ᠳᠤᠮᠳᠠᠳᠤ ᠤᠯᠤᠰ᠎ᠤᠨ ᠬᠥᠮᠥᠨ ᠰᠠᠭᠤᠯᠭᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠦᠨ ᠠᠯᠪᠠᠨ ᠭᠡᠷ᠎ᠦᠨ ᠮᠡᠳᠡᠭᠡ᠎ᠶᠢ ᠦᠨᠳᠦᠰᠦᠯᠡᠪᠡᠯ᠂ ᠪᠡᠭᠡᠵᠢᠩ᠎ᠦᠨ ᠴᠠᠭ᠎ᠢᠶᠠᠷ 2026 ᠣᠨ᠎ᠤ 1 ᠰᠠᠷ᠎ᠠ᠎ᠶᠢᠨ 19᠎ᠦ ᠡᠳᠦᠷ᠎ᠦᠨ 9 ᠴᠠᠭ 34 ᠮᠢᠨᠦ᠋ᠲ᠎ᠲᠦ᠂ ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢᠨ ᠪᠤᠴᠠᠯᠳᠠ ᠵᠢᠨ ᠥᠷᠥᠭᠡ ᠳ᠋ᠦᠩᠹᠧᠩ ᠪᠠᠭᠤᠯᠳᠠ ᠵᠢᠨ ᠳᠠᠯᠠᠪᠠᠢ ᠳ᠋ᠤ ᠠᠮᠵᠢᠯᠲᠠ᠎ᠲᠠᠢ᠎ᠪᠠᠷ ᠭᠠᠵᠠᠷᠳᠠᠪᠠ᠃ ᠲᠤᠬᠠᠢ᠎ᠶᠢᠨ ᠲᠠᠯᠠᠪᠠᠢ ᠵᠢᠨ ᠪᠠᠢᠴᠠᠭᠠᠯᠲᠠ᠎ᠪᠠᠷ ᠳᠡᠮᠵᠢᠨ᠂ ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢᠨ ᠪᠤᠴᠠᠯᠳᠠ ᠵᠢᠨ ᠥᠷᠥᠭᠡ ᠵᠢᠨ ᠭᠠᠳᠠᠷ ᠪᠠᠢᠳᠠᠯ ᠶᠡᠷᠦᠩᠬᠡᠢ᠎ᠳᠡᠭᠡᠨ ᠬᠡᠪ᠎ᠦᠨ ᠪᠠᠢᠵᠤ᠂ ᠥᠷᠥᠭᠡᠨ ᠳᠣᠲᠣᠷᠠᠬᠢ ᠡᠳ᠋ ᠪᠣᠳᠠᠰ᠎ᠤᠨ ᠪᠠᠢᠳᠠᠯ ᠨᠡᠯᠢᠶᠡᠳ ᠰᠠᠢᠨ ᠪᠠᠢᠵᠤ᠂ ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢᠨ ᠪᠤᠴᠠᠬᠤ ᠡᠭᠦᠷᠭᠡ ᠲᠡᠭᠦᠰ ᠠᠮᠵᠢᠯᠲᠠ ᠣᠯᠪᠠ ᠭᠡᠵᠦ ᠲᠣᠳᠣᠯᠠᠵᠠᠢ᠃
ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢ 2025 ᠣᠨ᠎ᠤ 4 ᠰᠠᠷ᠎ᠠ᠎ᠶᠢᠨ 24 ᠦ ᠡᠳᠦᠷ ᠵᠢᠦᠴᠢᠦᠸᠠᠨᠤ ᠳᠠᠭᠠᠭᠤᠯᠢ ᠤᠳᠤ ᠬᠠᠷᠪᠤᠬᠤ ᠲᠥᠪ᠎ᠡᠴᠡ ᠰᠠᠨᠰᠠᠷ᠎ᠲᠦ ᠬᠠᠷᠪᠤᠭᠰᠠᠨ ᠪᠥᠭᠡᠳ ᠰᠠᠨᠰᠠᠷ᠎ᠤᠨ ᠦᠷᠳᠡᠭᠡ᠎ᠲᠠᠢ ᠠᠮᠵᠢᠯᠲᠠ᠎ᠲᠠᠢ᠎ᠪᠠᠷ ᠵᠤᠯᠭᠠᠭᠤᠯᠵᠥ᠂ 11 ᠰᠠᠷ᠎ᠠ᠎ᠶᠢᠨ ᠡᠬᠢ᠎ᠪᠡᠷ ᠰᠠᠨᠰᠠᠷ᠎ᠤᠨ ᠵᠢᠵᠢᠭ ᠬᠡᠮᠬᠡᠳᠡᠭ᠎ᠲᠦ ᠳᠠᠭᠠᠷᠢᠭ᠍ᠳᠠᠭᠰᠠᠨ ᠰᠡᠵᠢᠭ᠎ᠠᠴᠠ ᠪᠤᠴᠠᠵᠤ ᠢᠷᠡᠬᠦ᠎ᠪᠡᠨ ᠬᠣᠢᠰᠢᠯᠠᠭᠤᠯᠬᠤ᠎ᠶᠢᠨ ᠬᠠᠮᠲᠤ ᠲᠣᠭᠣᠷᠢᠯᠲᠠ᠎ᠶᠢᠨ ᠵᠠᠮ ᠳ᠋ᠤ ᠦᠯᠡᠳᠡᠵᠦ ᠬᠣᠯᠪᠣᠭᠳᠠᠯ ᠪᠦᠬᠦᠢ ᠲᠤᠷᠰᠢᠯᠲᠠ᠎ᠶᠢ ᠥᠷᠨᠢᠭᠦᠯᠵᠡᠢ᠃ 2026 ᠣᠨ᠎ᠤ 1 ᠰᠠᠷ᠎ᠠ᠎ᠶᠢᠨ 19 ᠦ ᠡᠳᠦᠷ᠎ᠦᠨ 0 ᠴᠠᠭ 23 ᠮᠢᠨᠦ᠋ᠲ᠎ᠲᠦ᠂ ᠨᠢᠰᠬᠦ ᠣᠩᠭᠣᠴᠠ ᠰᠠᠨᠰᠠᠷ᠎ᠤᠨ ᠦᠷᠳᠡᠭᠡ᠎ᠡᠴᠡ ᠤᠬᠤᠷᠢᠨ ᠭᠠᠷᠴᠤ᠂ ᠬᠥᠮᠥᠨ ᠦᠭᠡᠢ ᠪᠠᠢᠳᠠᠯ᠎ᠢᠶᠠᠷ ᠪᠤᠴᠠᠵᠤ ᠢᠷᠡᠪᠡ᠃ ᠨᠢᠰᠬᠦ ᠣᠩᠭᠣᠴᠠ᠎ᠶᠢᠨ ᠲᠣᠭᠣᠷᠢᠯᠲᠠ᠎ᠶᠢᠨ ᠵᠠᠮ᠎ᠳᠠᠬᠢ ᠴᠠᠭ ᠨᠢ 270 ᠡᠳᠦᠷ ᠪᠠᠢᠵᠤ᠂ ᠲᠣᠭᠣᠷᠢᠯᠲᠠ᠎ᠶᠢᠨ ᠵᠠᠮ᠎ᠳᠤ 9 ᠰᠠᠷ᠎ᠠ ᠵᠣᠭᠰᠣᠬᠤ ᠴᠢᠳᠠᠪᠤᠷᠢ᠎ᠶᠢ ᠰᠢᠯᠭᠠᠨ ᠪᠠᠲᠤᠯᠠᠪᠠ᠃
ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢᠨ ᠪᠤᠴᠠᠵᠤ ᠢᠷᠡᠬᠦ ᠲᠦᠭᠰᠢᠭᠦᠷᠢ᠎ᠶᠢ ᠪᠠᠭᠠᠰᠬᠠᠬᠤ᠎ᠶᠢᠨ ᠲᠥᠯᠥᠭᠡ᠂ 2025 ᠣᠨ᠎ᠤ 12 ᠰᠠᠷ᠎ᠠ᠎ᠶᠢᠨ 9 ᠦ ᠡᠳᠦᠷ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠦᠨ ᠰᠠᠨᠰᠠᠷᠴᠢᠳ ᠥᠷᠥᠭᠡᠨ᠎ᠡᠴᠡ ᠭᠠᠷᠴᠤ ᠬᠥᠳᠡᠯᠭᠡᠭᠡᠨ ᠬᠢᠬᠦ ᠲᠣᠬᠢᠶᠠᠯ᠎ᠢ ᠠᠰᠢᠭ᠍ᠯᠠᠨ᠂ ᠥᠷᠥᠭᠡᠨ᠎ᠦ ᠭᠠᠳᠠᠨ᠎ᠠ ᠤᠨᠴᠠ ᠲᠣᠳᠣ᠌ ᠭᠡᠷᠡᠯ ᠵᠢᠷᠤᠭ᠎ᠤᠨ ᠮᠠᠰᠢᠨ᠎ᠢᠶᠠᠷ ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢᠨ ᠪᠤᠴᠠᠯᠳᠠ ᠵᠢᠨ ᠥᠷᠥᠭᠡᠨ᠎ᠦ ᠴᠣᠩᠬᠣ᠌᠎ᠶᠢ ᠣᠢᠷ᠎ᠠ ᠵᠠᠢ᠎ᠠᠴᠠ ᠰᠡᠭᠦᠳᠡᠷᠯᠡᠵᠦ᠂ ᠪᠤᠴᠠᠯᠳᠠ ᠵᠢᠨ ᠥᠷᠥᠭᠡᠨ᠎ᠦ ᠴᠣᠩᠬᠣᠨ ᠳ᠋ᠤ ᠴᠠᠪᠠ ᠭᠠᠷᠤᠭᠰᠠᠨ᠎ᠢ ᠤᠯᠠᠮ ᠴᠢᠨᠠᠭᠰᠢᠳᠠ ᠨᠤᠲᠠᠯᠠᠪᠠ᠃ ᠡᠭᠦᠨ᠎ᠡᠴᠡ ᠭᠠᠳᠠᠨ᠎ᠠ᠂ ᠡᠮᠦᠨᠡᠬᠢ ᠬᠤᠭᠤᠴᠠᠭᠠᠨ᠎ᠳᠤ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠬᠦ ᠣᠩᠭᠣᠴᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠬᠠᠷᠪᠤᠯᠲᠠ᠎ᠲᠠᠢ ᠤᠶᠠᠯᠳᠤᠭᠤᠯᠤᠨ᠂ ᠪᠤᠴᠠᠯᠳᠠ ᠵᠢᠨ ᠥᠷᠥᠭᠡᠨ᠎ᠦ ᠴᠣᠩᠬᠣᠨ᠎ᠤ ᠴᠠᠪᠠ᠎ᠶᠢ ᠰᠢᠢᠳᠪᠦᠷᠢᠯᠡᠬᠦ ᠲᠥᠬᠦᠭᠡᠷᠦᠮᠵᠢ᠎ᠶᠢ ᠱᠠᠯᠠᠪᠳᠠᠨ ᠰᠤᠳᠤᠯᠤᠨ ᠦᠢᠯᠡᠳᠦᠭᠰᠡᠨ ᠪᠥᠭᠡᠳ ᠳᠡᠭᠡᠭᠰᠢ ᠭᠠᠷᠭᠠᠵᠤ᠂ ᠰᠠᠨᠰᠠᠷᠴᠢᠨ᠎ᠠᠴᠠ ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢᠨ ᠥᠷᠥᠭᠡᠨ᠎ᠳᠦ ᠤᠭᠰᠠᠷᠠᠵᠤ᠂ ᠨᠢᠰᠬᠦ ᠣᠩᠭᠣᠴᠠ᠎ᠶᠢᠨ ᠪᠤᠴᠠᠵᠤ ᠢᠷᠡᠬᠦ ᠶᠠᠪᠤᠴᠠ᠎ᠳᠠᠬᠢ ᠬᠠᠯᠠᠭᠤᠨ᠎ᠢ ᠰᠡᠷᠭᠡᠢᠯᠡᠬᠦ ᠪᠠ ᠪᠢᠲᠡᠭᠦᠮᠵᠢᠯᠡᠬᠦ ᠴᠢᠳᠠᠪᠤᠷᠢ᠎ᠶᠢ ᠪᠦᠲᠦᠮᠵᠢᠲᠡᠶ᠎ᠪᠡᠷ ᠳᠡᠭᠡᠭᠰᠢᠯᠡᠭᠦᠯᠦᠭᠰᠡᠨ ᠪᠠᠢᠨ᠎ᠠ᠃
ᠲᠠᠨᠢᠯᠴᠠᠭᠤᠯᠤᠭᠰᠠᠨ᠎ᠢᠶᠠᠷ᠂ ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ᠎ᠶᠢᠨ ᠬᠠᠵᠠᠭᠤ᠎ᠶᠢᠨ ᠴᠣᠩᠬᠣ᠌ ᠮᠥᠷᠭᠥᠭᠳᠡᠭᠰᠡᠨ ᠰᠡᠵᠢᠭ᠎ᠲᠠᠢ ᠪᠠᠢᠬᠤ᠎ᠶᠢ ᠣᠯᠵᠤ ᠮᠡᠳᠡᠭᠰᠡᠨ᠎ᠦ ᠳᠠᠷᠠᠭ᠎ᠠ᠂ ᠡᠭᠦᠷᠭᠡ᠎ᠶᠢᠨ ᠶᠡᠷᠦᠩᠬᠡᠢ ᠵᠢᠯᠤᠭᠣᠳᠬᠤ ᠭᠠᠵᠠᠷ᠎ᠠᠴᠠ ᠳᠠᠭᠤᠷᠢᠶᠠᠮᠠᠯ ᠵᠠᠳᠠᠯᠤᠯᠲᠠ᠂ ᠲᠤᠷᠰᠢᠯᠲᠠ ᠬᠢᠵᠦ ᠰᠢᠯᠭᠠᠨ ᠪᠠᠲᠤᠯᠠᠬᠤ ᠵᠡᠷᠭᠡ ᠠᠵᠢᠯ᠎ᠢ ᠦᠳᠲᠡᠷ ᠲᠦᠷᠭᠡᠨ ᠵᠣᠬᠢᠶᠠᠨ ᠪᠠᠢᠭᠤᠯᠤᠨ ᠥᠷᠨᠢᠭᠦᠯᠵᠦ᠂ ᠡᠭᠦᠷᠭᠡ᠎ᠶᠢᠨ ᠲᠥᠯᠥᠪᠯᠡᠭᠡ᠎ᠳᠦ ᠲᠣᠬᠢᠷᠠᠭᠤᠯᠤᠯᠲᠠ ᠬᠢᠬᠦ ᠰᠢᠢᠳᠪᠦᠷᠢᠲᠦ ᠪᠣᠳᠣᠯᠭ᠎ᠠ᠎ᠶᠢ ᠡᠷᠡᠰ ᠰᠢᠭᠤᠷᠬᠠᠢ᠎ᠪᠠᠷ ᠲᠣᠭᠲᠠᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠢ ᠡᠬᠢᠯᠡᠭᠦᠯᠪᠡ᠃ 2025 ᠤᠨ ᠤ᠋ 11 ᠰᠠᠷ᠎ᠠ ᠶ᠋ᠢᠨ 14᠎ᠦ ᠡᠳᠦᠷ ᠬᠤᠪᠢᠯᠭᠠᠨ ᠣᠩᠭᠣᠴᠠ ᠬᠣᠷᠢᠳᠤᠭᠠᠷ᠎ᠤᠨ ᠰᠠᠨᠰᠠᠷᠴᠢᠳ ᠬᠤᠪᠢᠯᠭᠠᠨ ᠣᠩᠭᠣᠴᠠ ᠬᠣᠷᠢᠨ ᠨᠢᠭᠡᠳᠦᠭᠡᠷ ᠨᠢᠰᠬᠦ ᠣᠩᠭᠣᠴᠠᠨ᠎ᠳᠤ ᠰᠠᠭᠤᠵᠤ ᠠᠮᠤᠷ ᠲᠦᠪᠰᠢᠨ ᠢ᠋ᠶ᠋ᠡᠷ ᠪᠤᠴᠠᠵᠤ ᠢᠷᠡᠪᠡ᠃ 11 ᠰᠠᠷ᠎ᠠ ᠶ᠋ᠢᠨ 25᠎ᠤ ᠡᠳᠦᠷ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠬᠦ ᠣᠩᠭᠣᠴᠠ ᠶ᠋ᠢᠨ ᠪᠠᠴᠢᠮ ᠪᠠᠢᠳᠠᠯ ᠢ᠋ ᠠᠷᠭᠠᠴᠠᠭᠠᠬᠤ ᠬᠠᠷᠪᠤᠯᠲᠠ ᠶ᠋ᠢ ᠬᠡᠷᠡᠭᠵᠢᠭᠦᠯᠵᠦ᠂ ᠳᠤᠮᠳᠠᠳᠤ ᠤᠯᠤᠰ᠎ᠤᠨ ᠬᠥᠮᠥᠨ ᠰᠠᠭᠤᠯᠭᠠᠭᠰᠠᠨ ᠰᠠᠨᠰᠠᠷ᠎ᠤᠨ ᠠᠶᠠᠯᠠᠯ᠎ᠤᠨ ᠲᠡᠦᠬᠡᠨ ᠳᠡᠭᠡᠷᠡᠬᠢ ᠠᠩᠬᠠᠳᠠᠭ᠍ᠴᠢ ᠪᠠᠴᠢᠮ ᠪᠠᠢᠳᠠᠯ ᠢ᠋ ᠠᠷᠭᠠᠴᠠᠭᠠᠬᠤ ᠬᠠᠷᠪᠤᠯᠲᠠ ᠲᠡᠭᠦᠰ ᠠᠮᠵᠢᠯᠲᠠ ᠣᠯᠪᠠ᠃ ᠣᠳᠣᠬᠠᠨ᠎ᠳᠤ᠂ ᠪᠡᠯᠡᠳᠬᠡᠯ ᠡᠭᠦᠷᠭᠡ᠎ᠶᠢ ᠡᠭᠦᠷᠭᠡᠯᠡᠵᠦ ᠪᠠᠢᠭ᠎ᠠ ᠬᠤᠪᠢᠯᠭᠠᠨ ᠣᠩᠭᠣᠴᠠ ᠬᠣᠷᠢᠨ ᠭᠤᠷᠪᠠᠳᠤᠭᠠᠷ ᠨᠢᠰᠬᠦ ᠣᠩᠭᠣᠴᠠ᠎ᠶᠢ ᠨᠢᠭᠡᠨᠲᠡ ᠵᠢᠦᠴᠢᠦᠸᠠᠨᠤ ᠳᠠᠭᠠᠭᠤᠯᠢ ᠤᠳᠤ ᠬᠠᠷᠪᠤᠬᠤ ᠲᠥᠪ᠎ᠲᠦ ᠬᠦᠷᠭᠡᠵᠦ᠂ ᠴᠠᠩ ᠵᠧᠩ ᠬᠣᠶᠠᠳᠤᠭᠠᠷ F ᠠᠯᠤᠰ ᠡᠵᠡᠮᠰᠢᠯᠲᠦ ᠬᠣᠷᠢᠨ ᠭᠤᠷᠪᠠᠳᠤᠭᠠᠷ ᠬᠥᠯᠭᠡ ᠲᠡᠢᠷᠦᠯᠲᠦ ᠰᠤᠮᠤ᠎ᠶᠢ ᠦᠢᠯᠡᠳᠪᠦᠷᠢ᠎ᠡᠴᠡ ᠭᠠᠷᠭᠠᠬᠤ ᠭᠡᠵᠦ ᠪᠠᠢᠨ᠎ᠠ᠃ ᠬᠤᠪᠢᠯᠭᠠᠨ ᠣᠩᠭᠣᠴᠠ ᠬᠣᠷᠢᠳᠤᠭᠠᠷ ᠨᠢᠰᠬᠦ ᠣᠩᠭᠣᠴᠠ ᠪᠤᠴᠠᠵᠤ ᠢᠷᠡᠬᠦ ᠪᠣᠯᠲᠠᠯ᠎ᠠ᠂ ᠲᠤᠰ ᠤᠳᠠᠭ᠎ᠠ᠎ᠶᠢᠨ ᠳᠤᠮᠳᠠᠳᠤ ᠤᠯᠤᠰ᠎ᠤᠨ ᠰᠠᠨᠰᠠᠷ᠎ᠤᠨ ᠦᠷᠳᠡᠭᠡ᠎ᠶᠢᠨ ᠰᠠᠨᠰᠠᠷ᠎ᠤᠨ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ᠎ᠶᠢᠨ ᠭᠤᠤᠯ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃
ᠢᠷᠡᠯᠲᠡ᠄ ᠠᠷᠠᠳ᠎ᠤᠨ ᠡᠳᠤᠷ᠎ᠤᠨ ᠰᠤᠨᠢᠨ᠂ ᠰᠢᠨᠬᠤᠸᠠ ᠬᠤᠷᠢᠶ᠎ᠠ