ᠣᠢᠷ᠎ᠠ᠎ᠶᠢᠨ ᠵᠢᠯ ᠳ᠋ᠤ ᠲᠦᠩᠯᠢᠶᠣᠣ ᠬᠤᠳᠠ᠎ᠶᠢᠨ ᠺᠠᠢ᠍ᠢᠯᠦ ᠰᠢᠶᠠᠨ ᠤᠯᠠᠭᠠᠨ ᠯᠠᠵᠤᠤ᠎ᠶᠢᠨ ᠪᠦᠬᠦ ᠠᠵᠤ ᠦᠢᠯᠡᠰ ᠦᠨ ᠬᠡᠯᠬᠢᠶ᠎ᠡ᠎ᠶᠢ ᠦᠷᠭᠦᠯᠵᠢᠯᠡᠨ ᠬᠥᠭᠵᠢᠭᠦᠯᠵᠦ᠂ ᠬᠤᠳᠠᠯᠳᠤᠨ ᠠᠪᠬᠤ᠂ ᠡᠳ᠋ᠰᠢᠭᠦᠯᠬᠦ᠂ ᠬᠥᠮᠥᠷᠭᠡᠯᠡᠬᠦ᠂ ᠭᠠᠳᠠᠭᠠᠳᠤ᠎ᠳᠤ ᠭᠠᠷᠭᠠᠬᠤ ᠵᠡᠷᠭᠡ ᠤᠯᠠᠨ ᠡᠰᠢᠲᠦ ᠡᠵᠡᠩᠨᠡᠯᠲᠡ᠎ᠶᠢᠨ ᠭᠣᠣᠯ ᠴᠣᠭᠴᠠ᠎ᠶᠢ ᠢᠳᠡᠪᠬᠢᠲᠡᠢ ᠪᠣᠢᠵᠢᠭᠤᠯᠥᠨ᠂ ᠲᠠᠷᠢᠶᠠᠨ ᠭᠠᠵᠠᠷ᠎ᠠᠴᠠ ᠵᠠᠬ᠎ᠠ ᠳᠡᠯᠭᠡᠭᠦᠷ ᠬᠦᠷᠲᠡᠯ᠎ᠡ᠂ ᠤᠯᠤᠰ ᠤᠨ ᠳᠣᠲᠣᠭᠠᠳᠤ ᠠᠴᠠ ᠭᠠᠳᠠᠭᠠᠳᠤ᠎ᠳᠤ ᠭᠠᠷᠭᠠᠬᠤ ᠬᠥᠷᠳᠡᠯᠡᠬᠢ ᠪᠣᠷᠤᠯᠠᠭᠤᠯᠭ᠎ᠠ᠎ᠶᠢᠨ ᠵᠠᠮ ᠢ ᠨᠡᠭᠡᠭᠡᠨ᠂ ᠤᠯᠠᠭᠠᠨ ᠯᠠᠵᠤᠤ ᠵᠢᠨ ᠠᠵᠤ ᠦᠢᠯᠡᠰ ᠺᠠᠢ᠍ᠢᠯᠦ ᠨᠤᠲᠤᠬ᠎ᠲᠦ ᠬᠥᠨ ᠥᠨᠳᠥᠰᠥᠯᠡᠵᠤ ᠥᠷᠨᠢᠨ ᠬᠥᠭᠵᠢᠵᠤ ᠪᠠᠢᠬᠤ ᠪᠡᠷ ᠪᠠᠷᠠᠬᠤ ᠦᠭᠡᠢ᠂ ᠤᠯᠠᠨ ᠲᠦᠮᠡᠨ᠎ᠳᠤ ᠪᠠᠶᠠᠵᠢᠨ ᠴᠢᠨᠡᠭᠡᠯᠢᠭᠵᠢᠬᠦ ᠵᠠᠮ ᠢ ᠨᠡᠭᠡᠭᠡᠵᠦ ᠦᠭᠴᠡᠢ᠃
1 ᠰᠠᠷ᠎ᠠ᠎ᠶᠢᠨ 10᠎ᠤ᠋ ᠡᠳᠦᠷ ᠰᠤᠷᠪᠤᠯᠵᠢᠯᠠᠭᠴᠢ ᠺᠠᠢᠯᠤ ᠰᠢᠶᠠᠨ᠎ᠤ ᠰᠢᠨ ᠬᠠᠢ ᠹᠧᠩ ᠬᠠᠳᠠᠭᠠᠭᠰᠠᠨ ᠤᠯᠠᠭᠠᠨ ᠯᠠᠵᠤᠤ ᠲᠠᠷᠢᠬᠤ ᠲᠤᠰᠬᠠᠢ ᠬᠤᠷᠰᠢᠶ᠎ᠠ᠎ᠳᠤ ᠬᠦᠷᠬᠦ᠎ᠳᠤ᠂ ᠬᠦᠷᠢᠶᠡᠨᠳᠤᠲᠤᠷᠠ ᠯᠠᠵᠤᠤ ᠵᠢᠨ ᠭᠤᠰᠢᠭᠤᠨ ᠦᠨᠦᠷ ᠰᠡᠩᠬᠢᠨᠡᠨ᠂ ᠳᠡᠭᠡᠭᠡᠪᠥᠷᠢ ᠵᠢᠨ ᠮᠠᠰᠢᠨ ᠰᠥᠯᠵᠢᠯᠳᠥᠨᠡ᠃ ᠠᠵᠢᠯᠴᠢᠳ ᠤᠭᠤᠲᠠ ᠲᠠᠢ ᠬᠠᠲᠠᠭᠠᠭᠰᠠᠨ ᠤᠯᠠᠭᠠᠨ ᠯᠠᠵᠤᠤ ᠶᠢ ᠳᠠᠮᠵᠢᠭᠤᠯᠬᠤ ᠪᠦᠰᠡᠨ ᠳᠡᠭᠡᠷ᠎ᠡ ᠴᠢᠳᠭᠤᠵᠤ᠂ ᠵᠢᠭᠳᠡ ᠬᠤᠷᠳᠤᠴᠠᠳᠥ ᠳᠠᠮᠵᠢᠭᠤᠯᠬᠤ ᠪᠦᠰᠡ᠎ᠪᠡᠷ ᠳᠠᠮᠵᠢᠨ᠂ ᠬᠠᠳᠠᠭᠠᠭᠰᠠᠨ ᠤᠯᠠᠭᠠᠨ ᠯᠠᠵᠤᠤ ᠵᠢᠵᠢᠭ ᠠᠭᠤᠯᠠ ᠰᠢᠬ ᠣᠪᠣᠭᠠᠯᠠᠬᠳᠠᠨ᠂ ᠲᠥᠪᠯᠡᠷᠡᠭᠦᠯᠦᠨ ᠬᠠᠳᠠᠭᠠᠯᠠᠬᠤ᠎ᠳᠤ ᠪᠡᠯᠡᠳᠭᠡᠵᠦ ᠪᠠᠢᠬᠤ᠎ᠪᠠᠷ ᠪᠠᠷᠠᠬᠤ ᠦᠭᠡᠢ᠂ ᠪᠠᠰᠠ ᠡᠯ᠎ᠡ ᠭᠠᠵᠠᠷ᠎ᠤᠨ ᠬᠤᠳᠠᠯᠳᠤᠭᠠᠴᠢᠨ ᠲᠤᠬᠠᠢ᠎ᠶᠢᠨ ᠲᠠᠯᠠᠪᠠᠢ ᠳ᠋ᠤ ᠶᠠᠰᠤ ᠴᠢᠨᠠᠷ᠎ᠢ ᠪᠠᠢᠴᠠᠭᠠᠨ ᠰᠢᠯᠭᠠᠬᠤ᠂ ᠬᠤᠳᠠᠯᠳᠤᠨ ᠠᠪᠬᠤ ᠶᠢ ᠵᠥᠪᠳᠡᠯᠴᠡᠬᠦ᠎ᠳᠦ ᠲᠦᠭᠦᠮ ᠦᠵᠡᠭᠦᠯᠵᠤ ᠪᠠᠢᠪᠠ᠃ ᠯᠠᠵᠤᠤ ᠵᠢᠨ ᠦᠨ᠎ᠡ ᠵᠠᠰᠠᠭ᠍ᠴᠢ ᠰᠢᠶᠣᠣ ᠶᠦᠩ ᠮᠧᠢ ᠪᠦᠬᠦ ᠶᠠᠪᠤᠴᠠ ᠶᠢ ᠰᠠᠬᠢᠨ ᠬᠠᠷᠠᠵᠤ᠂ ᠪᠠᠷᠠᠭ᠎ᠠ ᠪᠠᠭᠤᠯᠭᠠᠬᠤ᠂ ᠬᠤᠳᠠᠯᠳᠤᠬᠤ ᠵᠡᠷᠭᠡ ᠡᠯ᠎ᠡ ᠭᠣᠭᠴᠣᠭ᠎ᠠ ᠶᠢ ᠴᠢᠩᠭ᠎ᠠ ᠠᠩᠬᠠᠷᠥᠨ ᠡᠵᠡᠮᠳᠡᠵᠤ ᠪᠠᠢᠯ᠎ᠠ᠃
《ᠪᠢ ᠡᠨᠡ ᠠᠵᠢᠯ ᠢ ᠬᠢᠭᠡᠳ ᠨᠢᠭᠡᠨᠲᠡ ᠠᠷᠪᠠᠭᠠᠳ ᠵᠢᠯ ᠪᠣᠯᠵᠤ ᠪᠤᠢ᠂ ᠰᠢᠨ᠎ᠡ ᠰᠤᠷᠭᠤᠬ ᠯᠠᠵᠤᠤ᠂ ᠬᠠᠳᠠᠭᠠᠭᠰᠠᠨ ᠯᠠᠵᠤᠤ᠎ᠶᠢ ᠪᠦᠷ ᠬᠤᠳᠠᠯᠳᠤᠨ ᠠᠪᠴᠥ ᠬᠤᠷᠢᠶᠠᠨ᠎ᠠ᠂ ᠡᠢᠨᠬᠦ ᠲᠠᠷᠢᠶᠠᠴᠢᠳ ᠥᠪᠡᠷ᠎ᠢᠶᠡᠨ ᠪᠣᠷᠣᠯᠠᠭᠤᠯᠬᠤ ᠵᠠᠮ ᠡᠷᠢᠵᠦ ᠦᠨ᠎ᠡ ᠬᠡᠯᠡᠯᠴᠡᠬᠦ ᠬᠡᠷᠡᠭ ᠦᠭᠡᠢ᠂ ᠰᠠᠨᠠᠭ᠎ᠠ ᠠᠮᠤᠷ ᠪᠦᠭᠡᠳ ᠵᠣᠭᠣᠰ᠎ᠢᠶᠠᠨ ᠴᠦ᠍ ᠲᠦᠷᠭᠡᠨ ᠬᠠᠷᠮᠠᠯᠠᠴᠢᠬᠠᠨᠠ᠂ ᠣᠲᠣ᠌ ᠪᠥᠬᠥ ᠰᠢᠶᠠᠨ᠎ᠤ ᠯᠠᠵᠤᠤ ᠵᠢᠨ ᠠᠵᠤ ᠦᠢᠯᠡᠰ᠎ᠦᠨ ᠬᠥᠭᠵᠢᠯᠲᠡ ᠤᠯᠠᠮ᠎ᠠᠴᠠ ᠤᠯᠠᠮ ᠰᠠᠢᠨ ᠪᠣᠯᠵᠤ᠂ ᠪᠢᠳᠡ ᠴᠥᠮ ᠳᠡᠭᠥᠨ ᠡᠴᠡ ᠠᠰᠢᠭ᠋ ᠬᠦᠷᠲᠡᠵᠤ ᠪᠠᠢᠨ᠎ᠠ》 ᠭᠡᠵᠤ ᠰᠢᠶᠣᠣ ᠶᠦᠩ ᠮᠧᠶ ᠪᠠᠶᠠᠷᠯᠠᠨ ᠬᠡᠯᠡᠵᠦ ᠪᠠᠢᠯ᠎ᠠ᠃
ᠲᠤᠬᠠᠢ᠎ᠶᠢᠨ ᠭᠠᠵᠠᠷ᠎ᠤᠨ ᠬᠠᠳᠠᠭᠠᠭᠰᠠᠨ ᠤᠯᠠᠭᠠᠨ ᠯᠠᠵᠤᠤ ᠬᠤᠳᠠᠯᠳᠤᠨ ᠠᠪᠬᠤ᠂ ᠬᠠᠳᠠᠭᠠᠯᠠᠵᠤ ᠵᠥᠭᠡᠭᠡᠪᠦᠷᠢᠯᠡᠬᠦ ᠡᠵᠡᠩᠨᠡᠯᠲᠡ᠎ᠶᠢᠨ ᠭᠣᠣᠯ ᠴᠣᠭᠴᠠ᠎ᠶᠢᠨ ᠨᠢᠭᠡ ᠪᠣᠯᠤᠭᠰᠠᠨ᠎ᠤ ᠬᠤᠪᠢ᠎ᠳᠤ᠂ ᠺᠠᠢᠯᠤ ᠰᠢᠶᠠᠨ᠎ᠤ ᠰᠢᠨ ᠬᠠᠢ ᠹᠧᠩ ᠬᠠᠳᠠᠭᠠᠭᠰᠠᠨ ᠤᠯᠠᠭᠠᠨ ᠯᠠᠵᠤᠤ ᠲᠠᠷᠢᠬᠤ ᠲᠤᠰᠬᠠᠢ ᠬᠤᠷᠰᠢᠶ᠎ᠠ ᠨᠢᠭᠡ ᠲᠠᠯ᠎ᠠ᠎ᠪᠠᠷ ᠲᠦᠭ ᠲᠥᠮᠡᠨ ᠯᠠᠵᠤᠤ ᠲᠠᠷᠢᠵᠤ ᠪᠠᠢᠭ᠎ᠠ ᠲᠠᠷᠢᠶᠠᠴᠢᠨ ᠡᠷᠥᠭᠡ ᠪᠣᠯᠣᠨ ᠯᠠᠵᠤᠤ ᠵᠢᠨ ᠥᠨ᠎ᠡ ᠵᠠᠰᠠᠬᠴᠢ᠎ᠲᠠᠢ ᠰᠢᠭᠤᠳ ᠬᠠᠷᠢᠯᠴᠠᠬᠤ ᠵᠢᠨ ᠬᠠᠮᠳᠤ᠂ ᠨᠦᠭᠦᠭᠡ ᠲᠠᠯ᠎ᠠ᠎ᠪᠠᠷ ᠪᠦᠬᠦ ᠤᠯᠤᠰ᠎ᠤᠨ ᠡᠯ᠎ᠡ ᠭᠠᠵᠠᠷ᠎ᠤᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠯᠠᠯ᠎ᠲᠠᠢ ᠵᠣᠯᠭᠠᠭᠤᠯᠵᠤ᠂ ᠲᠣᠭᠲᠠᠪᠤᠷᠢᠲᠠᠢ ᠬᠤᠳᠠᠯᠳᠤᠨ ᠠᠪᠬᠤ ᠦᠨ᠎ᠡ ᠪᠣᠯᠣᠨ ᠪᠣᠯᠪᠠᠰᠤᠷᠠᠩᠭᠤᠢ ᠬᠠᠳᠠᠭᠠᠯᠠᠵᠤ ᠵᠥᠭᠡᠭᠡᠪᠦᠷᠢᠯᠡᠬᠦ ᠰᠢᠰᠲᠧᠮ᠎ᠳᠦ ᠲᠦᠰᠢᠭᠯᠡᠨ᠂ ᠯᠠᠵᠤᠤ ᠲᠠᠷᠢᠵᠤ ᠪᠠᠢᠭ᠎ᠠ ᠲᠠᠷᠢᠶᠠᠴᠢᠨ ᠪᠣᠯᠣᠨ ᠥᠨ᠎ᠠ ᠵᠠᠰᠠᠬᠴᠢ᠎ᠶᠢᠨ ᠬᠠᠮᠤᠭ᠎ᠤᠨ ᠨᠠᠢᠳᠠᠪᠤᠷᠢᠲᠠᠢ 《ᠠᠷᠤ ᠲᠥᠰᠢᠭ》 ᠪᠣᠯᠵᠤ ᠪᠤᠢ᠃
《ᠮᠠᠨ ᠤ ᠬᠤᠷᠰᠢᠶ᠎ᠠ ᠭᠣᠣᠯᠳᠠᠭᠤ ᠯᠠᠵᠤᠤ ᠵᠢ ᠵᠠᠬᠢᠶᠠᠯᠠᠨ ᠲᠠᠷᠢᠭᠤᠯᠬᠤ᠂ ᠯᠠᠵᠤᠤ ᠬᠤᠳᠠᠯᠳᠤᠨ ᠠᠪᠬᠤ᠂ ᠬᠦᠢᠲᠡᠨ᠎ᠢᠶᠡᠷ ᠬᠠᠳᠠᠭᠠᠯᠠᠬᠤ ᠪᠠᠷᠠᠭᠠᠨ᠎ᠤ ᠭᠦᠢᠯᠭᠡᠭᠡᠨ᠎ᠦ ᠦᠢᠯᠡᠴᠢᠯᠡᠭᠡ ᠬᠠᠩᠭᠠᠬᠤ᠎ᠪᠠᠷ ᠭᠣᠣᠯ ᠪᠣᠯᠭᠠᠵᠤ᠂ ᠵᠢᠯ᠎ᠳᠤ 6000 ᠲᠣᠨ ᠣᠷᠴᠢᠮ ᠰᠤᠷᠭᠤᠬ ᠯᠠᠵᠤᠤ᠂ ᠲᠦᠮᠡᠨ ᠲᠣᠨ ᠣᠷᠴᠢᠮ ᠬᠠᠳᠠᠭᠠᠬᠰᠠᠨ ᠯᠠᠵᠤᠤ ᠵᠢ ᠬᠤᠳᠠᠯᠳᠤᠨ ᠠᠪᠴᠤ ᠪᠣᠷᠣᠯᠠᠭᠤᠯᠵᠤ ᠪᠠᠢᠨ᠎ᠠ》 ᠭᠡᠵᠤ ᠺᠠᠢᠯᠤ ᠰᠢᠶᠠᠨ᠎ᠤ ᠰᠢᠨ ᠬᠠᠢ ᠹᠧᠩ ᠬᠠᠳᠠᠭᠠᠭᠰᠠᠨ ᠤᠯᠠᠭᠠᠨ ᠯᠠᠵᠤᠤ ᠳᠠᠷᠢᠬᠤ ᠲᠤᠰᠬᠠᠢ ᠬᠣᠷᠰᠢᠶ᠎ᠠ ᠵᠢᠨ ᠬᠠᠷᠢᠭᠤᠴᠠᠯᠭᠠᠲᠠᠨ ᠦ᠋ ᠬᠠᠢ ᠹᠧᠩ ᠲᠠᠨᠢᠯᠴᠠᠭᠤᠯᠤᠨ᠎ᠠ᠃ ᠬᠣᠷᠰᠢᠶ᠎ᠠ ᠡᠴᠡ ᠬᠤᠳᠠᠯᠳᠤᠨ ᠠᠪᠤᠬᠰᠠᠨ ᠰᠢᠨ᠎ᠡ ᠰᠣᠷᠭᠣᠭ ᠯᠠᠵᠤᠤ ᠪᠠᠨ ᠭᠣᠣᠯᠳᠠᠭᠤ ᠲᠢᠶᠠᠨᠵᠢᠨ ᠬᠣᠲᠠ᠎ᠶᠢᠨ ᠬᠡᠳᠦᠨ ᠯᠠᠵᠤᠤ᠎ᠶᠢᠨ ᠵᠢᠶᠠᠩ ᠡᠳ᠋ᠰᠢᠭᠥᠯᠬᠥ ᠦᠢᠯᠡᠳᠪᠦᠷᠢ᠎ᠳᠦ ᠪᠣᠷᠣᠯᠠᠭᠤᠯᠵᠤ ᠪᠣᠶ᠃ ᠬᠠᠳᠠᠭᠠᠬᠰᠠᠨ ᠯᠠᠵᠤᠤ ᠪᠠᠨ ᠬᠣᠶᠠᠷ ᠵᠠᠮ ᠬᠤᠪᠢᠶᠠᠨ ᠪᠣᠷᠣᠯᠠᠭᠤᠯᠤᠨ᠎ᠠ᠂ ᠨᠢᠭᠡ ᠬᠡᠰᠡᠭ᠎ᠢ ᠨᠢ ᠭᠢᠷᠢᠨ᠂ ᠱᠠᠨᠳᠦ᠋ᠩ᠂ ᠾᠧᠨᠠᠨ᠂ ᠾᠧᠪᠧᠢ ᠵᠡᠷᠭᠡ ᠭᠠᠵᠠᠷ᠎ᠤᠨ ᠬᠤᠳᠠᠯᠳᠤᠭᠠᠴᠢᠳ ᠲᠦ᠍ ᠪᠤᠷᠤᠯᠠᠭᠤᠯᠥᠨ᠂ ᠬᠤᠳᠠᠯᠳᠤᠭᠠᠴᠢᠳ ᠪᠠᠷᠠᠭ᠎ᠠ᠎ᠶᠢ ᠦᠵᠡᠭᠡᠳ ᠥᠨ᠎ᠡ ᠲᠤᠬᠳᠠᠬᠰᠠᠨᠤ ᠳᠠᠷᠠᠭ᠎ᠠ ᠰᠢᠭᠤᠳ ᠳᠡᠭᠡᠭᠡᠪᠥᠷᠢᠯᠡᠨ ᠠᠪᠠᠴᠢᠨ᠎ᠠ᠂ ᠨᠥᠭᠥᠭᠡ ᠬᠡᠰᠡᠭ᠎ᠢ ᠨᠢ ᠪᠠᠷᠢᠮᠵᠢᠶᠠᠵᠢᠭᠤᠯᠤᠭᠰᠠᠨ ᠬᠦᠢᠲᠡᠨ ᠬᠡᠯᠬᠢᠶᠡᠲᠦ ᠬᠥᠮᠥᠷᠭᠡᠨ᠎ᠳᠦ ᠬᠠᠳᠠᠭᠠᠯᠠᠨ᠂ ᠡᠨᠡ ᠵᠢᠯ᠎ᠦᠨ 6 ᠰᠠᠷ᠎ᠠ ᠤᠷᠴᠢᠮ ᠵᠢᠨᠷ ᠵᠠᠬ᠎ᠠ ᠳᠡᠯᠭᠡᠭᠦᠷ᠎ᠦᠨ ᠬᠣᠭᠣᠰᠤᠨ ᠬᠤᠭᠤᠴᠠᠭᠠᠨ᠎ᠳᠤ ᠬᠤᠳᠠᠯᠳᠤᠨ᠎ᠠ᠃
ᠯᠠᠵᠤᠤ ᠬᠤᠳᠠᠯᠳᠤᠨ ᠠᠪᠬᠤ ᠬᠤᠷᠰᠢᠶ᠎ᠠ ᠵᠢᠨ ᠴᠡᠭ᠎ᠲᠦ ᠤᠯᠠᠨ ᠬᠥᠮᠥᠨ ᠴᠤᠬᠯᠠᠷᠠᠭᠠᠳ᠂ ᠬᠤᠳᠠᠯᠳᠤᠨ ᠠᠪᠬᠤ ᠪᠠ ᠪᠣᠷᠣᠯᠠᠭᠤᠯᠬᠤ ᠬᠣᠶᠠᠷ ᠲᠠᠯᠠᠪᠦᠷ ᠬᠥᠭᠵᠢᠶᠡᠨᠳᠠᠢ ᠪᠠᠢᠯ᠎ᠠ᠃ ᠯᠠᠵᠤᠤ᠎ᠶᠢᠨ ᠦᠢᠯᠡᠳᠪᠦᠷᠢ᠎ᠶᠢᠨ ᠲᠠᠰᠤᠭ᠎ᠲᠤ ᠮᠠᠰᠢᠨ ᠬᠥᠷᠴᠢᠭᠢᠨᠡᠨ ᠶᠠᠭᠠᠷᠠᠯᠳᠠᠢ ᠠᠵᠢᠯᠯᠠᠨ᠎ᠠ᠃ ᠺᠠᠢᠯᠤ ᠰᠢᠶᠠᠨ᠎ᠤ ᠵᠢᠶᠣᠣ ᠶᠠᠩ ᠢᠳᠡᠭᠡᠨ᠎ᠦ ᠬᠢᠵᠠᠭᠠᠷᠲᠤ ᠺᠣᠮᠫᠠᠨᠢ᠎ᠶᠢᠨ ᠠᠩᠬ᠎ᠠ ᠡᠳ᠋ᠰᠢᠭᠦᠯᠦᠨ ᠦᠢᠯᠡᠳᠪᠦᠷᠢᠯᠡᠬᠦ ᠲᠠᠰᠤᠭ᠎ᠲᠤ ᠬᠡᠷᠴᠢᠬᠦ ᠮᠠᠰᠢᠨ᠂ ᠬᠡᠮᠬᠡᠯᠬᠥ ᠦᠢᠯᠡᠳᠪᠦᠷᠢᠯᠡᠯ᠎ᠦᠨ ᠱᠤᠭᠤᠮ ᠪᠥᠬᠥ ᠬᠥᠴᠥᠨ ᠵᠢᠨᠷ ᠠᠵᠢᠯᠯᠠᠨ᠂ ᠬᠠᠳᠠᠭᠠᠭᠰᠠᠨ ᠤᠯᠠᠭᠠᠨ ᠯᠠᠵᠤᠤ ᠶ᠋ᠢ ᠡᠳ᠋ᠰᠢᠭᠥᠯᠵᠤ᠂ ᠠᠵᠢᠯᠴᠢᠳ ᠲᠤᠰ ᠲᠤᠰ᠎ᠤᠨ ᠠᠵᠢᠯ᠎ᠤᠨ ᠪᠠᠢᠷᠢᠨ ᠳ᠋ᠡᠭᠠᠨ ᠶᠠᠭᠠᠷᠠᠯᠳᠤᠨ᠂ ᠵᠠᠬᠢᠶᠠᠯᠠᠭ᠎ᠠ᠎ᠪᠠᠨ ᠲᠤᠰᠢᠶᠠᠬᠤ ᠪᠡᠷ ᠪᠦᠬᠦ ᠬᠦᠴᠦᠨ᠎ᠢᠶᠡᠷ ᠴᠢᠷᠮᠠᠢᠵᠤ ᠪᠠᠢᠯ᠎ᠠ᠃ ᠬᠦᠢᠲᠡᠨ ᠬᠡᠯᠬᠢᠶᠡᠲᠦ ᠬᠥᠮᠥᠷᠭᠡ᠎ᠶᠢᠨ ᠪᠠᠷᠠᠭᠠᠨ᠎ᠤ ᠭᠦᠢᠯᠭᠡᠭᠡᠨ᠎ᠦ ᠲᠣᠭᠣᠷᠢᠭ᠋᠎ᠲᠤ ᠠᠵᠢᠯᠴᠢᠳ ᠪᠣᠭᠣᠳᠠᠯᠯᠠᠭᠰᠠᠨ ᠬᠠᠳᠠᠭᠠᠭᠰᠠᠨ ᠤᠯᠠᠭᠠᠨ ᠯᠠᠵᠤᠤ᠎ᠵᠢ ᠬᠦᠢᠲᠡᠨ ᠬᠥᠮᠥᠷᠭᠡ᠎ᠳᠦ ᠰᠢᠯᠵᠢᠭᠦᠯᠦᠨ ᠬᠠᠳᠠᠭᠠᠯᠠᠵᠤ᠂ ᠳᠠᠬᠢᠨ ᠬᠦᠢᠲᠡᠨ ᠬᠡᠯᠬᠢᠶᠡᠲᠦ ᠬᠥᠢᠯᠭᠡᠭᠡᠨ᠎ᠤ ᠬᠡᠯᠪᠡᠷᠢ᠎ᠪᠡᠷ ᠭᠠᠳᠠᠭᠠᠳᠤ᠎ᠶᠢᠨ ᠵᠠᠬ᠎ᠠ ᠳᠡᠯᠭᠡᠭᠦᠷ᠎ᠲᠦ ᠭᠠᠷᠭᠠᠬᠤ ᠪᠡᠷ ᠪᠡᠯᠡᠳᠭᠡᠵᠤ ᠪᠠᠢᠪᠠ᠃
ᠸᠠᠩ ᠬᠣᠩ ᠷᠦᠢ ᠪᠣᠯ ᠺᠣᠮᠫᠠᠨᠢ᠎ᠶᠢᠨ ᠮᠠᠰᠢᠨ ᠲᠥᠬᠦᠭᠡᠷᠦᠮᠵᠢ᠎ᠶᠢ ᠰᠡᠯᠪᠢᠨ ᠵᠠᠰᠠᠬᠤ ᠠᠵᠢᠯᠴᠢᠨ ᠪᠤᠯᠤᠨ᠎ᠠ᠂ ᠲᠡᠷᠡ ᠶᠠᠭ ᠬᠥᠯᠳᠡᠭᠡᠬᠦ ᠬᠥᠮᠥᠷᠭᠡ᠎ᠶᠢᠨ ᠬᠥᠯᠳᠡᠭᠡᠬᠦ ᠮᠠᠰᠢᠨ᠎ᠤ ᠠᠵᠢᠯᠯᠠᠭᠠᠨ᠎ᠤ ᠶᠠᠪᠤᠴᠠ ᠵᠢ ᠨᠠᠷᠢᠨ ᠪᠠᠢᠴᠠᠭᠠᠵᠤ᠂ ᠲᠥᠬᠦᠭᠡᠷᠦᠮᠵᠢ᠎ᠶᠢᠨ ᠲᠣᠭᠲᠠᠭᠤᠨ᠎ᠢᠶᠠᠷ ᠠᠵᠢᠯᠯᠠᠬᠤ᠎ᠶᠢ ᠪᠠᠲᠤᠯᠠᠨ᠂ ᠬᠦᠯᠳᠡᠭᠡᠭᠰᠡᠨ ᠬᠠᠳᠠᠭᠠᠬᠰᠠᠨ ᠤᠯᠠᠭᠠᠨ ᠯᠠᠵᠤᠤ᠎ᠶᠢᠨ ᠶᠠᠰᠤ ᠴᠢᠨᠠᠷ᠎ᠢ ᠪᠠᠲᠤᠯᠠᠵᠤ ᠪᠠᠢᠪᠠ᠃ 《ᠲᠠᠷᠢᠶᠠᠨ ᠠᠵᠢᠯ᠎ᠤᠨ ᠰᠡᠯᠡᠭᠦᠦ ᠴᠠᠭ᠎ᠲᠤ ᠡᠨᠳᠡ ᠢᠷᠡᠭᠡᠳ ᠮᠠᠰᠢᠨ ᠲᠥᠬᠦᠭᠡᠷᠦᠮᠵᠢ᠎ᠶᠢ ᠰᠡᠯᠪᠢᠨ ᠵᠠᠰᠠᠬᠤ᠂ ᠠᠷᠠᠴᠢᠯᠠᠬᠤ ᠠᠵᠢᠯ᠎ᠢ ᠬᠢᠳᠡᠭ᠂ ᠵᠢᠯ᠎ᠳᠦ 5 ᠡᠴᠡ 6 ᠲᠦᠮᠡᠨ ᠲᠥᠭᠥᠷᠢᠭ᠎ᠦᠨ ᠣᠷᠣᠯᠭ᠎ᠠ ᠤᠯᠴᠢᠬᠠᠨ᠎ᠠ》 ᠭᠡᠵᠦ ᠸᠠᠩ ᠬᠣᠩ ᠷᠦᠢ ᠬᠡᠯᠡᠨ᠎ᠡ᠃
ᠸᠠᠩ ᠬᠣᠩ ᠷᠦᠢ ᠲᠠᠢ ᠠᠳᠠᠯᠢ ᠪᠡᠷᠤᠯᠠᠭᠠᠨ ᠯᠠᠵᠤᠤ᠎ᠶᠢᠨ ᠠᠵᠤ ᠦᠢᠯᠡᠰ᠎ᠦᠨ ᠬᠡᠯᠬᠢᠶᠡᠨ ᠳᠡᠭᠡᠷ᠎ᠡ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠭ᠍ᠰᠠᠳᠤᠨ ᠳᠤᠲᠤᠷ᠎ᠠ ᠲᠦᠩᠯᠢᠶᠣᠣ ᠬᠤᠳᠠ᠎ᠶᠢᠨ ᠵᠢᠢ ᠵᠧ ᠠᠷᠠᠯᠵᠢᠶᠠᠨ᠎ᠤ ᠬᠢᠵᠠᠭᠠᠷᠲᠤ ᠺᠣᠮᠫᠠᠨᠢ᠎ᠶᠢᠨ ᠠᠴᠢᠵᠤ ᠪᠠᠭᠤᠯᠭᠠᠬᠤ ᠠᠩᠭᠢ᠎ᠶᠢᠨ ᠳᠠᠷᠤᠭ᠎ᠠ ᠲᠠᠩ ᠬᠤᠧᠠ ᠪᠦᠦᠴᠦ ᠪᠠᠬᠳᠠᠨ᠎ᠠ᠃ ᠲᠡᠷᠡ 20 ᠰᠢᠬᠠᠮ ᠬᠥᠮᠥᠨ᠎ᠲᠠᠢ ᠠᠴᠢᠵᠤ ᠪᠠᠭᠤᠯᠭᠠᠬᠤ ᠠᠩᠭᠢ ᠪᠠᠢᠭᠤᠯᠵᠠᠢ᠃ ᠠᠩᠬᠢ ᠵᠢᠨ ᠭᠡᠰᠢᠭᠦᠳ ᠨᠢ ᠪᠦᠷ ᠡᠷᠬᠢᠨ ᠲᠣᠭᠣᠷᠢᠨ᠎ᠤ ᠠᠢᠯ ᠲᠣᠰᠬᠣᠨ᠎ᠤ ᠬᠥᠮᠥᠰ ᠵᠢᠨᠷ ᠪᠥᠷᠢᠯᠳᠥᠨ᠂ ᠤᠯᠠᠨ᠎ᠢᠶᠠᠷ ᠵᠢᠡᠨ ᠲᠡᠭᠦᠨ᠎ᠢ ᠲᠠᠭᠠᠵᠤ ᠵᠢᠯ ᠲᠤᠷᠰᠢ ᠠᠵᠤ ᠠᠬᠤᠢᠯᠠᠯ᠎ᠳᠤ ᠠᠷᠰᠠᠷ ᠠᠵᠢᠯ ᠬᠢᠭᠡᠳ ᠯᠠᠪᠳᠠᠭᠤᠨ ᠲᠣᠭᠲᠠᠭᠤᠨ ᠣᠷᠣᠯᠭ᠎ᠠ᠎ᠪᠠᠨ ᠨᠡᠮᠡᠭᠳᠡᠭᠦᠯᠬᠦ ᠵᠠᠮ᠎ᠢ ᠨᠡᠭᠡᠭᠡᠭᠰᠡᠨ ᠪᠠᠢᠯ᠎ᠠ᠃
《ᠡᠨᠡ ᠵᠢᠯ ᠪᠢ ᠭᠠᠵᠠᠷ ᠲᠠᠷᠢᠶ᠎ᠠ ᠪᠠᠨ ᠪᠥᠬᠥᠨ᠎ᠢ ᠪᠤᠰᠤᠳ᠎ᠢᠶᠡᠷ ᠡᠵᠡᠩᠨᠡᠬᠦᠯᠵᠡᠢ᠃ ᠵᠢᠯ ᠲᠤᠷᠰᠢ ᠬᠦᠢᠲᠡᠨ ᠬᠥᠮᠥᠷᠭᠡᠨ᠎ᠳᠦ ᠬᠥᠴᠥ ᠶᠠᠪᠤᠵᠤ᠂ ᠤᠯᠠᠭᠠᠨ ᠯᠠᠵᠤᠤ ᠬᠥᠮᠥᠷᠭᠡᠯᠡᠬᠦ᠂ ᠣᠪᠣᠭᠠᠯᠠᠬᠤ᠂ ᠬᠥᠮᠥᠷᠭᠡᠨ᠎ᠡᠴᠡ ᠭᠠᠷᠭᠠᠬᠤ᠂ ᠲᠡᠷᠭᠡᠨ᠎ᠳᠦ ᠲᠡᠭᠡᠭᠡᠬᠦ ᠮᠡᠲᠦ ᠵᠢᠨ ᠠᠵᠢᠯ᠎ᠢ ᠬᠢᠵᠦ ᠪᠠᠢᠨ᠎ᠠ᠂ ᠡᠢᠨᠬᠦ ᠮᠠᠨᠤᠰ ᠭᠡᠷ ᠤᠨ ᠠᠵᠢᠯ ᠵᠢᠨᠨ ᠰᠠᠭᠠᠳᠠᠭᠠᠬᠤ ᠥᠭᠡᠢ ᠪᠡᠷ ᠵᠢᠯ᠎ᠳᠦ 7 ᠡᠴᠡ 8 ᠲᠦᠮᠡᠨ ᠲᠥᠭᠥᠷᠢᠭ ᠦᠨ ᠣᠷᠣᠯᠭ᠎ᠠ ᠤᠯᠳᠠᠬ》 ᠭᠡᠵᠤ ᠲᠡᠷᠡ ᠶᠠᠷᠢᠵᠤ ᠪᠠᠢᠯ᠎ᠠ᠃
ᠺᠠᠢᠯᠤ ᠰᠢᠶᠠᠨ ᠳᠤᠮᠳᠠᠳᠤ ᠤᠯᠤᠰ᠎ᠤᠨ ᠢᠳᠡᠰᠢᠨ ᠨᠣᠭᠣᠭᠠᠨ᠎ᠤ ᠭᠦᠢᠯᠭᠡᠭᠡᠨ᠎ᠦ ᠨᠡᠢᠭᠡᠮᠯᠢᠭ ᠡᠴᠡ ᠤᠯᠭᠤᠭᠰᠠᠨ 《ᠳᠤᠮᠳᠠᠳᠤ ᠤᠯᠤᠰ᠎ᠤᠨ ᠬᠠᠳᠠᠭᠠᠭᠰᠠᠨ ᠤᠯᠠᠭᠠᠨ ᠯᠠᠵᠤᠤ᠎ᠶᠢᠨ ᠬᠤᠳᠠ》 ᠭᠡᠬᠦ ᠰᠠᠢᠬᠠᠨ ᠠᠯᠳᠠᠷᠲᠠᠢ᠂ ᠳᠤᠮᠳᠠᠳᠤ ᠤᠯᠤᠰ ᠤᠨ ᠤᠮᠠᠷᠠᠲᠤ ᠶᠢᠨ ᠬᠠᠮᠤᠭ᠎ᠤᠨ ᠲᠣᠮᠣ᠌ ᠰᠢᠶᠠᠨ᠎ᠤ ᠬᠡᠪᠴᠢᠶᠡᠨ᠎ᠦ ᠬᠠᠳᠠᠭᠠᠭᠰᠠᠨ ᠤᠯᠠᠭᠠᠨ ᠯᠠᠵᠤᠤ᠎ᠶᠢ ᠦᠢᠯᠡᠳᠪᠦᠷᠢᠯᠡᠵᠦ ᠪᠣᠷᠤᠯᠠᠭᠤᠯᠬᠤ ᠲᠥᠪᠯᠡᠷᠡᠭᠦᠯᠦᠨ ᠲᠠᠷᠬᠠᠭᠠᠬᠤ ᠭᠠᠵᠠᠷ᠂ ᠤᠯᠤᠰ᠎ᠤᠨ ᠲᠡᠰ᠎ᠤᠨ ᠭᠠᠳᠠᠭᠠᠳᠤ᠎ᠳᠤ ᠭᠠᠷᠭᠠᠬᠤ ᠤᠯᠠᠭᠠᠨ ᠯᠠᠵᠤᠤ᠎ᠶᠢᠨ ᠶᠠᠰᠤ ᠴᠢᠨᠠᠷ᠎ᠤᠨ ᠠᠮᠤᠷ ᠲᠦᠪᠰᠢᠨ᠎ᠦ ᠵᠢᠱ᠌ᠢᠶ᠎ᠡ ᠦᠵᠡᠭᠦᠯᠬᠦ ᠣᠷᠣᠨ ᠪᠣᠯᠣᠨ᠎ᠠ᠃ ᠪᠦᠬᠦ ᠰᠢᠶᠠᠨ᠎ᠤ ᠤᠯᠠᠭᠠᠨ ᠯᠠᠵᠤᠤ᠎ᠶᠢᠨ ᠵᠢᠯ ᠳᠤᠮᠳᠠᠴᠢ᠎ᠶᠢᠨ ᠲᠠᠷᠢᠬᠤ ᠲᠠᠯᠠᠪᠠᠢ ᠨᠢ 60 ᠲᠦᠮᠡᠨ ᠮᠦ᠍ ᠳ᠋ᠤ ᠬᠦᠷᠴᠦ᠂ ᠤᠨᠠᠯᠲᠠ ᠨᠢ 30 ᠳ᠋ᠦᠩᠰᠢᠭᠤᠷ ᠵᠢᠩ᠎ᠳᠦ ᠬᠦᠷᠴᠥ ᠪᠤᠢ᠃ ᠣᠳᠣᠬᠠᠨ᠎ᠳᠤ ᠪᠦᠬᠦ ᠰᠢᠶᠠᠨ ᠳ᠋ᠤ 3000 ᠭᠠᠷᠤᠢ ᠯᠠᠵᠤᠤ᠎ᠶᠢᠨ ᠥᠨ᠎ᠡ ᠵᠠᠰᠠᠬᠴᠢ᠂ 18 ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠯᠠᠯ᠂ 120 ᠭᠠᠷᠤᠢ ᠲᠠᠷᠢᠮᠠᠯ᠎ᠤᠨ ᠲᠤᠰᠬᠠᠢ ᠬᠤᠷᠰᠢᠶ᠎ᠠ᠂ 20 ᠭᠠᠳᠠᠭᠠᠳᠤ ᠭᠠᠷᠭᠠᠯᠲᠠ᠎ᠶᠢᠨ ᠠᠵᠤ ᠠᠬᠤᠢᠯᠠᠯ ᠤᠯᠠᠭᠠᠨ ᠯᠠᠵᠤᠤ᠎ᠶᠢᠨ ᠠᠵᠤ ᠦᠢᠯᠡᠰ᠎ᠦᠨ ᠬᠡᠯᠬᠢᠶᠡᠨ ᠳᠡᠭᠡᠷ᠎ᠡ ᠢᠳᠡᠪᠬᠢᠲᠡᠢ ᠠᠵᠢᠯᠯᠠᠵᠤ᠂ 5 ᠲᠦᠮᠡ ᠭᠠᠷᠤᠢ ᠬᠥᠮᠥᠨ ᠠᠵᠤ ᠦᠢᠯᠡᠰ᠎ᠦᠨ ᠬᠡᠯᠬᠢᠶᠡᠨ ᠳᠡᠭᠡᠷ᠎ᠡ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠵᠤ ᠪᠠᠢᠨ᠎ᠠ᠃