ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠳᠡᠮ᠎ᠦᠨ ᠴᠣᠯᠠ᠎ᠶᠢᠨ ᠵᠥᠪᠯᠡᠯ ᠡᠴᠡ 2025 ᠣᠨ᠎ᠤ ᠬᠣᠣᠰ ᠣᠶᠤᠲᠠᠨ ᠴᠣᠯᠠᠬᠠᠮᠠᠭᠠᠯᠬᠠᠤ ᠬᠠᠮ ᠬᠡᠯᠪᠡᠷᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠲᠥᠷᠥᠯ ᠵᠦᠢᠯ᠎ᠦᠨ ᠨᠡᠷᠡᠰ (ᠬᠣᠶᠠᠳᠤᠭᠠᠷ ᠪᠦᠯᠦᠭ) ᠢ᠋ ᠨᠡᠢᠲᠡᠯᠡᠪᠡ᠃ ᠡᠬᠦᠨ ᠳ᠋ᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ 《ᠮᠥᠩᠭᠥᠨ ᠭᠦᠢᠯᠭᠡᠭᠡᠨ᠎ᠦ ᠤᠬᠠᠭᠠᠨ + ᠲᠣᠭᠠᠨ᠎ᠤ ᠤᠬᠠᠭᠠᠨ ᠬᠢᠭᠡᠳ ᠬᠡᠷᠡᠭᠯᠡᠭᠡᠨ᠎ᠦ ᠲᠣᠭᠠᠨ᠎ᠤ ᠤᠬᠠᠭᠠᠨ》᠂ 《 ᠬᠢᠮᠢ + ᠠᠮᠢᠳᠤ ᠪᠣᠳᠠᠰ᠎ᠤᠨ ᠢᠨᠵᠧᠨᠧᠷᠢᠩ》 ᠬᠡᠬᠦ ᠨᠡᠢᠭᠡᠮ ᠪᠠ ᠪᠠᠢᠭᠠᠯᠢ᠎ᠶᠢᠨ ᠰᠢᠨᠵᠢᠯᠡᠬᠦ ᠤᠬᠠᠭᠠᠨ ᠰᠣᠯᠪᠢᠴᠠᠭᠰᠠᠨ ᠪᠤᠶᠤ ᠪᠠᠢᠭᠠᠯᠢᠲᠧᠭᠨᠢᠭᠤᠨ ᠤᠬᠠᠭᠠᠨ ᠠᠭᠤᠰᠤᠯᠴᠠᠭᠰᠠᠨ ᠬᠣᠣᠰ ᠣᠶᠤᠲᠠᠨ ᠴᠣᠯᠠᠬᠠᠮᠠᠭᠠᠯᠠᠬᠤ ᠬᠠᠮ ᠬᠡᠯᠪᠡᠷᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠲᠥᠷᠥᠯ ᠵᠦᠢᠯ (ᠳᠣᠷᠣᠭ᠍ᠰᠢ 《ᠬᠣᠣᠰ ᠣᠶᠤᠲᠠᠨ ᠴᠣᠯᠠᠬᠠᠮᠠᠭᠠᠯᠬᠠᠤ ᠲᠥᠷᠥᠯ ᠵᠦᠢᠯ》 ᠭᠡᠵᠦ ᠲᠣᠪᠴᠢᠯᠠᠨ᠎ᠠ) ᠵᠢᠭᠰᠠᠭᠠᠭᠳᠠᠭᠰᠠᠨ ᠪᠠᠢᠨ᠎ᠠ᠃ ᠡᠢᠨᠬᠦ ᠦᠪᠦᠷ ᠮᠤᠩᠭᠤᠯ᠎ᠤᠨ ᠶᠡᠬᠡ ᠰᠤᠷᠭᠠᠭᠤᠯᠢ᠎ᠶᠢᠨ ᠨᠡᠮᠡᠵᠦ ᠪᠠᠢᠭᠤᠯᠤᠭᠰᠠᠨ ᠬᠣᠣᠰ ᠣᠶᠤᠲᠠᠨ ᠴᠣᠯᠠᠬᠠᠮᠠᠭᠠᠯᠠᠬᠤ ᠲᠥᠷᠥᠯ ᠵᠦᠢᠯ 4 ᠪᠣᠯᠵᠤ᠂ ᠴᠥᠮ ᠥᠪᠡᠷᠲᠡᠭᠡᠨ ᠵᠠᠰᠠᠬᠤ ᠣᠷᠣᠨ᠎ᠳᠤ ᠠᠩᠬ᠎ᠠ ᠲᠣᠬᠢᠷᠠᠭᠤᠯᠤᠭᠰᠠᠨ ᠲᠦᠷᠦᠯ ᠵᠦᠢᠯ ᠪᠤᠯᠵᠠᠢ᠃
ᠰᠢᠨ᠎ᠡ᠎ᠪᠡᠷ ᠨᠡᠮᠡᠭᠰᠡᠨ 《ᠮᠥᠩᠭᠥᠨ ᠭᠦᠢᠯᠭᠡᠭᠡᠨ᠎ᠦ ᠤᠬᠠᠭᠠᠨ + ᠲᠣᠭᠠᠨ᠎ᠤ ᠤᠬᠠᠭᠠᠨ ᠬᠢᠭᠡᠳ ᠬᠡᠷᠡᠭᠯᠡᠭᠡᠨ᠎ᠦ ᠲᠣᠭᠠᠨ᠎ᠤ ᠤᠬᠠᠭ᠎ᠠ》 ᠤ᠋ ᠬᠣᠣᠰ ᠣᠶᠤᠲᠠᠨ ᠴᠣᠯᠠᠬᠠᠮᠠᠭᠠᠯᠠᠬᠤ ᠲᠥᠷᠥᠯ ᠵᠦᠢᠯ ᠨᠢ ᠨᠡᠢᠭᠡᠮᠪᠠ ᠪᠠᠢᠭᠠᠯᠢ᠎ᠶᠢᠨ ᠰᠢᠨᠵᠢᠯᠡᠬᠦ ᠤᠬᠠᠭᠠᠨ ᠰᠤᠯᠪᠢᠴᠠᠨ ᠠᠭᠤᠰᠤᠯᠴᠠᠭᠰᠠᠨ ᠳᠠᠪᠠᠭᠤᠯᠢᠭ ᠲᠤ᠌ ᠰᠠᠭᠤᠷᠢᠯᠠᠵᠤ᠂ ᠮᠥᠩᠭᠥᠨ ᠭᠦᠢᠯᠭᠡᠭᠡᠨ᠎ᠦ ᠠᠵᠢᠯ ᠲᠥᠷᠥᠯ᠎ᠦᠨ ᠳᠤᠭᠠᠴᠢᠯᠠᠭᠰᠠᠨ ᠤᠶᠤᠨᠴᠢᠯᠠᠭᠰᠠᠨ ᠲᠡᠢᠰᠢ ᠬᠡᠯᠪᠡᠷᠢ ᠪᠠᠨ ᠬᠤᠪᠢᠷᠠᠭᠤᠯᠬᠤ ᠪᠠᠴᠢᠮ ᠬᠡᠷᠡᠭᠴᠡᠭᠡ᠎ᠳᠦ ᠬᠠᠨᠳᠤᠭᠤᠯᠤᠨ᠂ ᠮᠥᠩᠭᠥᠨ ᠭᠦᠢᠯᠭᠡᠭᠡᠨ᠎ᠦ ᠤᠬᠠᠭᠠᠨ ᠪᠠ ᠲᠣᠭᠠᠨ᠎ᠤ ᠤᠬᠠᠭᠠᠨ ᠬᠢᠭᠡᠳ ᠬᠡᠷᠡᠭᠯᠡᠭᠡᠨ᠎ᠦ ᠲᠣᠭᠠᠨ᠎ᠤ ᠤᠬᠠᠭᠠᠨ᠎ᠤ ᠲᠤᠰᠬᠠᠢ ᠮᠡᠷᠭᠡᠵᠢᠯ᠎ᠦᠨ ᠭᠣᠣᠯᠯᠠᠭ᠍ᠴᠢ ᠬᠢᠴᠢᠶᠡᠯ᠎ᠦᠨ ᠰᠢᠰᠲ᠋ᠧᠮ᠎ᠢ ᠨᠡᠢᠳᠬᠡᠨ᠂ ᠮᠥᠩᠭᠥᠨ ᠭᠦᠢᠯᠭᠡᠭᠡᠨ᠎ᠦ ᠤᠬᠠᠭᠠᠨ᠎ᠤ ᠭᠣᠣᠯᠯᠠᠭ᠍ᠴᠢ ᠤᠨᠤᠯ᠎ᠢ ᠡᠵᠡᠮᠰᠢᠭᠰᠡᠨ ᠮᠥᠷᠲᠡᠭᠡᠨ ᠲᠣᠭᠠᠨ᠎ᠤ ᠤᠬᠠᠭᠠᠨ᠎ᠤ ᠵᠠᠭᠪᠤᠷ ᠪᠠᠶ᠋ᠢᠭᠤᠯᠬᠤ ᠪᠠ ᠲᠣᠭ᠎ᠠ ᠪᠠᠷᠢᠮᠲᠠ᠎ᠶᠢ ᠵᠠᠳᠠᠯᠬᠤ ᠠᠷᠭ᠎ᠠ᠎ᠳᠤ ᠨᠡᠪᠲᠡᠷᠡᠭᠰᠡᠨ ᠬᠠᠮ ᠴᠢᠳᠠᠪᠤᠷᠢᠲᠠᠨ᠎ᠢ ᠬᠥᠮᠥᠵᠢᠭᠦᠯᠵᠦ᠂ ᠤᠯᠤᠰ᠎ᠤᠨ ᠮᠥᠩᠭᠥᠨ ᠭᠦᠢᠯᠭᠡᠭᠡᠨ᠎ᠦ ᠴᠢᠨᠠᠷ ᠰᠠᠢᠲᠠᠢ ᠬᠥᠭᠵᠢᠯᠲᠡ ᠪᠠ ᠥᠪᠡᠷᠲᠡᠭᠡᠨ ᠵᠠᠰᠠᠬᠤ ᠣᠷᠣᠨ᠎ᠤ ᠮᠥᠩᠭᠥᠨ ᠭᠦᠢᠯᠭᠡᠭᠡᠨ᠎ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠥᠭᠡᠷᠡᠴᠢᠯᠡᠯᠲᠡ᠎ᠳᠦ ᠦᠢᠯᠡᠴᠢᠯᠡᠬᠦ᠎ᠶᠢᠨ ᠲᠥᠯᠥᠭᠡ ᠶᠤᠮ᠃ 《ᠬᠢᠮᠢ + ᠠᠮᠢᠳᠤ ᠪᠣᠳᠠᠰ᠎ᠤᠨ ᠢᠨᠵᠧᠨᠧᠷᠢᠩ》 ᠤ᠋ᠨ ᠬᠣᠣᠰ ᠣᠶᠤᠲᠠᠨ ᠴᠣᠯᠠ ᠬᠠᠮᠠᠭᠠᠯᠠᠬᠤ ᠲᠥᠷᠥᠯ ᠵᠦᠢᠯ ᠨᠢ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠣᠯᠪᠢᠴᠠᠯ ᠠᠭᠤᠰᠤᠯᠴᠠᠯ᠎ᠤᠨ ᠳᠠᠪᠠᠭᠤᠯᠢᠭ᠋᠎ᠲᠤ ᠰᠠᠭᠤᠷᠢᠯᠠᠵᠤ᠂ ᠬᠢᠮᠢ ᠬᠢᠭᠡᠳ ᠠᠮᠢᠳᠤ ᠪᠣᠳᠠᠰ᠎ᠤᠨ ᠢᠨᠵᠧᠨᠧᠷᠢᠩ᠎ᠦᠨ ᠲᠤᠰᠬᠠᠢ ᠮᠡᠷᠭᠡᠵᠢᠯ᠎ᠦᠨ ᠭᠣᠣᠯᠯᠠᠬᠤ ᠮᠡᠳᠡᠯᠭᠡ᠎ᠶᠢᠨ ᠰᠢᠰᠲᠧᠮ ᠢ᠋ ᠰᠢᠰᠲᠧᠮ ᠳᠠᠢ ᠡᠷᠴᠢᠮᠵᠢᠬᠦᠯᠵᠦ᠂ ᠬᠢᠮᠢ᠎ᠶᠢᠨ ᠰᠢᠨᠵᠢᠯᠡᠭᠡᠨ᠎ᠦ ᠣᠨᠣᠯ᠎ᠤᠨ ᠳᠠᠪᠠᠭᠤᠯᠢᠭ᠋ ᠬᠢᠭᠡᠳ ᠠᠮᠢᠳᠤ ᠪᠣᠳᠠᠰ᠎ᠤᠨ ᠢᠨᠵᠧᠨᠧᠷᠢᠩ᠎ᠦᠨ ᠦᠢᠯᠡᠳᠦᠯᠭᠡ᠎ᠶᠢᠨ ᠮᠡᠷᠭᠡᠵᠢᠯ᠎ᠦᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ 《ᠰᠠᠭᠤᠷᠢᠵᠤᠵᠠᠭᠠᠨ᠂ ᠰᠣᠯᠪᠢᠴᠠᠯ ᠴᠢᠩᠭ᠎ᠠ᠂ ᠰᠢᠨ᠎ᠡ᠎ᠶᠢ ᠡᠭᠦᠳᠬᠦ᠎ᠶᠢ ᠴᠢᠬᠤᠯᠠᠴᠢᠯᠠᠬᠤ》 ᠬᠠᠮ ᠴᠢᠳᠠᠪᠤᠷᠢᠲᠠᠨ᠎ᠢ ᠬᠥᠮᠥᠵᠢᠭᠦᠯᠵᠦ᠂ ᠤᠯᠤᠰ ᠣᠷᠣᠨ ᠬᠢᠭᠡᠳ ᠣᠷᠣᠨ ᠪᠦᠰᠡ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠳᠤ ᠦᠢᠯᠡᠴᠢᠯᠡᠬᠦ᠎ᠵᠢ ᠵᠤᠷᠢᠵᠠᠢ᠃
ᠡᠭᠦᠨ᠎ᠡᠴᠡ ᠡᠮᠦᠨ᠎ᠡ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ 2025 ᠣᠨ᠎ᠳᠤ ᠨᠢᠭᠡᠨᠳᠡ ᠰᠣᠷᠣᠭ᠍ᠴᠢ ᠡᠯᠰᠡᠭᠰᠡᠨ ᠬᠣᠣᠰ ᠣᠶᠤᠲᠠᠨ ᠴᠣᠯᠠᠬᠠᠮᠠᠭᠠᠯᠠᠬᠤ ᠲᠥᠷᠥᠯ ᠵᠦᠢᠯ᠎ᠳ᠋ᠤ 《ᠠᠮᠢ ᠠᠬᠤᠢ᠎ᠶᠢᠨ ᠤᠬᠠᠭᠠᠨ + ᠲᠣᠭ᠎ᠠ ᠪᠠᠷᠢᠮᠲᠠ᠎ᠶᠢᠨ ᠰᠢᠨᠵᠢᠯᠡᠬᠦ ᠤᠬᠠᠭᠠᠨ ᠬᠢᠭᠡᠳ ᠲᠣᠮᠣ᠌ ᠳ᠋ᠠᠢᠲ᠋ᠠ᠎ᠶᠢᠨ ᠮᠡᠷᠭᠡᠵᠢᠯ》 ᠪᠠ 《ᠲᠡᠦᠬᠡ᠎ᠶᠢᠨ ᠤᠬᠠᠭᠠᠨ + ᠬᠢᠲᠠᠳ ᠬᠡᠯᠡ ᠤᠳᠬ᠎ᠠ ᠵᠣᠬᠢᠶᠠᠯ》 ᠤ᠋ᠨ ᠬᠣᠣᠰ ᠣᠶᠤᠲᠠᠨ ᠴᠣᠯᠠ ᠬᠠᠮᠠᠭᠠᠯᠬᠠᠤ ᠲᠥᠷᠥᠯ ᠵᠦᠢᠯ ᠪᠤᠢ᠃