᠤᠷᠤᠯᠭ᠎ᠠ ᠴᠤ᠌ ᠲᠤᠬᠳᠠᠭᠤᠨ ᠨᠡᠮᠡᠭᠳᠡᠵᠦ᠂ ᠮᠠᠯᠵᠢᠬᠤ ᠤᠷᠤᠨ ᠎ᠤ ᠠᠮᠢᠳᠤᠯᠢᠭ ᠬᠦᠴᠦᠨ ᠎ᠢ ᠲᠠᠰᠤᠷᠠᠯᠳᠠ ᠦᠭᠡᠢ ᠨᠡᠮᠡᠭᠳᠡᠭᠦᠯᠦᠭᠰᠡᠨ ᠪᠠᠢᠨ᠎ᠠ᠃

ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠤᠢ ᠰᠢᠭᠤᠢ ᠨᠤᠲᠤᠭ ᠪᠡᠯᠴᠢᠭᠡᠷ᠎ᠦᠨ ᠲᠣᠪᠴᠢᠶ᠎ᠠ ᠵᠢᠨ ᠬᠠᠷᠢᠭᠤᠴᠠᠯᠭᠠᠲᠠᠨ ᠬᠡᠯᠡᠬᠦ ᠳ᠋ᠡᠭᠡᠨ᠂ ᠦᠨᠦᠳᠤᠷ ᠪᠢᠳᠡ 《ᠡᠪᠡᠰᠦᠨ ᠪᠢᠯᠧᠲ》᠎ᠤᠨ ᠠᠰᠢᠭ᠋ ᠬᠤᠪᠢᠶᠠᠷᠢᠯᠠᠬᠤ ᠬᠤᠷᠠᠯ᠎ᠢ ᠬᠤᠷᠠᠯᠳᠤᠭᠤᠯᠤᠬᠰᠠᠨ ᠨᠢ ᠳᠠᠷᠤᠢ《ᠬᠥᠬᠡᠮᠳᠦᠭ ᠠᠭᠤᠯᠠ ᠨᠤᠮᠢᠨ ᠤᠰᠤ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ》᠎ᠭᠡᠬᠦ ᠪᠠᠳᠤ ᠴᠢᠩᠭ᠎ᠠ ᠠᠮᠠᠯᠠᠯᠲᠠ᠎ᠵᠢ ᠪᠡᠶᠡᠯᠡᠭᠦᠯᠵᠦ᠂ ᠮᠠᠯᠴᠢᠳ᠎ᠲᠤ 《ᠡᠪᠡᠰᠦᠨ ᠪᠢᠯᠧᠲ》᠎ᠤᠨ ᠲᠦᠷᠢᠮ ᠎ᠤᠨ ᠠᠰᠢᠭ᠎ᠢ ᠦᠪ ᠦᠨᠡᠨᠬᠦ ᠬᠦᠷᠲᠡᠭᠡᠨ ᠤᠯᠭᠤᠵᠦ ᠪᠠᠢᠭ᠎ᠠ ᠤᠴᠢᠷ ᠪᠤᠯᠤᠨ᠎ᠠ᠃ 《ᠡᠪᠡᠰᠦᠨ ᠪᠢᠯᠧᠲ》᠎ᠤᠨ ᠳᠦᠷᠢᠮ᠎ᠦᠨ ᠥᠭᠡᠷᠡᠴᠢᠯᠡᠯᠲᠡ᠎ᠪᠤᠯ ᠨᠢᠭᠡᠨ ᠰᠢᠰᠲᠧᠮᠳᠤ ᠢᠨᠵᠧᠨᠧᠷᠢᠩ᠂ ᠡᠷᠬᠡᠪᠰᠢ ᠭᠤᠢᠪᠢᠰᠢ ᠦᠭᠡᠢ ᠪᠠᠷᠢᠮᠳᠠᠯᠠᠨ ᠲᠠᠭᠠᠮᠠᠭᠠᠢ ᠬᠡᠷᠡᠭᠵᠢᠬᠦᠯᠬᠦ ᠴᠢᠬᠤᠯᠠᠳᠠᠢ᠃ ᠪᠢᠳᠡ ᠲᠤᠰ ᠦᠭᠡᠷᠡᠴᠢᠯᠡᠯᠳᠡ ᠵᠢ ᠦᠷᠭᠦᠯᠵᠢᠯᠡᠨ ᠭᠦᠨᠵᠡᠭᠡᠢ ᠠᠬᠢᠭᠤᠯᠵᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠠᠵᠤ ᠠᠬᠤᠢ᠎ᠶᠢᠨ ᠬᠥᠭᠵᠢᠯᠲᠡ᠎ᠶᠢᠨ ᠬᠠᠮᠵᠢᠯᠴᠠᠬᠤ ᠲᠣᠭᠲᠠᠴᠠ᠎ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠨᠡᠩ ᠤᠯᠠᠨ ᠮᠠᠯᠴᠢᠳ᠎ᠲᠤ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠡᠳ᠋ᠯᠡᠭᠦᠯᠦᠨ᠎ᠡ ᠭᠡᠵᠦ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号