ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠠᠩᠬᠠᠨ᠎ᠤ ᠡᠳᠦᠷ᠎ᠦᠨ ᠭᠠᠯᠲᠤ ᠲᠡᠷᠭᠡᠨ᠎ᠦ ᠪᠢᠯᠧᠲ᠎ᠢ ᠡᠨᠡ ᠡᠳᠦᠷ ᠡᠴᠡ ᠡᠬᠢᠯᠡᠨ ᠬᠤᠳᠠᠯᠳᠤᠨ᠎ᠠ
2026-01-19 15:04:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2026 ᠣᠨ᠎ᠤ ᠲᠡᠮᠦᠷ ᠵᠠᠮ᠎ᠤᠨ ᠴᠠᠭᠠᠨ ᠰᠠᠷ᠎ᠠ᠎ᠶᠢᠨ ᠵᠥᠭᠡᠭᠡᠪᠦᠷᠢ 2 ᠰᠠᠷ᠎ᠠ ᠵᠢᠨ 2 ᠎ᠤᠨ ᠡᠳᠦᠷ᠎ᠡᠴᠡ ᠡᠬᠢᠯᠡᠵᠦ 3 ᠰᠠᠷ᠎ᠠ᠎ᠶᠢᠨ 13 ᠎ᠤ ᠡᠳᠦᠷ ᠳᠠᠭᠤᠰᠴᠤ᠂ 40 ᠡᠳᠦᠷ᠎ᠦᠨ ᠬᠤᠭᠤᠴᠠᠭ᠎ᠠ᠎ᠲᠠᠢ ᠶᠠᠪᠤᠭᠳᠠᠨ᠎ᠠ᠃ ᠵᠢᠱ᠌ᠢᠯᠲᠡ ᠪᠡᠷ᠂ ᠠᠮᠠᠷᠠᠯᠲᠠ᠎ᠡᠴᠡ ᠡᠮᠦᠨᠡᠬᠢ ᠠᠶᠠᠨᠴᠢᠳ᠎ᠤᠨ ᠤᠷᠤᠰᠬᠠᠯ᠎ᠤᠨ ᠤᠷᠬᠢᠯ ᠬᠤᠭᠤᠴᠠᠭ᠎ᠠ ᠪᠤᠯ 2 ᠰᠠᠷ᠎ᠠ᠎ᠶᠢᠨ 13 ᠎ᠤ ᠡᠳᠦᠷ ᠪᠠᠢᠵᠤ᠂ ᠠᠮᠠᠷᠠᠯᠲᠠ ᠵᠢᠨ ᠳᠠᠷᠠᠭᠠᠬᠢ ᠠᠶᠠᠨᠴᠢᠳ᠎ᠤᠨ ᠤᠷᠤᠰᠬᠠᠯ᠎ᠤᠨ ᠤᠷᠬᠢᠯ ᠬᠤᠭᠤᠴᠠᠭ᠎ᠠ ᠪᠤᠯ 2 ᠰᠠᠷ᠎ᠠ᠎ᠶᠢᠨ 23᠎ᠤ ᠡᠳᠦᠷ ᠪᠣᠯᠣᠨ᠎ᠠ᠃ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠠᠩᠬᠠᠨ᠎ᠤ ᠡᠳᠦᠷ᠎ᠦᠨ ᠭᠠᠯᠲᠤ ᠲᠡᠷᠭᠡᠨ᠎ᠦ ᠪᠢᠯᠧᠲ᠎ᠢ ᠡᠨᠡ ᠡᠳᠦᠷ (1 ᠰᠠᠷ᠎ᠠ᠎ᠶᠢᠨ 19᠎ᠦ ᠡᠳᠦᠷ)᠎ᠡᠴᠡ ᠡᠬᠢᠯᠡᠨ ᠬᠤᠳᠠᠯᠳᠤᠨ᠎ᠠ᠃


640.jpg


1 ᠰᠠᠷ᠎ᠠ᠎ᠶᠢᠨ 19 ᠎ᠦ ᠡᠳᠦᠷ᠎ᠡᠴᠡ ᠡᠬᠢᠯᠡᠨ᠂ ᠲᠡᠮᠦᠷ ᠵᠠᠮ᠎ᠤᠨ 12306 ᠲᠠᠪᠴᠠᠩ (ᠰᠦᠯᠵᠢᠶ᠎ᠡ᠂ App ᠵᠡᠷᠭᠡ ᠪᠠᠭᠲᠠᠨ᠎ᠠ᠂ ᠳᠣᠷᠣᠭ᠍ᠰᠢ ᠠᠳᠠᠯᠢ)᠎ᠠᠴᠠ ᠠᠶᠠᠨᠴᠢᠳ ᠲᠤ᠌ ᠭᠠᠯᠲᠤ ᠲᠡᠷᠭᠡᠨ ᠪᠢᠯᠸᠲ ᠵᠢᠨᠨ ᠪᠤᠷᠤᠭᠤ ᠬᠤᠳᠠᠯᠳᠤᠨ ᠠᠪᠤᠬᠰᠠᠨ ᠪᠠᠢᠪᠠᠯ ᠬᠤᠭᠤᠴᠠᠭ᠎ᠠ ᠬᠢᠵᠠᠭᠠᠷᠯᠠᠨ ᠰᠦᠢᠳᠬᠡᠯ ᠬᠤᠷᠢᠶᠠᠬᠤ ᠦᠭᠡᠢ᠎ᠪᠡᠷ ᠪᠢᠯᠧᠲ ᠪᠤᠴᠠᠭᠠᠬᠤ ᠦᠢᠯᠡᠴᠢᠯᠡᠭᠡ᠎ᠬᠠᠩᠭᠠᠵᠤ᠂ ᠠᠶᠠᠨᠴᠢᠳ ᠲᠡᠮᠦᠷ ᠵᠠᠮ᠎ᠤᠨ 12306 ᠲᠠᠪᠴᠠᠩ᠎ᠢᠶᠠᠷ ᠳᠡᠮᠵᠢᠨ ᠲᠡᠷᠭᠡᠨ᠎ᠳᠦ ᠰᠠᠭᠤᠬᠤ ᠡᠳᠦᠷ ᠬᠤᠭᠤᠴᠠᠭ᠎ᠠ ᠨᠢ 2 ᠰᠠᠷ᠎ᠠ᠎ᠶᠢᠨ 2᠎ᠤᠨ ᠡᠳᠦᠷ ᠵᠢᠴᠢ ᠲᠡᠭᠦᠨ᠎ᠡᠴᠡ ᠬᠣᠢᠰᠢᠬᠢ ᠡᠳᠦᠷ᠎ᠤᠨ ᠭᠠᠯᠲᠤ ᠲᠡᠷᠭᠡᠨ᠎ᠦ ᠪᠢᠯᠧᠲ᠎ᠢ ᠬᠤᠳᠠᠯᠳᠤᠨ ᠠᠪᠬᠤ ᠦᠶ᠎ᠡ᠎ᠳᠦ᠂ ᠬᠡᠷᠪᠡ ᠭᠠᠯᠲᠤ ᠲᠡᠷᠭᠡᠨ ᠪᠢᠯᠸᠲ ᠵᠢᠨᠨ ᠪᠤᠷᠤᠭᠤ ᠬᠤᠳᠠᠯᠳᠤᠨ ᠠᠪᠤᠬᠰᠠᠨ ᠪᠠᠢᠪᠠᠯ ᠵᠣᠭᠣᠰ ᠲᠤᠰᠢᠶᠠᠭᠰᠠᠨ᠎ᠤ ᠳᠠᠷᠠᠭᠠᠬᠢ 30 ᠮᠢᠨᠦ᠋ᠲ᠎ᠦᠨ ᠳᠣᠲᠣᠷ᠎ᠠ ᠪᠥᠭᠡᠳ ᠲᠡᠷᠭᠡ ᠬᠥᠳᠡᠯᠬᠦ᠎ᠡᠴᠡ ᠪᠠᠰᠠ 4 ᠴᠠᠭ ᠢᠯᠡᠬᠦᠦ ᠴᠠᠬ ᠪᠠᠢᠬᠤ ᠪᠠᠢᠳᠠᠯ ᠳᠤᠤᠷ᠎ᠠ᠂ ᠪᠢᠯᠧᠲ ᠬᠤᠳᠠᠯᠳᠤᠨ ᠠᠪᠤᠭ᠍ᠴᠢ ᠰᠦᠯᠵᠢᠶᠡᠨ ᠳᠡᠭᠡᠷ᠎ᠡ ᠪᠢᠯᠧᠲ ᠪᠤᠴᠠᠭᠠᠬᠤ᠎ᠶᠢ ᠥᠪᠡᠰᠦᠪᠡᠨ ᠭᠦᠢᠴᠡᠳᠬᠡᠵᠦ ᠪᠣᠯᠣᠨ᠎ᠠ᠂ ᠪᠢᠯᠧᠲ ᠪᠤᠴᠠᠭᠠᠬᠤ ᠰᠦᠢᠳᠬᠡᠯ ᠬᠤᠷᠢᠶᠠᠬᠤ ᠦᠭᠡᠢ᠃

ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号