ᠰᠢᠨ᠎ᠠ᠎ᠵᠢ ᠡᠬᠦᠳᠴᠤ ᠰᠢᠭᠤᠢᠳᠤ ᠤᠷᠤᠨ᠎ᠵᠢᠡᠨ ᠬᠠᠮᠠᠭᠠᠯᠠᠶ᠎ᠠ
2026-01-19 10:43:37
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠨᠢ ᠰᠢᠨ᠎ᠡ ᠴᠠᠭ ᠦᠶ᠎ᠠ᠎ᠵᠢᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠵᠠᠢᠯᠠᠰᠢ ᠦᠭᠡᠢ ᠰᠣᠩᠭᠣᠯᠲᠠ ᠪᠤᠯᠪᠡ


ᠥᠪᠥᠷ ᠮᠣᠩᠭᠣᠯ ᠤ᠋ᠨ ᠶᠡᠬᠡ ᠬᠢᠩᠭᠠᠨ ᠳᠠᠪᠠᠭ᠎ᠠ ᠵᠢᠨ ᠰᠢᠭᠤᠢᠲᠤ ᠣᠷᠣᠨ ᠤ᠋ ᠠᠮᠢ ᠠᠬᠤᠢ ᠵᠢᠨ ᠴᠢᠳᠠᠮᠵᠢᠲᠤ ᠣᠷᠣᠨ ᠤ᠋ ᠶᠡᠷᠦᠩᠬᠡᠢ ᠲᠠᠯᠠᠪᠠᠢ ᠨᠢ 10.67 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠲᠦ᠍ ᠬᠦᠷᠴᠦ᠂ ᠪᠣᠬᠢᠷᠲᠤᠯ ᠥᠬᠡᠢ ᠠᠮᠢ ᠠᠬᠤᠢ ᠵᠢᠨ ᠴᠢᠬᠤᠯᠠ ᠬᠠᠯᠬᠠᠪᠴᠢ ᠪᠣᠯᠤᠭᠰᠠᠨ ᠨᠢ ᠳᠠᠮᠵᠢᠭ ᠦᠭᠡᠢ᠃ ᠢᠯᠠᠩᠭᠤᠶ᠎ᠠ᠂ ᠵᠢᠯᠣᠭᠣᠴᠢ ᠦᠭᠡᠢ ᠨᠢᠰᠬᠡᠯ ᠵᠡᠷᠭᠡ ᠣᠳᠣᠬᠢᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠠᠷᠭ᠎ᠠ ᠪᠠᠷᠢᠯ ᠢ᠋ ᠪᠦᠬᠦ ᠲᠠᠯ᠎ᠠ ᠪᠠᠷ ᠬᠡᠷᠡᠭᠯᠡᠬᠦ ᠵᠢ ᠳᠠᠭᠠᠯᠳᠤᠨ᠂ ᠡᠨᠡ ᠬᠦ᠌ ᠰᠢᠭᠤᠢᠲᠤ ᠣᠷᠣᠨ ᠤ᠋ ᠬᠠᠮᠠᠭᠠᠯᠠᠯᠲᠠ ᠵᠢᠨ ᠠᠵᠢᠯ ᠨᠢ ᠳᠠᠪᠠᠯᠳᠠᠳᠤ ᠴᠢᠨᠠᠷᠳᠠᠢ ᠳᠡᠭᠡᠭᠰᠢᠯᠡᠯᠲᠡ ᠵᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠴᠡ ᠣᠯᠭᠣᠭᠰᠠᠨ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ ᠵᠢᠨ ᠦᠷ᠎ᠡ ᠪᠦᠲᠦᠮᠵᠢ ᠨᠢ ᠨᠡᠩ ᠲᠤᠪᠤᠢᠮ᠎ᠠ ᠪᠤᠯᠵᠠᠢ᠃

ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠨᠢ ᠨᠢᠭᠡᠳᠦᠭᠡᠷ ᠦᠢᠯᠡᠳᠪᠦᠷᠢᠯᠡᠯ ᠤ᠋ᠨ ᠬᠦᠴᠦᠨ ᠭᠡᠳᠡᠭ ᠪᠤᠯ ᠰᠢᠨ᠎ᠠ᠎ᠵᠢ ᠡᠭᠦᠳᠭᠦ ᠨᠢ ᠨᠢᠭᠡᠳᠦᠭᠡᠷ ᠬᠦᠳᠡᠯᠭᠡᠭᠴᠢ ᠬᠦᠴᠦᠨ ᠭᠡᠯᠳᠠᠢ᠃ ᠪᠦᠷᠢᠳᠬᠡᠯ ᠢ᠋ ᠦᠨᠳᠦᠰᠦᠯᠡᠪᠡᠯ᠂ ᠵᠢᠯᠣᠭᠣᠴᠢ ᠦᠭᠡᠢ ᠨᠢᠰᠬᠡᠯ ᠢ᠋ ᠬᠠᠮᠠᠭᠠᠯᠠᠯᠳᠠ ᠳ᠋ᠤ᠌ ᠭᠡᠷᠡᠭᠯᠡᠭᠰᠡᠨ᠎ᠠ᠋ᠴᠠ ᠨᠡᠭᠠᠰᠢ᠂ ᠶᠡᠭᠡ ᠬᠢᠩᠭᠠᠨ ᠳᠠᠪᠠᠭ᠎ᠠ ᠵᠢᠨ ᠡᠳᠦᠷ ᠲᠤᠲᠤᠮ ᠤ᠋ᠨ ᠲᠣᠭᠣᠷᠢᠨ ᠬᠠᠮᠠᠭᠠᠯᠠᠬᠤ ᠦᠷ᠎ᠡ ᠪᠦᠲᠦᠮᠵᠢ ᠨᠢ ᠤᠤᠯ ᠡᠴᠡ ᠪᠠᠨ 8 ᠳᠠᠬᠢᠨ ᠢᠯᠡᠭᠦᠦ ᠳᠡᠭᠡᠭᠰᠢᠯᠡᠵᠡᠢ;2025 ᠣᠨ ᠳ᠋ᠤ᠌᠂ ᠬᠠᠷᠢᠶ᠎ᠠ ᠣᠷᠣᠨ ᠤ᠋ ᠬᠠᠤᠯᠢ ᠪᠤᠰᠤ ᠪᠠᠷ ᠠᠩ ᠠᠩᠨᠠᠬᠤ ᠡᠷᠡᠭᠦᠦ ᠵᠢᠨ ᠬᠡᠷᠡᠭ ᠠᠳᠠᠯᠢ ᠬᠤᠭᠤᠴᠠᠭᠠᠨ ᠤ᠋ ᠬᠢ᠎ᠡᠴᠡ 41% ᠪᠡᠷ ᠪᠠᠭᠤᠷᠠᠪᠠ᠃

ᠥᠪᠥᠷ ᠮᠣᠩᠭᠣᠯ ᠤ᠋ᠨ ᠶᠡᠬᠡ ᠬᠢᠩᠭᠠᠨ ᠳᠠᠪᠠᠭ᠎ᠠ ᠵᠢᠨ ᠰᠢᠭᠤᠢᠳᠤ ᠤᠷᠤᠨ ᠤ᠋ ᠬᠠᠮᠠᠭᠠᠯᠠᠯᠳᠠ ᠳ᠋ᠤ ᠣᠳᠣᠬᠢᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠠᠷᠭ᠎ᠠ ᠪᠠᠷᠢᠯ ᠢ᠋ ᠬᠡᠷᠡᠭᠯᠡᠭᠦ ᠵᠢ ᠳᠠᠭᠠᠯᠳᠤᠨ᠂ 《ᠣᠭᠲᠠᠷᠭᠤᠢ ᠡᠴᠡ ᠴᠠᠭᠳᠠᠨ ᠪᠠᠢᠴᠠᠭᠠᠬᠤ + ᠭᠠᠵᠠᠷ ᠤ᠋ᠨ ᠭᠠᠳᠠᠷᠭᠤ ᠡᠴᠡ ᠰᠢᠢᠳᠪᠦᠷᠢᠯᠡᠬᠦ》 ᠪᠤᠰᠤᠭ᠎ᠠ ᠴᠤᠭᠴᠠᠳᠤ ᠬᠠᠮᠠᠭᠠᠯᠠᠯᠲᠠ ᠵᠢᠨ ᠰᠢᠰᠲ᠋ᠸᠮ ᠢ᠋ ᠪᠠᠢᠭᠤᠯᠬᠤ᠂ 《ᠬᠠᠷᠰᠢ ᠦᠭᠡᠢ ᠠᠵᠢᠭᠯᠠᠯᠲᠠ》 ᠶ᠋ᠢᠨ ᠠᠷᠭ᠎ᠠ ᠪᠡᠷ ᠠᠮᠢᠳᠤ ᠪᠣᠳᠠᠰ ᠤ᠋ᠨ ᠣᠯᠠᠨ ᠶᠠᠩᠵᠤᠳᠤ ᠴᠢᠨᠠᠷ ᠢ᠋ ᠬᠢᠨᠠᠨ ᠬᠡᠮᠵᠢᠬᠦ ᠵᠡᠷᠭᠡ ᠨᠢ ᠠᠮᠢ ᠠᠬᠤᠢ ᠵᠢᠨ ᠬᠠᠮᠠᠭᠠᠯᠠᠯᠳᠠ ᠳ᠋ᠤ ᠦᠪᠡᠷᠮᠢᠴᠡ ᠦᠢᠯᠡᠳᠦᠯ ᠦᠵᠡᠭᠦᠯᠵᠤ᠂ ᠬᠣᠪᠣᠷ ᠴᠤᠬᠠᠭ ᠠᠮᠢᠳᠠᠨ ᠤ᠋ ᠳᠤᠬᠠᠢ ᠰᠢᠨᠵᠢᠯᠡᠬᠦ ᠤᠬᠠᠭᠠᠨᠴᠢ ᠰᠤᠳᠤᠯᠭᠠᠨ ᠵᠢᠴᠢ ᠤᠷᠴᠢᠨ ᠳᠤᠭᠤᠷᠢᠨ ᠤ᠋ ᠬᠠᠮᠠᠭᠠᠯᠠᠯᠲᠠ ᠵᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳ᠋ᠤ᠌ ᠴᠢᠬᠤᠯᠠ ᠦᠨᠳᠦᠰᠦᠯᠡᠯ ᠬᠠᠩᠭᠠᠬᠤ ᠠᠵᠢ᠃

ᠤᠳᠤ᠂ ᠠᠵᠤ ᠠᠬᠤᠢ ᠨᠡᠢᠭᠡᠮ ᠤ᠋ᠨ ᠡᠯ᠎ᠡ ᠬᠦᠷᠢᠶ᠎ᠡ ᠴᠠᠷᠠᠭ᠎ᠠ ᠳ᠋ᠡᠬᠢ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤ᠋ᠨ ᠱᠠᠭᠠᠷᠳᠠᠯᠭ᠎ᠠ ᠨᠢ ᠦᠩᠬᠡᠷᠡᠭᠰᠡᠨ ᠤ᠋ ᠬᠢ ᠡᠴᠡ ᠲᠠᠪᠠᠵᠤ᠂ ᠰᠢᠨ᠎ᠡ ᠵᠢ ᠡᠭᠦᠳᠭᠦ ᠵᠢᠨ ᠳᠤᠯᠭᠠᠭᠤᠷᠢᠯᠠᠨ ᠳᠠᠢᠴᠢᠯᠠᠬᠤ ᠴᠢᠳᠠᠪᠤᠷᠢ ᠨᠢ ᠴᠦ᠍ ᠨᠡᠩ ᠢᠯᠡᠭᠦᠦ ᠱᠠᠭᠠᠷᠳᠠᠭᠳᠠᠬᠤ ᠪᠤᠯᠵᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠨᠢ ᠰᠢᠨ᠎ᠡ ᠴᠠᠭ ᠦᠶ᠎ᠠ᠎ᠵᠢᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠵᠠᠢᠯᠠᠰᠢ ᠦᠭᠡᠢ ᠰᠣᠩᠭᠣᠯᠲᠠ ᠪᠤᠯᠵᠠᠢ ᠭᠡᠳᠡᠭ ᠢ᠋ ᠥᠪᠥᠷ ᠮᠣᠩᠭᠣᠯ ᠤ᠋ᠨ ᠶᠡᠬᠡ ᠬᠢᠩᠭᠠᠨ ᠳᠠᠪᠠᠭ᠎ᠠ ᠵᠢᠨ ᠬᠠᠮᠠᠭᠠᠯᠠᠯᠳᠠ ᠵᠢᠨ ᠦᠢᠯᠡᠳᠦᠯᠭᠡ ᠬᠠᠷᠠᠭᠤᠯᠵᠤ ᠪᠤᠢ᠃ ᠣᠳᠣ ᠦᠶ᠎ᠡ ᠵᠢᠨ ᠮᠠᠰᠢᠨ ᠳᠤᠨᠤᠭᠯᠠᠯ ᠪᠣᠯᠤᠨ ᠠᠮᠢ ᠠᠬᠤᠢ ᠵᠢᠨ ᠬᠠᠮᠠᠭᠠᠯᠠᠯᠳᠠ ᠵᠢᠨ ᠪᠣᠳᠠᠲᠤ ᠠᠵᠢᠯᠯᠠᠭᠠᠨ ᠤ᠋ ᠭᠦᠨᠵᠡᠭᠡᠢ ᠠᠭᠤᠰᠤᠯᠴᠠᠯ ᠨᠢ ᠣᠢ ᠰᠢᠭᠤᠢ ᠵᠢ ᠰᠠᠬᠢᠨ ᠬᠠᠮᠠᠭᠠᠯᠠᠬᠤ᠂ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠴᠢᠳᠠᠮᠵᠢ ᠵᠢᠨ ᠣᠳᠣᠬᠢᠴᠢᠯᠠᠯᠲᠠ ᠵᠢ ᠠᠬᠢᠭᠤᠯᠬᠤ ᠵᠡᠷᠭᠡ᠎ᠵᠢᠨ ᠠᠮᠵᠢᠯᠲᠠ ᠲᠠᠢ ᠰᠦᠪᠡᠭᠴᠢᠯᠡᠯᠲᠡ ᠪᠣᠯᠤᠭᠰᠠᠨ ᠨᠢ ᠢᠯᠡᠭᠡᠨ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号