1 ᠰᠠᠷ᠎ᠠ ᠢ᠋ᠢᠨ 15 ᠤ᠋ ᠡᠳᠦᠷ᠂ ᠪᠠᠶᠠᠨᠨᠠᠭᠤᠷ ᠬᠤᠳᠠ ᠢ᠋ᠢᠨ ᠳ᠋ᠸᠩᠺᠸᠤ ᠱᠢᠶᠠᠨ ᠤ᠋ ᠨᠢᠭᠡᠳᠦᠭᠡᠷ ᠳᠤᠮᠳᠠᠳᠤ ᠰᠤᠷᠭᠠᠭᠤᠯᠢ 《ᠳᠦᠷᠢᠮᠵᠢᠭ᠌ᠰᠡᠨ ᠬᠢᠲᠠᠳ ᠦᠰᠦᠭ ᠬᠢᠭᠡᠳ ᠰᠣᠩᠭᠣᠳᠠᠭ ᠦᠭᠡ》 ᠢ᠋ᠢᠨ ᠦᠰᠦᠭ ᠪᠣᠯᠪᠠᠰᠤᠷᠠᠬᠤ ᠤᠷᠤᠯᠳᠤᠭᠠᠨ ᠶᠠᠪᠤᠭᠤᠯᠪᠠ᠃ ᠲᠤᠬᠠᠢ ᠢ᠋ᠢᠨ ᠲᠠᠯᠠᠪᠠᠢ ᠢ᠋ᠢᠨ ᠠᠭᠤᠷ ᠠᠮᠢᠰᠭᠤᠯ ᠨᠠᠮ ᠵᠢᠮ ᠪᠠᠢᠵᠤ᠂ ᠥᠨᠳᠥᠷ ᠳᠤᠮᠳᠠᠳᠤ ᠢ᠋ᠢᠨ ᠬᠣᠶᠠᠳᠤᠭᠠᠷ ᠣᠨ ᠤ᠋ ᠰᠤᠷᠤᠭ᠍ᠴᠢ ᠮᠠ ᠶᠠ ᠪᠢᠷ ᠢ᠋ᠢᠡᠨ ᠠᠶᠠᠷᠬᠠᠨ ᠬᠦᠳᠡᠯᠭᠡᠨ ᠴᠠᠭᠠᠰᠤᠨ ᠳᠡᠭᠡᠷ᠎ᠡ ᠳᠤᠷᠠᠢᠲᠠᠯ᠎ᠠ ᠰᠠᠢᠬᠠᠨ ᠪᠢᠴᠢᠯ᠎ᠠ᠃《ᠦᠰᠦᠭ ᠢ᠋ ᠲᠥᠪ ᠰᠠᠢᠬᠠᠨ ᠪᠢᠴᠢᠪᠠᠯ ᠰᠡᠳᠭᠢᠯ ᠲᠠᠢᠪᠤᠱᠢᠷᠠᠵᠤ᠂ ᠤᠯᠠᠮᠵᠢᠯᠠᠯᠲᠤ ᠰᠣᠶᠣᠯ ᠲᠠᠢ ᠤᠯᠠᠮ ᠤᠢᠷᠠᠲᠤᠭᠰᠠᠨ ᠰᠢᠬ ᠰᠠᠨᠠᠭᠳᠠᠨ᠎ᠠ》 ᠭᠡᠵᠤ ᠮᠠ ᠶᠠ ᠢᠨᠢᠶᠡᠮᠰᠦᠭ᠌ᠯᠡᠨ ᠬᠡᠯᠡᠨ᠎ᠠ᠃
ᠲᠣᠰ ᠤᠳᠠᠭ᠎ᠠ ᠵᠢᠨ ᠤᠷᠤᠯᠳᠤᠭᠠᠨ ᠳ᠋ᠤ ᠰᠤᠷᠤᠭ᠍ᠴᠢᠳ ᠢ᠋ ᠳᠤᠮᠳᠠᠳᠤ ᠢ᠋ᠢᠨ ᠰᠣᠩᠭᠣᠳᠠᠭ ᠱᠢᠯᠦᠭ ᠵᠣᠬᠢᠶᠠᠯ ᠪᠤᠶᠤ ᠦᠨᠳᠦᠰᠦᠲᠡᠨ ᠤ᠋ ᠪᠦᠯᠬᠦᠮᠳᠡᠯ ᠤ᠋ᠨ ᠭᠤᠤᠯ ᠰᠡᠳᠦᠪᠲᠦ ᠦᠭᠡ ᠥᠭᠦᠯᠡᠪᠦᠷᠢ ᠡᠴᠡ ᠰᠣᠩᠭᠣᠨ ᠪᠢᠴᠢᠬᠦ᠌ ᠢ᠋ᠢ ᠱᠠᠭᠠᠷᠳᠠᠵᠠᠶ᠃ ᠵᠢᠭᠠᠨ ᠵᠢᠯᠣᠭᠣᠳᠤᠭᠴᠢ ᠪᠠᠭ᠍ᠰᠢ ᠺᠦᠩ ᠶᠤᠸᠠᠨ᠄ 《ᠲᠤᠰ ᠤᠳᠠᠭ᠎ᠠ ᠵᠢᠨ ᠠᠵᠢᠯᠯᠠᠭ᠎ᠠ ᠨᠢ ᠰᠤᠷᠤᠭ᠍ᠴᠢᠳ ᠤ᠋ᠨ 〈ᠪᠢᠷ ᠪᠠᠷᠢᠪᠠᠯ ᠦᠰᠦᠭ ᠪᠣᠯᠪᠠᠰᠤᠷᠠᠬᠤ〉 ᠳᠠᠳᠭᠠᠯ ᠢ᠋ ᠬᠥᠮᠦᠵᠢᠭᠦᠯᠵᠦ᠍᠂ ᠵᠢᠷᠤᠮᠵᠢᠯ ᠤ᠋ᠨ ᠤᠬᠠᠮᠰᠠᠷ ᠪᠠ ᠰᠣᠶᠣᠯ ᠤ᠋ᠨ ᠮᠡᠳᠡᠷᠡᠮᠵᠢ ᠢ᠋ᠢ ᠪᠢᠷ ᠪᠡᠬᠡᠰ ᠤ᠋ᠨ ᠳᠤᠮᠳᠠ ᠠᠭᠤᠰᠭᠠᠬᠤ ᠪᠡᠷ ᠵᠤᠷᠢᠯᠭ᠎ᠠ ᠪᠡᠨ ᠪᠤᠯᠭᠠᠭᠰᠠᠨ ᠶᠤᠮ》 ᠭᠡᠵᠤ ᠶᠠᠷᠢᠵᠤ ᠪᠠᠢᠯ᠎ᠠ᠃
ᠪᠢᠷ ᠪᠡᠬᠡᠰ ᠡᠴᠡ ᠭᠠᠳᠠᠨ᠎ᠠ᠂ ᠥᠩᠭᠡ ᠪᠤᠳᠤᠭ ᠪᠠ ᠪᠦᠲᠦᠭᠡᠯᠴᠢ ᠰᠡᠳᠭᠢᠮᠵᠢ ᠴᠦ᠍ ᠰᠤᠷᠭᠠᠭᠤᠯᠢ ᠢ᠋ᠢᠨ ᠬᠦᠷᠢᠶᠡᠨ ᠳ᠋ᠤ ᠳᠡᠯᠭᠡᠷᠡᠪᠡ᠃ ᠡᠯ᠎ᠡ ᠠᠩᠭᠢ ᠢ᠋ᠢᠨ ᠬᠢᠴᠢᠶᠡᠯ ᠤ᠋ᠨ ᠭᠡᠷ ᠲᠡᠬᠢ ᠰᠠᠮᠪᠠᠷ᠎ᠠ ᠢ᠋ᠢᠨ ᠰᠣᠨᠢᠨ ᠨᠢ ᠥᠪᠡᠷᠮᠢᠴᠡ ᠦᠵᠡᠮᠵᠢ ᠪᠤᠯᠵᠤ᠂ ᠰᠤᠷᠤᠭ᠍ᠴᠢᠳ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠭᠣᠣᠯ ᠰᠡᠳᠦᠪ ᠤ᠋ᠨ ᠲᠣᠭᠣᠷᠢᠨ ᠳ᠋ᠤ ᠠᠮᠢᠳᠤᠯᠢᠭ ᠱᠣᠭ ᠵᠢᠷᠤᠭ ᠢ᠋ᠢᠡᠷ ᠠᠮᠠᠷᠬᠠᠨ ᠪᠤᠷᠤᠭᠤ ᠤᠩᠱᠢᠬᠤ ᠠᠪᠢᠶ᠎ᠠ ᠢ᠋ᠢ ᠵᠠᠳᠠᠯᠵᠤ᠂ ᠡᠰᠡᠬᠦᠯ᠎ᠡ ᠱᠢᠭᠤᠳ ᠬᠠᠷᠢᠴᠠᠭᠤᠯᠤᠯ ᠢ᠋ᠢᠡᠷ ᠨᠤᠲᠤᠭ ᠤ᠋ᠨ ᠠᠶᠠᠯᠭᠤ ᠪᠣᠯᠤᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡᠨ ᠤ᠋ ᠵᠥᠷᠢᠢᠡ ᠢ᠋ᠢ ᠢᠯᠡᠷᠡᠭᠦᠯᠵᠡᠢ᠃ ᠵᠢᠷᠤᠭ ᠲᠦᠯᠦᠪᠯᠡᠭᠡ ᠢ᠋ᠢ ᠬᠠᠷᠢᠭᠤᠴᠠᠭᠰᠠᠨ ᠲᠢᠶᠠᠨ ᠵᠢᠶᠠ ᠢᠦᠢ᠄ 《ᠪᠢᠳᠡ ᠰᠠᠮᠪᠠᠷ᠎ᠠ ᠢ᠋ᠢᠨ ᠰᠣᠨᠢᠨ ᠢ᠋ᠢᠡᠷ ᠳᠡᠮᠵᠢᠨ ᠤᠯᠤᠰ ᠤ᠋ᠨ ᠨᠡᠢᠲᠡᠮ ᠬᠡᠷᠡᠭᠯᠡᠬᠦ ᠦᠭᠡ ᠬᠡᠯᠡ ᠢ᠋ᠢ ᠨᠡᠡᠭ ᠰᠠᠢᠬᠠᠨ ᠶᠠᠷᠢᠵᠤ᠂ ᠨᠡᠩ ᠠᠮᠢᠳᠤᠯᠢᠭ ᠪᠣᠯᠭᠠᠬᠤ ᠢ᠋ᠢ ᠵᠤᠷᠢᠵᠤ ᠪᠠᠢᠨ᠎ᠠ》 ᠬᠡᠵᠤ ᠬᠡᠯᠡᠨ᠎ᠠ᠃
ᠡᠭᠦᠨ ᠡᠴᠡ ᠭᠠᠳᠠᠨ᠎ᠠ᠂ ᠰᠤᠷᠭᠠᠭᠤᠯᠢ ᠡᠴᠡ ᠪᠠᠰᠠ ᠲᠣᠭ᠍ᠲᠠᠮᠠᠯ ᠬᠤᠭᠤᠴᠠᠭ᠎ᠠ ᠲᠠᠢ ᠪᠠᠷ 《ᠳᠤᠮᠳᠠᠳᠤ ᠢ᠋ᠢᠨ ᠵᠡᠭᠦᠳᠦ᠍ ᠢ᠋ᠢ ᠰᠡᠳᠭᠢᠯ ᠨᠢᠭᠡᠳᠦᠨ ᠬᠠᠮᠲᠤ ᠪᠠᠷ ᠲᠡᠷᠭᠡᠯᠱᠢᠭᠦᠯᠵᠦ᠍ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠢ᠋ᠢ ᠬᠠᠮᠲᠤ ᠪᠠᠷ ᠶᠠᠷᠢᠬᠤᠢ》 ᠦᠨᠳᠦᠰᠦᠲᠡᠨ ᠤ᠋ ᠪᠦᠯᠬᠦᠮᠳᠡᠯ ᠤ᠋ᠨ ᠤᠷᠠᠨ ᠤᠩᠱᠢᠯᠭ᠎ᠠ ᠢ᠋ᠢᠨ ᠸᠢᠳᠢᠣ᠋ ᠪᠢᠴᠢᠯᠭᠡ ᠡᠯᠰᠡᠬᠦ ᠠᠵᠢᠯᠯᠠᠭ᠎ᠠ ᠡᠷᠭᠢᠯᠡᠪᠡ᠃ ᠰᠤᠷᠤᠭ᠍ᠴᠢ ᠵᠠᠩ ᠾᠧ ᠶᠠ 《ᠦᠨᠳᠦᠰᠦᠲᠡᠨ ᠤ᠋ ᠪᠦᠯᠬᠦᠮᠳᠡᠯ ᠤ᠋ᠨ ᠮᠠᠭ᠍ᠲᠠᠭᠠᠯ》 ᠵᠡᠷᠭᠡ ᠵᠢ ᠲᠤᠭᠯᠠᠭᠰᠠᠨ ᠤ᠋ ᠳᠠᠷᠠᠭ᠎ᠠ᠄ 《ᠪᠢᠳᠡ ᠳᠠᠬᠢᠨ ᠳᠠᠪᠲᠠᠨ ᠴᠢᠷᠮᠠᠢᠨ ᠪᠤᠯᠪᠠᠰᠤᠷᠠᠵᠤ ᠪᠠᠢᠭ᠎ᠠ ᠨᠢ ᠵᠥᠪᠬᠡᠨ ᠤᠡᠭᠰᠢᠯᠭ᠎ᠠ ᠵᠢᠨ ᠲᠡᠳᠦᠢ ᠪᠢᠰᠢ᠂ ᠬᠠᠷᠢᠨ ᠬᠠᠮᠲᠤ ᠢ᠋ᠢᠨ ᠬᠠᠢᠷ᠎ᠠ ᠰᠡᠳᠭᠢᠯᠭᠡ ᠪᠠᠨ ᠢᠯᠡᠷᠡᠬᠦᠯᠬᠦ ᠵᠢᠨ ᠲᠦᠯᠦᠬᠡ ᠶᠤᠮ》 ᠭᠡᠵᠤ ᠬᠡᠯᠡᠨ᠎ᠠ᠃
《ᠰᠤᠷᠭᠠᠭᠤᠯᠢ ᠡᠴᠡ ᠪᠢᠴᠢᠬᠦ᠌᠂ ᠵᠢᠷᠤᠬᠤ᠂ ᠤᠩᠱᠢᠬᠤ ᠵᠡᠷᠭᠡ ᠤᠯᠠᠨ ᠲᠠᠯᠠᠲᠤ ᠦᠢᠯᠡᠳᠦᠯᠭᠡ ᠪᠡᠷ ᠳᠠᠮᠵᠢᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠢ᠋ᠢ ᠮᠡᠳᠡᠯᠭᠡ ᠢ᠋ᠢᠨ ᠤᠬᠠᠭᠤᠯᠭ᠎ᠠ ᠡᠴᠡ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠤᠷᠤᠭ᠍ᠴᠢᠳ ᠤ᠋ᠨ ᠦᠭᠡ ᠬᠡᠯᠡ ᠦᠰᠦᠭ ᠪᠢᠴᠢᠭ ᠤ᠋ᠨ ᠳᠦᠷᠢᠮᠵᠢᠯ ᠤ᠋ᠨ ᠤᠬᠠᠮᠰᠠᠷ ᠪᠣᠯᠤᠨ ᠦᠨᠳᠦᠰᠦᠲᠡᠨ ᠤ᠋ ᠪᠦᠯᠬᠦᠮᠳᠡᠯ ᠤ᠋ᠨ ᠮᠡᠳᠡᠷᠡᠮᠵᠢ ᠢ᠋ᠢ ᠪᠦᠲᠦᠮᠵᠢᠲᠡᠢ ᠳᠡᠭᠡᠭ᠌ᠰᠢᠯᠡᠭᠦᠯᠪᠡ᠃ ᠤᠯᠤᠰ ᠤ᠋ᠨ ᠲᠣᠭ ᠤ᠋ᠨ ᠳᠤᠤᠷᠠᠬᠢ ᠦᠵᠡᠯ ᠰᠠᠨᠠᠭ᠎ᠠ ᠤᠯᠤᠰ ᠲᠥᠷᠥ ᠢ᠋ᠢᠨ ᠬᠢᠴᠢᠶᠡᠯ᠂ ᠬᠢᠴᠢᠶᠡᠯ ᠤ᠋ᠨ ᠵᠦᠴᠦᠭᠡ ᠪᠣᠯᠤᠨ ᠳᠠᠭᠤᠷᠢᠶᠠᠮᠠᠯ ᠱᠢᠭᠦᠬᠦ᠌ ᠲᠢᠩᠬᠢᠮ ᠤ᠋ᠨ ᠪᠡᠯᠡᠳᠭᠡᠯ ᠵᠡᠷᠭᠡ ᠠᠵᠢᠯᠯᠠᠭ᠎ᠠ ᠳ᠋ᠤ ᠴᠤ᠌ ᠦᠭᠡ ᠬᠡᠯᠡᠨ ᠤ᠋ ᠵᠢᠷᠤᠮᠵᠢᠯ ᠪᠣᠯᠤᠨ ᠪᠦᠯᠬᠦᠮᠳᠡᠯ ᠤ᠋ᠨ ᠬᠥᠮᠦᠵᠢᠯ ᠢ᠋ ᠠᠭᠤᠰᠭᠠᠨ ᠣᠷᠣᠭᠤᠯᠪᠠ᠃ ᠲᠠᠷᠠᠭᠠᠴᠢ ᠪᠡᠷ 〈ᠡᠳᠦᠷ ᠪᠦᠷᠢ ᠢ᠋ᠢᠨ ᠤᠩᠱᠢᠯᠭ᠎ᠠ〉᠂ 〈ᠬᠢᠲᠠᠳ ᠥᠰᠥᠭ ᠰᠣᠨᠣᠰᠴᠤ᠌ ᠪᠢᠴᠢᠬᠦ᠌ ᠤᠷᠤᠯᠳᠤᠭᠠᠨ〉 ᠵᠡᠷᠭᠡ ᠠᠵᠢᠯᠯᠠᠭ᠎ᠠ ᠢ᠋ᠢ ᠦᠷᠭᠦᠯᠵᠢᠯᠡᠨ ᠥᠷᠨᠢᠭᠦᠯᠵᠦ᠍᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠰᠤᠷᠭᠠᠭᠤᠯᠢ ᠢ᠋ᠢᠨ ᠬᠦᠷᠢᠶᠡᠨ ᠤ᠋ ᠡᠳᠦᠷ ᠲᠤᠲᠤᠮ ᠤ᠋ᠨ ᠰᠣᠯᠢᠯᠴᠠᠭᠠᠨ ᠤ᠋ ᠨᠢᠬᠡᠳᠤᠬᠡᠷ ᠦᠭᠡ ᠬᠡᠯᠡ ᠪᠣᠯᠭᠠᠵᠤ᠂ ᠰᠣᠶᠣᠯ ᠤ᠋ᠨ ᠤᠯᠠᠮᠵᠢᠯᠠᠯ ᠪᠠ ᠦᠨᠳᠦᠰᠦᠲᠡᠨ ᠤ᠋ ᠪᠦᠯᠬᠦᠮᠳᠡᠯ ᠳ᠋ᠤ ᠪᠠᠲᠤ ᠰᠠᠭᠤᠷᠢ ᠢ᠋ᠢ ᠲᠠᠯᠪᠢᠨ᠎ᠠ》ᠭᠡᠵᠦ᠍ ᠲᠣᠰ ᠰᠤᠷᠭᠠᠭᠤᠯᠢ ᠢ᠋ᠢᠨ ᠳᠡᠳ᠋ ᠵᠠᠬᠢᠷᠤᠯ ᠡᠸ᠋ ᠵᠢᠩ ᠲᠠᠨᠢᠯᠴᠠᠭᠤᠯᠪᠠ᠃
2025 ᠣᠨ ᠳ᠋ᠤ᠂ ᠳ᠋ᠸᠩᠺᠸᠤ ᠱᠢᠶᠠᠨ ᠳᠤᠮᠳᠠᠳᠤ ᠢ᠋ᠢᠨ ᠦᠨᠳᠦᠰᠦᠲᠡᠨ ᠤ᠋ ᠬᠠᠮᠲᠤ ᠢ᠋ᠢᠨ ᠴᠣᠭ᠍ᠴᠠ ᠢ᠋ᠢᠨ ᠤᠬᠠᠮᠰᠠᠷ ᠢ᠋ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠲᠦᠭᠡᠮᠡᠯᠵᠢᠭᠦᠯᠬᠦ᠌ ᠠᠵᠢᠯ ᠢ᠋ ᠱᠢᠰᠲ᠋ᠧᠮ ᠲᠡᠶ ᠠᠬᠢᠭᠤᠯᠵᠠᠢ᠃ ᠪᠥᠬᠥ᠌ ᠱᠢᠶᠠᠨ ᠤ᠋ ᠲᠥᠷᠥᠯ ᠵᠦᠶ᠋ᠯ ᠤ᠋ᠨ ᠬᠡᠦᠬᠡᠳ ᠤ᠋ᠨ ᠴᠡᠴᠡᠷᠯᠢᠭ (ᠬᠥᠳᠡᠭᠡ ᠲᠣᠰᠭᠣᠨ ᠤ᠋ 4 ᠰᠤᠷᠭᠠᠭᠤᠯᠢ ᠢ᠋ᠢᠨ ᠡᠷᠭᠢᠯᠡᠭ᠌ᠰᠡᠨ ᠬᠡᠦᠬᠡᠳ ᠤ᠋ᠨ ᠴᠡᠴᠡᠷᠯᠢᠭ ᠢ᠋ ᠪᠠᠭ᠍ᠲᠠᠭᠠᠨᠠ) ᠤ᠋ᠨ ᠣᠶᠤᠨᠴᠢ ᠲᠤᠰᠠᠯᠠᠬᠤ ᠰᠤᠷᠭᠠᠨ ᠬᠦᠮᠦᠵᠢᠯ ᠤ᠋ᠨ ᠱᠢᠰᠲ᠋ᠧᠮ ᠤ᠋ᠨ ᠬᠡᠷᠡᠭ᠌ᠯᠡᠭᠡᠨ ᠤ᠋ ᠨᠣᠷᠮ᠎ᠠ ᠢ᠋ᠢ 100% ᠳ᠋ᠤ ᠬᠦᠷᠭᠡᠵᠦ᠍᠂ ᠬᠡᠯᠡᠨ ᠤ᠋ ᠰᠠᠭᠤᠷᠢ ᠢ᠋ᠢ ᠡᠬᠢ ᠡᠭᠦᠰᠦᠯ ᠡᠴᠡ ᠨᠢ ᠪᠠᠲᠤᠳᠬᠠᠪᠠ᠃ ᠡᠭᠦᠨ ᠡᠴᠡ ᠭᠠᠳᠠᠨ᠎ᠠ ᠪᠠᠰᠠ ᠭᠣᠣᠯ ᠰᠡᠳᠦᠪᠲᠦ ᠲᠠᠢᠯᠤᠮᠵᠢ᠂ ᠶᠠᠷᠢᠶ᠎ᠠ ᠢᠯᠡᠳᠭᠡᠯ ᠤ᠋ᠨ ᠤᠷᠤᠯᠳᠤᠭᠠᠨ᠂ ᠤᠷᠠᠨ ᠪᠢᠴᠢᠯᠭᠡ ᠢ᠋ᠢᠨ ᠦᠵᠡᠭᠦᠯᠭᠡ ᠵᠡᠷᠭᠡ ᠬᠡᠯᠪᠡᠷᠢ ᠪᠡᠷ ᠪᠦᠬᠦ᠌ ᠱᠢᠶᠠᠨ ᠤ᠋ ᠰᠤᠷᠭᠠᠨ ᠬᠥᠮᠦᠵᠢᠯ ᠤ᠋ᠨ ᠱᠢᠰᠲ᠋ᠧᠮ ᠳ᠋ᠤ 《ᠤᠯᠤᠰ ᠤ᠋ᠨ ᠨᠡᠢᠳᠡᠮ ᠬᠡᠷᠡᠭᠯᠡᠬᠦ ᠦᠭᠡ ᠢ᠋ᠢ ᠬᠡᠯᠡᠵᠤ᠂ ᠳᠦᠷᠢᠮᠵᠢᠭ᠌ᠰᠡᠨ ᠦᠰᠦᠭ ᠢ᠋ ᠪᠢᠴᠢᠬᠦ᠌》 ᠥᠳᠭᠡᠨ ᠵᠤᠵᠠᠭᠠᠨ ᠠᠭᠤᠷ ᠠᠮᠢᠰᠭᠤᠯ ᠢ᠋ ᠪᠤᠢ ᠪᠣᠯᠭᠠᠵᠠᠢ᠃
ᠳᠦᠷᠢᠮᠵᠢᠭ᠌ᠰᠡᠨ ᠦᠭᠡ ᠬᠡᠯᠡ ᠦᠰᠦᠭ ᠪᠢᠴᠢᠭ ᠨᠢ ᠡᠳᠦᠷ ᠲᠤᠳᠤᠮ ᠤ᠋ᠨ ᠪᠢᠴᠢᠯᠭᠡ᠂ ᠰᠠᠮᠪᠠᠷ᠎ᠠ ᠢ᠋ᠢᠨ ᠰᠣᠨᠢᠨ ᠪᠠ ᠤᠷᠠᠨ ᠤᠡᠭᠰᠢᠯᠭ᠎ᠠ ᠳ᠋ᠤ ᠠᠭᠤᠰᠤᠨ ᠱᠢᠩᠭᠡᠬᠦᠶᠠ ᠲᠡᠷᠡ ᠨᠢ ᠬᠡᠢᠰᠪᠦᠷᠢ ᠳᠦᠷᠢᠮᠵᠢᠯ ᠤ᠋ᠨ ᠱᠠᠭᠠᠷᠳᠠᠯᠭ᠎ᠠ ᠪᠢᠰᠢ ᠪᠤᠯᠵᠤ᠂ ᠬᠠᠷᠢᠨ ᠬᠥᠮᠦᠰ ᠲᠦ᠍ ᠣᠢᠯᠠᠭᠠᠭ᠍ᠳᠠᠭᠰᠠᠨ ᠮᠡᠳᠡᠷᠡᠮᠵᠢ ᠢ᠋ᠢᠨ ᠬᠣᠯᠪᠣᠭᠠᠰᠤ ᠪᠣᠯᠤᠭᠰᠠᠨ ᠪᠠᠢᠨ᠎ᠠ᠃