ᠠᠷᠠᠳ ᠤᠨ ᠶᠠᠪᠤᠳᠠᠯ᠎ᠤᠨ ᠶᠠᠮᠤᠨ᠎ᠤ ᠰᠦᠯᠵᠢᠶ᠎ᠡ᠎ᠶᠢᠨ ᠮᠡᠳᠡᠭᠡ᠎ᠶᠢ ᠦᠨᠳᠦᠰᠦᠯᠡᠪᠡᠯ᠂ 1 ᠰᠠᠷ᠎ᠠ᠎ᠶᠢᠨ 17 ᠤ ᠡᠳᠦᠷ᠂
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ 《ᠨᠠᠰᠤᠵᠢᠯ᠎ᠤᠨ
ᠠᠰᠠᠷᠠᠮᠵᠢ᠎ᠶᠢᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠠᠵᠢᠯ ᠡᠷᠬᠢᠯᠡᠭᠰᠡᠳ᠎ᠦᠨ ᠠᠵᠢᠯ ᠲᠦᠷᠦᠯ᠎ᠦᠨ
ᠶᠣᠰᠣ᠌ ᠰᠤᠷᠲᠠᠬᠤᠨ᠎ᠤ ᠪᠠᠷᠢᠮᠵᠢᠶ᠎ᠠ》 ᠵᠢ ᠳᠠᠷᠤᠮᠠᠯᠯᠠᠨ
ᠲᠠᠷᠬᠠᠭᠠᠬᠤ ᠲᠤᠬᠠᠢ ᠮᠡᠳᠡᠭᠳᠡᠯ ( ᠳᠣᠷᠣᠭ᠍ᠰᠢ 《ᠪᠠᠷᠢᠮᠵᠢᠶ᠎ᠠ》 ᠭᠡᠵᠦ ᠲᠣᠪᠴᠢᠯᠠᠨ᠎ᠠ) ᠨᠡᠢᠲᠡᠯᠡᠪᠡ᠂ 《ᠪᠠᠷᠢᠮᠵᠢᠶ᠎ᠠ》 ᠨᠢ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ
ᠪᠠᠢᠭᠤᠯᠤᠮᠵᠢ ᠵᠢᠨ ᠳᠤᠳᠤᠭᠠᠳᠤ ᠳ᠋ᠤ ᠠᠮᠢᠳᠤᠷᠠᠯ᠎ᠤᠨ
ᠬᠠᠷᠠᠭᠠᠯᠵᠠᠯ᠂ ᠡᠮᠴᠢᠯᠡᠭᠡ ᠰᠤᠪᠢᠯᠠᠯᠲᠠ᠂ ᠡᠷᠡᠭᠦᠯᠵᠢᠯ ᠡᠷᠡᠬᠦᠯ ᠬᠠᠮᠠᠭᠠᠯᠠᠯ᠂ ᠨᠡᠢᠭᠡᠮ᠎ᠦᠨ ᠠᠵᠢᠯ᠂ ᠵᠠᠰᠠᠭ ᠵᠠᠬᠢᠷᠭᠠᠨ᠎ᠤ
ᠬᠠᠮᠢᠶᠠᠷᠤᠯᠲᠠ ᠵᠡᠷᠭᠡ ᠠᠵᠢᠯ ᠡᠷᠬᠢᠯᠡᠭᠰᠡᠳ᠎ᠲᠦ ᠲᠣᠬᠢᠷᠠᠨ᠎ᠠ᠃
《ᠪᠠᠷᠢᠮᠵᠢᠶ᠎ᠠ》 ᠳ᠋ᠤ᠂ ᠨᠠᠰᠤᠲᠠᠢᠴᠤᠳ᠎ᠲᠤ ᠡᠷᠬᠡ ᠲᠡᠭᠰᠢ᠎ᠪᠡᠷ ᠬᠠᠨᠳᠤᠬᠤ ᠬᠡᠷᠡᠭᠲᠡᠢ᠂ ᠦᠨᠳᠦᠰᠦᠲᠡᠨ᠂
ᠬᠦᠢᠰᠦᠢᠯᠭᠠᠯ᠂ ᠡᠷᠦᠬᠡ ᠠᠮᠠ᠂ ᠠᠵᠢᠯ ᠮᠡᠷᠭᠡᠵᠢᠯ᠂ ᠱᠠᠰᠢᠨ ᠰᠢᠲᠦᠯᠭᠡ᠂ ᠨᠡᠢᠭᠡᠮ᠎ᠦᠨ ᠪᠠᠢᠷᠢ ᠰᠠᠭᠤᠷᠢ᠂
ᠰᠤᠷᠭᠠᠨ ᠬᠥᠮᠦᠵᠢᠯ᠎ᠤᠨ ᠬᠢᠷᠢ ᠬᠡᠮᠵᠢᠶ᠎ᠡ᠂ ᠪᠡᠶ᠎ᠡ ᠮᠠᠬᠠᠪᠤᠳ᠎ᠤᠨ ᠪᠠᠢᠳᠠᠯ᠂ ᠡᠳ᠋ ᠬᠥᠷᠥᠩᠭᠡ᠎ᠶᠢᠨ
ᠪᠠᠢᠳᠠᠯ ᠵᠡᠷᠭᠡ᠎ᠡᠴᠡ ᠪᠣᠯᠵᠤ ᠢᠯᠭᠠᠭ᠎ᠠ᠎ᠲᠠᠢ ᠬᠠᠨᠳᠤᠵᠤ ᠪᠣᠯᠬᠤ ᠦᠭᠡᠢ᠃ ᠶᠠᠮᠠᠷᠪᠠ ᠰᠢᠯᠲᠠᠭᠠᠨ᠎ᠢᠶᠠᠷ
ᠨᠠᠰᠤᠲᠠᠢᠴᠤᠳ᠎ᠢ ᠳᠣᠷᠣᠮᠵᠢᠯᠠᠵᠤ᠂ ᠵᠣᠳᠣᠵᠤ᠂ ᠬᠠᠷᠢᠶᠠᠵᠤ ᠪᠣᠯᠬᠤ ᠦᠭᠡᠢ᠂ ᠶᠠᠮᠠᠷᠪᠠ ᠬᠡᠯᠪᠡᠷᠢ᠎ᠶᠢᠨ
ᠠᠶᠤᠯᠭᠠᠨ ᠰᠦᠷᠳᠡᠭᠦᠯᠬᠦ᠂ ᠭᠠᠭᠴᠠᠭᠠᠷᠳᠠᠭᠤᠯᠬᠤ᠂ ᠦᠯᠦ ᠣᠢᠰᠢᠶᠠᠬᠤ ᠵᠡᠷᠭᠡ ᠦᠢᠯᠡ ᠠᠵᠢᠯᠯᠠᠭ᠎ᠠ᠎ᠶᠢ ᠬᠢᠵᠦ
ᠪᠣᠯᠬᠤ ᠦᠭᠡᠢ᠃ ᠶᠠᠮᠠᠷᠪᠠ ᠠᠷᠭ᠎ᠠ ᠮᠠᠶᠢᠭ᠋᠎ᠢᠶᠠᠷ ᠨᠠᠰᠤᠲᠠᠢᠴᠤᠳ ᠵᠢᠴᠢ ᠲᠡᠳᠡᠨ᠎ᠦ ᠣᠷᠣᠯᠠᠭ᠍ᠴᠢ᠎ᠠᠴᠠ ᠡᠳ᠋
ᠪᠣᠳᠠᠰ ᠠᠪᠬᠤ ᠪᠠ ᠭᠥᠯᠢᠶᠡᠨ ᠠᠪᠴᠤ ᠪᠣᠯᠬᠤ ᠦᠭᠡᠢ᠂ ᠨᠠᠰᠤᠲᠠᠢᠴᠤᠳ᠎ᠲᠤ ᠡᠷᠡᠭᠦᠯᠵᠢᠯ᠎ᠦᠨ ᠡᠳ᠋᠂ ᠡᠮ᠎ᠦᠨ
ᠵᠦᠢᠯᠡᠰ᠎ᠢ ᠪᠣᠷᠣᠯᠠᠭᠤᠯᠵᠤ ᠪᠣᠯᠬᠤ ᠦᠭᠡᠢ᠂ ᠬᠠᠮᠢᠶ᠎ᠠ ᠪᠦᠬᠦᠢ ᠠᠵᠤ ᠠᠬᠤᠢᠯᠠᠯ ᠪᠤᠶᠤ ᠬᠤᠪᠢ ᠬᠥᠮᠥᠨ᠎ᠦ ᠦᠢᠯᠡᠳᠬᠦᠨ᠎ᠢᠶᠡᠨ
ᠪᠣᠷᠣᠯᠠᠭᠤᠯᠬᠤ᠎ᠳᠤ ᠲᠥᠬᠥᠮ ᠦᠵᠡᠭᠦᠯᠵᠦ ᠪᠣᠯᠬᠤ ᠦᠭᠡᠢ ᠭᠡᠵᠦ ᠳᠤᠷᠠᠳᠴᠠᠢ᠃
ᠢᠷᠡᠯᠲᠡ᠄ ᠫᠸᠨᠭ ᠫᠠᠢ ᠰᠣᠨᠢᠨ ᠮᠡᠳᠡᠭᠡ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号