ᠥᠪᠥᠷ ᠮᠣᠩᠭᠣᠯ᠎ᠤᠨ ᠵᠡᠮᠳᠡᠭ᠌ᠴᠦᠳ᠎ᠦᠨ ᠪᠠᠲᠤᠯᠠᠭ᠎ᠠ᠎ᠶ᠋ᠢᠨ ᠠᠵᠢᠯ ᠦᠯᠡᠮᠵᠢ ᠦᠷ᠎ᠡ ᠪᠦᠲᠦᠭᠡᠯ ᠤᠯᠪᠠ
2026-01-19 10:24:43
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ 2025 ᠤᠨ᠎ᠳᠦ ᠥᠪᠥᠷ ᠮᠣᠩᠭᠣᠯ ᠵᠡᠮᠳᠡᠭ᠌ᠴᠦᠳ᠎ᠦᠨ ᠪᠠᠲᠤᠯᠠᠭ᠎ᠠ᠎ᠶ᠋ᠢᠨ ᠠᠵᠢᠯ᠎ᠢ ᠢᠳᠡᠪᠬᠢᠲᠡᠢ ᠠᠬᠢᠭᠤᠯᠵᠦ ᠪᠤᠲᠠᠲᠦ ᠦᠷ᠎ᠡ ᠪᠦᠲᠦᠮᠵᠢ ᠤᠯᠪᠠ᠃

ᠨᠥᠬᠥᠪᠥᠷᠢ ᠣᠯᠭᠣᠬᠤ ᠲᠠᠯ᠎ᠠ᠎ᠪᠠᠷ᠂ ᠵᠡᠮᠳᠡᠭ᠌ᠴᠦᠳ᠎ᠦᠨ 《ᠬᠣᠶᠠᠷ ᠵᠦᠶ᠋ᠯ᠎ᠦᠨ ᠨᠥᠬᠥᠪᠥᠷᠢ》 ᠶ᠋ᠢ ᠣᠨᠣᠪᠴᠢᠲᠠᠶ ᠨᠠᠢᠳᠠᠪᠤᠷᠢᠵᠢᠭᠤᠯᠵᠤ᠂ ᠪᠥᠬᠥ᠌ ᠵᠢᠯ᠎ᠳᠦ ᠨᠡᠢᠲᠡ 10.98 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠌ ᠲᠠᠷᠬᠠᠭᠠᠵᠤ᠂ 75.33 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠵᠦ᠍᠂ ᠵᠡᠮᠳᠡᠭ᠌ᠴᠦᠳ᠎ᠦᠨ ᠠᠮᠢᠳᠤᠷᠠᠯ᠎ᠳᠤ ᠦᠨᠡᠨ ᠬᠦ᠌ ᠪᠤᠲᠠᠲᠠᠢ ᠠᠵᠤ ᠠᠬᠤᠶ᠎ᠶ᠋ᠢᠨ ᠲᠤᠯᠭᠠᠭᠤᠷᠢᠯᠠᠯ ᠬᠠᠩᠭᠠᠪᠠ᠃ ᠳᠠᠭᠠᠳᠭᠠᠯ᠎ᠤᠨ ᠪᠠᠲᠤᠯᠠᠭ᠎ᠠ᠎ᠶ᠋ᠢᠨ ᠲᠠᠯ᠎ᠠ᠎ᠪᠠᠷ᠂ ᠪᠦᠬᠦ᠌ ᠣᠷᠣᠨ᠎ᠤ 0 - 59 ᠪᠦᠬᠦᠯᠢ ᠨᠠᠰᠤᠨ᠎ᠤ ᠦᠨᠡᠮᠯᠡᠯ᠎ᠲᠡᠶ ᠵᠡᠮᠳᠡᠭ᠌ᠴᠦᠳ᠎ᠲᠦ ᠪᠡᠶ᠎ᠡ᠎ᠶ᠋ᠢᠨ ᠡᠨᠳᠡᠯ᠎ᠦᠨ ᠳᠠᠭᠠᠳᠭᠠᠯ᠎ᠢ ᠦᠷᠭᠦᠯᠵᠢᠯᠡᠨ ᠨᠢᠭᠡᠳᠦᠯᠲᠡᠶ ᠬᠤᠳᠠᠯᠳᠤᠨ ᠠᠪᠴᠤ᠌ ᠥᠭ᠌ᠬᠦᠨ᠂ ᠵᠡᠮᠳᠡᠭ᠌ᠴᠦᠳ᠎ᠦᠨ ᠰᠠᠨᠠᠭᠠᠨ᠎ᠳᠤ ᠦᠭᠡᠶ ᠡᠨᠳᠡᠯ᠎ᠡᠴᠡ ᠪᠣᠯᠬᠤ ᠲᠦᠭ᠌ᠰᠢᠭᠦᠷᠢ᠎ᠶ᠋ᠢ ᠪᠠᠭᠤᠷᠠᠭᠤᠯᠵᠤ᠂ ᠠᠮᠢᠳᠤᠷᠠᠯ᠎ᠤᠨ ᠬᠡᠨᠡᠳᠲᠡ᠎ᠶᠢᠨ ᠬᠤᠪᠢᠷᠠᠯᠲᠠ᠎ᠵᠢ ᠠᠷᠭᠠᠴᠠᠭᠠᠬᠤ ᠴᠢᠳᠠᠪᠤᠷᠢ᠎ᠶ᠋ᠢ ᠨᠢ ᠨᠡᠮᠡᠭ᠌ᠳᠡᠭᠦᠯᠪᠡ᠃ ᠵᠡᠮᠳᠡᠭᠴᠤᠳ᠎ᠤᠨ ᠬᠡᠷ ᠪᠦᠯᠢ᠎ᠶ᠋ᠢ ᠰᠠᠭᠠᠳ ᠦᠬᠡᠢ ᠪᠤᠯᠭᠠᠨ ᠦᠭᠡᠷᠡᠴᠢᠯᠡᠨ ᠰᠢᠨᠡᠳᠭᠡᠬᠦ ᠠᠵᠢᠯ᠎ᠤᠨ ᠲᠠᠯ᠎ᠠ᠎ᠪᠠᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ 3 ᠲᠦᠮᠡᠨ ᠡᠷᠦᠬᠡ ᠬᠦᠴᠢᠷᠳᠡᠯᠲᠡᠶ ᠬᠦᠨᠳᠦ ᠵᠡᠮᠳᠡᠭ᠌ᠴᠦᠳ᠎ᠦᠨ ᠬᠡᠷ ᠪᠦᠯᠢ᠎ᠵᠢ ᠰᠠᠭᠠᠳ ᠥᠬᠡᠶ ᠪᠤᠯᠭᠠᠨ ᠥᠭᠡᠷᠡᠴᠢᠯᠡᠨ ᠰᠢᠨᠡᠳᠭᠡᠬᠦ ᠬᠠᠷᠠᠯᠲᠠ᠎ᠶ᠋ᠢ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ ᠦᠷᠭᠦᠯᠵᠢᠯᠡᠨ ᠬᠦᠴᠦᠯᠡᠵᠦ᠍᠂ 1.7 ᠲᠦᠮᠡᠨ ᠡᠷᠦᠬᠡ ᠬᠦᠨᠳᠦ ᠵᠡᠮᠳᠡᠭᠴᠤᠳ᠎ᠤᠨ ᠭᠡᠷ ᠪᠦᠯᠢ᠎ᠶᠢ ᠰᠠᠭᠠᠳ ᠦᠬᠡᠢ ᠪᠤᠯᠭᠠᠨ ᠥᠭᠡᠷᠡᠴᠢᠯᠡᠨ ᠰᠢᠨᠡᠳᠭᠡᠬᠦ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠵᠦ᠍᠂ ᠵᠡᠮᠳᠡᠭ᠌ᠴᠦᠳ᠎ᠦᠨ ᠬᠡᠷ ᠪᠦᠯᠢ᠎ᠶ᠋ᠢᠨ ᠠᠮᠢᠳᠤᠷᠠᠯ᠎ᠤᠨ ᠣᠷᠴᠢᠨ ᠲᠣᠭᠣᠷᠢᠨ᠎ᠢ ᠶᠡᠬᠡ᠎ᠪᠡᠷ ᠰᠠᠢᠵᠢᠷᠠᠭᠤᠯᠪᠠ᠃ ᠨᠠᠢᠳᠠᠨ ᠠᠰᠠᠷᠠᠭᠤᠯᠬᠤ ᠦᠶ᠋ᠯᠡᠴᠢᠯᠡᠭᠡᠨ᠎ᠦ ᠬᠦᠷᠢᠶ᠎ᠠ ᠴᠠᠷᠠᠭ᠎ᠠ᠎ᠳᠦ᠂ 《ᠨᠡᠷᠡᠨ ᠭᠡᠷᠡᠯᠲᠦ ᠬᠡᠷ ᠣᠷᠣᠨ》 ᠤ᠋ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ 1.1 ᠲᠦᠮᠡᠨ ᠬᠦᠨᠳᠦ ᠵᠡᠮᠳᠡᠭᠷᠡᠭᠰᠡᠨ ᠬᠥᠮᠦᠰ᠎ᠲᠤ ᠨᠠᠢᠳᠠᠨ ᠠᠰᠠᠷᠠᠭᠤᠯᠬᠤ ᠦᠶ᠋ᠯᠡᠴᠢᠯᠡᠭᠡ ᠬᠠᠩᠭᠠᠵᠤ᠂ ᠡᠲᠡᠭᠡᠷ ᠣᠨᠴᠠᠭᠠᠶ ᠪᠦᠯᠬᠦᠮ ᠨᠡᠢᠳᠡ ᠵᠢ ᠲᠣᠬᠢᠲᠠᠶ ᠬᠠᠷᠠᠭᠠᠯᠵᠠᠵᠤ᠂ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠨᠢ ᠳᠡᠭᠡᠭ᠌ᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号