1 ᠰᠠᠷ᠎ᠠ᠎ᠶᠢᠨ 17᠎ᠤ ᠡᠳᠦᠷ᠂ 《ᠠᠰᠠᠷᠠᠮᠵᠢ ᠵᠢᠨ ᠠᠶᠠᠨ ᠳ᠋ᠠᠭᠠᠨ ᠬᠠᠮᠲᠤ ᠤᠷᠤᠭᠰᠢᠯᠠᠵᠤ᠂ ᠰᠠᠬᠢᠨ ᠪᠡᠷᠡᠯᠡᠵᠦ
ᠬᠠᠷᠢᠯᠴᠠᠨ ᠬᠠᠪᠰᠤᠷᠤᠯᠴᠠᠶ᠎ᠠ》 ᠬᠡᠬᠦ ᠨᠡᠶ᠋ᠢᠲᠡ ᠵᠢᠨ ᠠᠰᠠᠷᠠᠮᠵᠢ᠎ᠶᠢᠨ ᠰᠢᠨ᠎ᠡ ᠤᠨᠢᠶᠡᠨ ᠤᠭᠲᠤᠬᠤ ᠬᠤᠷᠠᠯ ᠬᠥᠬᠡᠬᠣᠲᠠ᠎ᠳ᠋ᠤ ᠡᠬᠢᠯᠡᠪᠡ᠃ ᠠᠵᠢᠯᠯᠠᠭ᠎ᠠ ᠳ᠋ᠤ᠂ ᠥᠪᠥᠷ ᠮᠣᠩᠭᠣᠯ᠎ᠤᠨ
ᠬᠤᠳᠠᠯᠳᠤᠭᠠᠨ ᠤ᠋ ᠨᠡᠢᠭᠡᠮᠯᠢᠭ ᠤ᠋ᠨ
ᠠᠷᠠᠳ ᠤ᠋ᠨ ᠡᠵᠡᠩᠨᠡᠯᠳᠡ ᠵᠢᠨ ᠲᠦᠮᠡᠨ ᠠᠵᠤ ᠠᠬᠤᠢᠯᠠᠯ᠎ᠤᠨ ᠵᠡᠮᠳᠡᠭᠴᠦᠳ᠎ᠢ ᠲᠤᠰᠠᠯᠠᠬᠤ
ᠨᠡᠶ᠋ᠢᠲᠡ ᠵᠢᠨ ᠠᠰᠠᠷᠠᠮᠵᠢ ᠶᠢᠨ ᠬᠣᠯᠪᠣᠭ᠎ᠠ ᠵᠢᠩᠬᠢᠨᠢ ᠪᠡᠷ ᠪᠠᠢᠭᠤᠯᠤᠭᠳᠠᠵᠤ᠂ ᠲᠤᠬᠠᠢ᠎ᠶᠢᠨ ᠲᠠᠯᠠᠪᠠᠶ᠎ᠳᠤ
ᠨᠡᠶ᠋ᠢᠲᠡ 50 ᠭᠠᠷᠤᠢ ᠲᠦᠮᠡᠨ ᠲᠥᠭᠥᠷᠢᠭ᠎ᠦᠨ ᠬᠠᠢᠷ᠎ᠠ ᠬᠠᠯᠠᠮᠵᠢ᠎ᠶᠢᠨ ᠵᠣᠭᠣᠰ ᠮᠥᠩᠭᠥ ᠡᠳ᠋ ᠪᠣᠳᠠᠰ
ᠴᠤᠭᠯᠠᠭᠤᠯᠵᠤ᠂ ᠪᠦᠬᠦᠨ᠎ᠢ ᠬᠥᠯᠥᠨ ᠪᠣᠶ᠋ᠢᠷ ᠣᠷᠣᠨ᠎ᠤ ᠵᠡᠮᠳᠡᠭᠴᠦᠳ᠎ᠦᠨ ᠨᠡᠶ᠋ᠢᠲᠡ᠎ᠶᠢᠨ ᠠᠰᠠᠷᠠᠮᠵᠢ᠎ᠶᠢᠨ
ᠲᠥᠷᠥᠯ ᠵᠦᠢᠯ᠎ᠳᠦ ᠵᠠᠷᠤᠴᠠᠭᠤᠯᠵᠥ᠂ ᠲᠤᠬᠠᠢ᠎ᠶᠢᠨ ᠭᠠᠵᠠᠷ᠎ᠤᠨ ᠵᠡᠮᠳᠡᠭᠴᠦᠳ᠎ᠦᠨ ᠠᠮᠢᠳᠤᠷᠠᠯ᠎ᠤᠨ ᠶᠠᠰᠤ
ᠴᠢᠨᠠᠷ᠎ᠢ ᠦᠨᠡᠨ ᠬᠦ᠌ ᠰᠠᠢᠵᠢᠷᠠᠭᠤᠯᠬᠤ ᠪᠣᠯᠣᠨ᠎ᠠ᠃

ᠲᠣᠬᠠᠢ ᠵᠢᠨ ᠡᠳᠤᠷ᠂ ᠪᠥᠬᠥ ᠣᠷᠣᠨ᠎ᠤ 40 ᠭᠠᠷᠤᠢ ᠬᠤᠳᠠᠯᠳᠤᠭᠠᠨ ᠤ᠋ ᠨᠡᠢᠬᠡᠮᠯᠢᠭ ᠤ᠋ᠨ ᠲᠥᠯᠥᠭᠡᠯᠡᠭᠴᠢ᠂ ᠠᠵᠤ
ᠠᠬᠤᠢᠯᠠᠯᠲᠠᠨ ᠵᠢᠴᠢ ᠨᠤᠲᠤᠭ᠎ᠤᠨ ᠨᠠᠢᠵᠠ ᠨᠠᠷ ᠨᠢᠭᠡ ᠲᠠᠩᠬᠢᠮ᠎ᠳᠤ ᠴᠤᠭᠯᠠᠷᠠᠵᠥ᠂ ᠬᠠᠢᠷ᠎ᠠ ᠬᠠᠯᠠᠮᠵᠢ
ᠬᠦᠷᠭᠡᠬᠦ ᠭᠣᠭᠴᠣᠭ᠎ᠠ᠎ᠳᠤ ᠬᠤᠷᠠᠯ᠎ᠳᠤ ᠣᠷᠣᠯᠴᠠᠭᠰᠠᠳ ᠺᠣᠳ᠋ ᠰᠢᠷᠪᠢᠬᠦ᠂ ᠲᠤᠬᠠᠢ᠎ᠶᠢᠨ ᠲᠠᠯᠠᠪᠠᠢ᠎ᠳᠤ
ᠬᠠᠨᠳᠢᠪᠯᠡᠬᠤ ᠵᠡᠷᠭᠡ ᠠᠷᠭ᠎ᠠ ᠬᠡᠯᠪᠡᠷᠢ᠎ᠪᠡᠷ ᠬᠠᠢᠷ᠎ᠠ ᠬᠠᠯᠠᠮᠵᠢ ᠪᠠᠨ ᠢᠳᠡᠪᠬᠢᠲᠡᠢ ᠡᠷᠭᠦᠵᠦ᠂ ᠪᠣᠳᠠᠲᠤ ᠠᠵᠢᠯᠯᠠᠭ᠎ᠠ ᠪᠠᠷ ᠵᠢᠡᠨ ᠵᠡᠮᠳᠡᠭᠴᠦᠳ᠎ᠦᠨ ᠦᠢᠯᠡᠰ᠎ᠲᠦ ᠬᠦᠴᠦᠨ ᠨᠡᠮᠡᠷᠢᠯᠡᠪᠡ᠃

ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠦᠨ ᠠᠰᠠᠷᠠᠮᠵᠢ᠎ᠶᠢᠨ ᠰᠠᠭᠤᠷᠢ ᠮᠥᠩᠭᠥᠨ᠎ᠦ ᠨᠡᠢᠭᠡᠮᠯᠢᠭ᠎ᠦᠨ
ᠬᠡᠷᠡᠭ ᠡᠷᠬᠢᠯᠡᠭᠴᠢᠳ᠎ᠦᠨ ᠳᠠᠷᠤᠭ᠎ᠠ ᠲᠠᠨ᠎ᠠ᠂ ᠰᠠᠭᠤᠷᠢ ᠮᠥᠩᠭᠥᠨ᠎ᠦ ᠨᠡᠢᠭᠡᠮᠯᠢᠭ᠎ᠡᠴᠡ ᠡᠨᠡᠬᠦ ᠬᠠᠢᠷ᠎ᠠ
ᠬᠠᠯᠠᠮᠵᠢ᠎ᠶᠢ ᠵᠡᠮᠳᠡᠭᠴᠦᠳ᠎ᠲᠦ ᠣᠨᠣᠴᠠᠲᠠᠢ ᠬᠦᠷᠲᠡᠭᠡᠬᠦ᠎ᠶᠢ ᠪᠠᠲᠤᠯᠠᠬᠤ ᠵᠢᠨ ᠬᠠᠮᠲᠤ᠂ ᠵᠡᠮᠳᠡᠭᠴᠤᠳ ᠢ᠋ ᠳᠤᠰᠠᠯᠠᠬᠤ ᠨᠡᠢᠳᠡ ᠵᠢᠨ ᠠᠰᠠᠷᠠᠮᠵᠢ ᠵᠢᠨ
ᠬᠣᠯᠪᠣᠭ᠎ᠠ ᠯᠤᠭ᠎ᠠ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠵᠡᠮᠳᠡᠭᠴᠦᠳ᠎ᠢ ᠲᠤᠰᠠᠯᠠᠬᠤ ᠨᠠᠩ ᠣᠯᠠᠨ
ᠪᠦᠲᠦᠮᠵᠢᠲᠡᠢ ᠵᠠᠭᠪᠤᠷ᠎ᠢ ᠬᠠᠮᠲᠤ᠎ᠪᠠᠷ ᠰᠦᠪᠡᠭᠴᠢᠯᠡᠵᠦ᠂ ᠵᠡᠮᠳᠡᠭᠴᠦᠳ᠎ᠲᠦ ᠨᠠᠩ ᠴᠢᠨᠠᠷ ᠰᠠᠢᠲᠠᠢ
ᠦᠢᠯᠡᠴᠢᠯᠡᠭᠡ ᠬᠠᠩᠭᠠᠬᠤ ᠪᠣᠯᠣᠨ᠎ᠠ ᠭᠡᠵᠦ ᠢᠯᠡᠳᠬᠡᠪᠡ᠃


ᠢᠷᠡᠯᠲᠡ᠄ ᠤᠮᠠᠷᠠᠲᠤ ᠵᠢᠨ ᠰᠦᠯᠵᠢᠶ᠎ᠡ