ᠦᠪᠤᠷ ᠮᠤᠩᠭᠤᠯ ᠡᠴᠡ ᠯᠢᠶᠣᠤ ᠤᠯᠤᠰ ᠠᠯᠲᠠᠨ ᠤᠯᠤᠰ ᠤ᠋ᠨ ᠦᠶ᠎ᠡ ᠳ᠋ᠡᠬᠢ ᠸᠠᠭᠠᠷ ᠬᠢᠬᠦ᠌ ᠦᠶ᠋ᠯᠡᠳᠭᠡᠯ ᠢ᠋ ᠢᠯᠡᠷᠡᠭᠦᠯᠪᠡ
2026-01-19 10:09:15
ᠵᠣᠬᠢᠶᠠᠭ᠍ᠴᠢ᠄
​ ᠬᠦᠭᠵᠢᠯᠳᠦ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠭᠠᠨ ᠤ᠋ ᠬᠦᠷᠢᠶᠡᠯᠡᠩ ᠡᠴᠡ ᠣᠢᠯᠠᠭᠠᠭ᠍ᠰᠠᠨ ᠢ᠋ᠶ᠋ᠠᠷ᠂ ᠲᠦᠷᠦᠭᠦᠬᠡᠨ ᠮᠠᠨ ᠤ᠋ ᠤᠷᠤᠨ ᠤ᠋ ᠬᠠᠭᠤᠴᠢ ᠰᠤᠳᠤᠯᠤᠭ᠍ᠴᠢᠳ ᠤᠯᠠᠭᠠᠨᠬᠠᠳᠠ ᠬᠣᠲᠠ ᠶ᠋ᠢᠨ ᠠᠸ᠋ᠬᠠᠨ ᠬᠣᠱᠢᠭᠤᠨ ᠤ᠋ ᠡᠸ᠋ ᠠᠨ ᠵᠧᠦ ᠬᠣᠲᠠ ᠶ᠋ᠢᠨ ᠪᠠᠭᠤᠷᠢ ᠡᠴᠡ 3 ᠮᠣᠷᠢᠨ ᠲᠤᠭᠤᠷᠠᠶ ᠬᠡᠯᠪᠡᠷᠢᠲᠦ ᠤᠭᠤᠷᠭᠠᠶ ᠵᠢ ᠢᠯᠡᠷᠡᠭᠦᠯᠵᠦ᠍᠂ ᠡᠨᠡ ᠨᠢ ᠯᠢᠶᠣᠤ ᠤᠯᠤᠰ ᠠᠯᠲᠠᠨ ᠤᠯᠤᠰ ᠤ᠋ᠨ ᠦᠶ᠎ᠡ ᠳ᠋ᠡᠬᠢ ᠸᠠᠭᠠᠷ ᠬᠢᠬᠦ᠌ ᠦᠶ᠋ᠯᠡᠳᠭᠡᠯ ᠪᠤᠯᠬᠤ ᠵᠢ ᠠᠩᠬ᠎ᠠ ᠠᠯᠬᠤᠮ ᠳᠤᠳᠤᠯᠠᠪᠠ᠃

2025 ᠤᠨ ᠤ᠋ 7 ᠰᠠᠷ᠎ᠠ ᠡᠴᠡ 11 ᠰᠠᠷ᠎ᠠ ᠪᠣᠯᠲᠠᠯ᠎ᠠ᠂ ᠬᠠᠭᠤᠴᠢ ᠰᠤᠳᠤᠯᠤᠭ᠍ᠴᠢᠳ ᠣᠲᠣ ᠡᠴᠡ 1000 ᠭᠠᠷᠤᠶ ᠵᠢᠯ ᠤ᠋ᠨ ᠡᠮᠦᠨᠡᠬᠢ ᠯᠢᠶᠣᠤ ᠤᠯᠤᠰ ᠤ᠋ᠨ ᠦ᠋ ᠠᠨ ᠵᠧᠦ᠎ᠬᠣᠲᠠ ᠶ᠋ᠢᠨ ᠪᠠᠭᠤᠷᠢ ᠶ᠋ᠢᠨ ᠲᠥᠪ ᠪᠣᠯᠤᠨ ᠪᠠᠷᠠᠭᠤᠨ ᠬᠣᠲᠠ ᠶ᠋ᠢᠨ ᠬᠡᠷᠡᠮ ᠤ᠋ᠨ ᠭᠠᠳᠠᠨ᠎ᠠ ᠬᠠᠭᠤᠴᠢ ᠰᠤᠳᠤᠯᠤᠯ ᠤ᠋ᠨ ᠠᠭᠤᠳᠠᠯᠤᠨ ᠮᠠᠯᠲᠠᠬᠤ ᠠᠵᠢᠯ ᠬᠢᠵᠦ᠂ ᠮᠣᠷᠢᠨ ᠲᠤᠭᠤᠷᠠᠶ ᠶ᠋ᠢᠨ ᠬᠡᠯᠪᠡᠷᠢᠲᠦ 3 ᠤᠭᠤᠷᠭᠠᠶ ᠵᠢ ᠢᠯᠡᠷᠡᠭᠦᠯᠵᠠᠢ᠃ ᠤᠭᠤᠷᠭᠠᠶ ᠨᠢ ᠲᠦᠬᠦᠬᠡᠢ ᠸᠠᠭᠠᠷ ᠤ᠋ᠨ ᠲᠠᠰᠤᠭ᠂ ᠵᠤᠤᠬ᠎ᠠ᠂ ᠤᠳᠤᠭ᠎ᠠ ᠢᠯᠴᠢ᠎ᠶᠢᠨ ᠲᠠᠰᠤᠭ ᠢ᠋ᠶ᠋ᠠᠷ ᠪᠦᠷᠢᠯᠳᠦᠵᠦ᠂ ᠲᠦᠬᠦᠬᠡᠢ ᠸᠠᠭᠠᠷ ᠤ᠋ᠨ ᠲᠠᠰᠤᠭ ᠨᠢ ᠲᠣᠭᠣᠷᠢᠭ ᠥᠨᠴᠥᠭ᠌ᠲᠦ ᠳᠥᠷᠪᠡᠯᠵᠢᠨ ᠬᠡᠯᠪᠡᠷᠢᠲᠠᠢ᠂ ᠤᠷᠲᠤ ᠨᠢ 2.25 ᠮᠧᠲ᠋ᠷ᠂ ᠥᠷᠭᠡᠨ ᠨᠢ 2 ᠮᠧᠲ᠋ᠷ ᠪᠠᠢᠪᠠ᠃ 2025 ᠤᠨ ᠳ᠋ᠦ ᠬᠠᠭᠤᠴᠢ ᠰᠤᠳᠤᠯᠤᠭ᠍ᠴᠢᠳ ᠦ᠋ ᠠᠨ ᠵᠧᠦ ᠬᠣᠲᠠ ᠶ᠋ᠢᠨ ᠪᠠᠭᠤᠷᠢ ᠳᠡᠭᠡᠷ᠎ᠠ 500 ᠲᠡᠭ᠌ᠰᠢ ᠳᠥᠷᠪᠡᠯᠵᠢᠨ ᠮᠧᠲ᠋ᠷ ᠤ᠋ᠨ ᠮᠠᠯᠲᠠᠯᠠᠭ᠎ᠠ ᠬᠢᠵᠤ᠂ ᠬᠡᠷ ᠪᠠᠢᠱᠢᠩ ᠤ᠋ᠨ ᠪᠠᠭᠤᠷᠢ᠂ ᠦᠨᠡᠰᠦᠨ ᠨᠦᠬᠡ᠂ ᠨᠦᠬᠡᠨ ᠬᠡᠷ᠂ ᠸᠠᠭᠠᠷ ᠤ᠋ᠨ ᠠᠭᠤᠷᠬᠠᠶ ᠵᠡᠷᠭᠡ ᠦᠯᠡᠳᠡᠭ᠌ᠳᠡᠯ ᠢ᠋ 50 ᠭᠠᠷᠤᠶ ᠢᠯᠡᠷᠡᠭᠦᠯᠪᠡ᠃ ᠮᠠᠯᠲᠠᠵᠤ ᠭᠠᠷᠭᠠᠭ᠍ᠰᠠᠨ ᠦᠯᠡᠳᠡᠭ᠌ᠳᠡᠯ ᠪᠣᠳᠠᠰ ᠲᠦ᠍ ᠸᠠᠭᠠᠷ ᠰᠠᠪᠠ᠂ ᠱᠠᠭᠠᠵᠠᠩ ᠡᠳ᠋᠂ ᠴᠢᠯᠠᠭᠤᠨ ᠡᠳ᠋ᠯᠡᠯ᠂ ᠲᠡᠮᠦᠷ ᠡᠳ᠋ᠯᠡᠯ᠂ ᠶᠠᠰᠤᠨ ᠡᠳ᠋᠂ ᠭᠠᠥᠯᠢᠨ ᠬᠥᠷᠥᠭ᠂ ᠭᠠᠥᠯᠢᠨ ᠵᠣᠭᠣᠰ ᠵᠢᠴᠢ ᠬᠡᠰᠡᠭ ᠪᠠᠷᠢᠯᠭ᠎ᠠ ᠶ᠋ᠢᠨ ᠦᠯᠡᠳᠡᠭᠳᠡᠯ ᠪᠠᠭ᠍ᠲᠠᠨ᠎ᠠ᠃

 ᠬᠠᠭᠤᠴᠢ ᠰᠤᠳᠤᠯᠭᠠᠨ ᠤ᠋ ᠲᠤᠰᠭᠠᠢ ᠮᠡᠷᠭᠡᠵᠢᠯᠲᠡᠨ ᠤ᠋ ᠲᠠᠨᠢᠯᠴᠠᠭᠤᠯᠤᠭ᠍ᠰᠠᠨ ᠢ᠋ᠶ᠋ᠠᠷ᠂ ᠡᠦ ᠠᠨ ᠵᠧᠦ᠍ ᠬᠤᠳᠠ ᠶ᠋ᠢᠨ ᠪᠠᠭᠤᠷᠢ ᠶ᠋ᠢᠨ ᠭᠠᠳᠠᠨᠠᠬᠢ ᠤᠭᠤᠷᠭᠠᠢ ᠶ᠋ᠢᠨ ᠪᠠᠭᠤᠷᠢ ᠶ᠋ᠢᠨ ᠬᠡᠯᠪᠡᠷᠢ ᠪᠦᠲᠦᠴᠡ ᠪᠤᠯᠤᠨ ᠮᠠᠯᠲᠠᠵᠤ ᠭᠠᠷᠭᠠᠭ᠍ᠰᠠᠨ ᠦᠯᠡᠳᠡᠭ᠌ᠳᠡᠯ ᠪᠣᠳᠠᠰ ᠨᠢ ᠲᠣᠳᠣᠷᠬᠠᠢ ᠭᠠᠵᠠᠷ ᠤ᠋ᠨ ᠳᠠᠪᠬᠤᠷᠭ᠎ᠠ ᠶ᠋ᠢᠨ ᠳᠠᠷᠤᠯᠲᠠ ᠶ᠋ᠢᠨ ᠬᠠᠷᠢᠴᠠᠭ᠎ᠠ ᠲᠠᠶ ᠪᠠᠢᠵᠤ᠂ ᠡᠦ ᠠᠨ ᠵᠧᠦ᠍ ᠶ᠋ᠢᠨ ᠴᠠᠭ ᠦᠶ᠎ᠡ ᠵᠢ ᠢᠯᠭᠠᠨ ᠳᠤᠳᠤᠯᠠᠬᠤ ᠳ᠋ᠤ ᠮᠠᠰᠢ ᠠᠱᠢᠭ᠍ᠲᠠᠢ᠃ ᠲᠤᠰ ᠤᠳᠠᠭ᠎ᠠ ᠶ᠋ᠢᠨ ᠠᠭᠤᠳᠠᠯᠤᠯᠲᠠ ᠨᠢ ᠯᠢᠶᠣᠤ ᠤᠯᠤᠰ ᠤ᠋ᠨ ᠦᠶ᠎ᠡ ᠶ᠋ᠢᠨ ᠵᠧᠦ᠍ ᠶ᠋ᠢᠨ ᠬᠤᠳᠠ ᠶ᠋ᠢᠨ ᠵᠡᠷᠭᠡ ᠳᠡᠰ ᠤ᠋ᠨ ᠲᠦᠷᠢᠮ᠂ ᠲᠦᠷᠢᠮ ᠤ᠋ᠨ ᠣᠨᠴᠠᠯᠢᠭ ᠵᠢᠴᠢ ᠲᠤᠬᠠᠢ ᠶ᠋ᠢᠨ ᠦᠶ᠎ᠡ ᠶ᠋ᠢᠨ ᠰᠠᠭᠤᠭᠠᠯᠢ ᠠᠷᠠᠳ ᠤ᠋ᠨ ᠠᠮᠢᠳᠤᠷᠠᠯ ᠤ᠋ᠨ ᠳᠦᠷᠰᠦ ᠪᠠᠢᠳᠠᠯ᠂ ᠦᠢᠯᠡᠳᠪᠦᠷᠢᠯᠡᠯ ᠤ᠋ᠨ ᠠᠵᠢᠯᠯᠠᠭ᠎ᠠ ᠪᠣᠯᠤᠨ ᠠᠵᠤ ᠠᠬᠤᠢ ᠶ᠋ᠢᠨ ᠬᠡᠯᠪᠡᠷᠢ ᠵᠢ ᠰᠤᠳᠤᠯᠬᠤ᠎ᠳᠤ ᠪᠣᠳᠠᠲᠤ ᠮᠠᠲ᠋ᠧᠷᠢᠶᠠᠯ ᠪᠣᠯᠤᠨ ᠡᠷᠳᠡᠮ ᠱᠢᠨᠵᠢᠯᠡᠭᠡᠨ ᠤ᠋ ᠦᠨᠳᠦᠰᠦᠯᠡᠯ ᠬᠠᠩᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号