ᠱᠢᠨ᠎ᠡ ᠤᠨᠦ ᠡᠬᠢ ᠪᠡᠷ᠂ ᠮᠥᠰᠥ᠍ ᠴᠠᠰᠤᠨ ᠳ᠋ᠤ ᠬᠤᠴᠢᠭ᠍ᠳᠠᠭ᠍ᠰᠠᠨ ᠶᠠᠭ᠍ᠰᠢ ᠬᠤᠲᠠ ᠶ᠋ᠢᠨ ᠠᠯᠲᠠᠨ ᠭᠠᠷᠤᠳᠢ ᠠᠭᠤᠯᠠ ᠶ᠋ᠢᠨ ᠦᠵᠡᠮᠵᠢ ᠶ᠋ᠢᠨ ᠣᠷᠣᠨ ᠡᠴᠡ ᠤᠷᠤᠯᠳᠤᠭᠠᠨ ᠤ᠋ ᠮᠠᠰᠢᠨ ᠤ᠋ ᠬᠦᠷᠴᠢᠭᠢᠨᠡᠨ ᠬᠦᠡᠭᠭᠢᠨᠡᠬᠦ ᠳᠠᠭᠤᠨ ᠬᠤᠯᠠ ᠡᠴᠡ ᠲᠤᠭᠤᠯᠳᠠᠨ᠎ᠠ᠃ ᠱᠢᠨ᠎ᠡ ᠪᠡᠷ ᠪᠠᠢᠭᠤᠯᠤᠭᠰᠠᠨ 110 ᠲᠦᠮᠡᠨ ᠲᠡᠭ᠌ᠰᠢ ᠳᠥᠷᠪᠡᠯᠵᠢᠨ ᠮᠧᠲ᠋ᠷ ᠲᠠᠯᠠᠪᠠᠢ ᠪᠦᠬᠦᠢ ᠣᠯᠠᠨ ᠨᠡᠢᠲᠡ ᠶ᠋ᠢᠨ ᠮᠥᠰᠥ᠍ ᠴᠠᠰᠤᠨ ᠳ᠋ᠤ ᠲᠤᠷᠱᠢᠨ ᠵᠢᠯᠣᠭᠣᠳᠭᠤ ᠲᠠᠯᠠᠪᠤᠷ ᠨᠢ ᠰᠦᠷᠯᠢᠭ ᠰᠠᠢᠬᠠᠨ ᠲᠡᠬᠦᠰ ᠦᠵᠡᠮᠵᠢ ᠵᠢ ᠪᠦᠷᠢᠯᠳᠦᠬᠦᠯᠵᠤ᠂ ABS ᠵᠠᠮ᠂ ᠠᠭᠤᠯᠠ ᠤᠷᠢᠶᠠᠭᠰᠠᠨ ᠵᠠᠮ᠂ ᠮᠥᠰᠥᠲᠦ ᠵᠠᠮ᠂ ᠴᠠᠰᠤᠲᠦ ᠲᠠᠯᠠᠪᠠᠶ᠂ ᠮᠥᠰᠥ᠍ ᠴᠠᠰᠤᠨ ᠤ᠋ ᠲᠣᠭᠣᠷᠢᠭᠤᠯ ᠵᠠᠮ ᠵᠡᠷᠭᠡ 10 ᠭᠠᠷᠤᠶ ᠵᠦᠶ᠋ᠯ ᠤ᠋ᠨ ᠥᠨᠳᠥᠷ ᠪᠠᠷᠢᠮᠵᠢᠶᠠᠲᠤ ᠲᠤᠷᠱᠢᠯᠲᠠ ᠶ᠋ᠢᠨ ᠵᠠᠮ ᠢ᠋ ᠲᠤᠬᠢᠷᠠᠭᠤᠯᠵᠠᠢ᠃ ᠲᠤᠰᠭᠠᠶ ᠲᠥᠯᠥᠪᠵᠢᠭᠦᠯᠦᠭ᠌ᠰᠡᠨ ᠮᠥᠰᠥ᠍ ᠴᠠᠰᠤᠨ ᠤ᠋ ᠤᠷᠤᠯᠳᠤᠭᠠᠨ ᠤ᠋ ᠵᠠᠮ ᠶ᠋ᠢᠡᠷ ᠮᠠᠰᠢᠨ ᠲᠡᠷᠭᠡ ᠨᠤᠭᠦᠳ ᠨᠢᠰᠬᠦ ᠮᠡᠲᠦ ᠳᠠᠪᠬᠢᠯᠳᠦᠨ᠂ ᠲᠡᠷᠭᠡᠨ ᠬᠦᠷᠳᠦᠨ ᠡᠴᠡ ᠰᠠᠴᠤᠭᠳᠠᠭᠰᠠᠨ ᠴᠠᠰᠤᠨ ᠪᠤᠲᠠᠷᠠᠭ᠎ᠠ ᠰᠤᠯᠤᠡᠭᠭᠠ ᠲᠠᠲᠠᠨ ᠬᠤᠢᠯᠠᠷᠠᠨ᠎ᠠ᠃ ᠥᠩᠭᠡᠷᠡᠭ᠌ᠰᠡᠨ ᠳ᠋ᠦ ᠬᠥᠭ᠌ᠵᠢᠯᠲᠡ ᠵᠢ ᠬᠢᠵᠠᠭᠠᠷᠯᠠᠵᠤ ᠪᠠᠢᠭᠰᠠᠨ ᠲᠤᠢᠯ ᠤ᠋ᠨ ᠬᠦᠢᠳᠡᠨ ᠠᠭᠤᠷ ᠠᠮᠢᠰᠭᠤᠯ ᠨᠢ ᠣᠲᠣ ᠬᠦᠶ᠋ᠲᠡᠨ ᠭᠠᠵᠠᠷ ᠤᠷᠤᠨ ᠳ᠋ᠡᠬᠢ ᠮᠠᠱᠢᠨ ᠲᠡᠷᠭᠡᠨ ᠤ᠋ ᠬᠢᠨᠠᠨ ᠰᠢᠯᠭᠠᠯᠲᠠ ᠶ᠋ᠢᠨ ᠠᠵᠤ ᠦᠶ᠋ᠯᠡᠰ ᠤ᠋ᠨ ᠤᠯᠳᠠᠰᠢ ᠦᠬᠡᠢ ᠡᠬᠢ ᠪᠠᠶᠠᠯᠢᠭ ᠪᠤᠯᠵᠤ᠂ ᠣᠯᠠᠨ ᠲᠦᠮᠡᠨ ᠳ᠋ᠦ ᠬᠠᠨᠳᠤᠭᠤᠯᠤᠭ᠍ᠰᠠᠨ ᠰᠣᠶᠣᠯ ᠵᠢᠭᠤᠯᠴᠢᠯᠠᠯ ᠤ᠋ᠨ ᠱᠢᠨ᠎ᠡ ᠲᠦᠷᠦᠯ ᠵᠦᠢᠯ ᠤ᠋ᠨ ᠬᠤᠪᠤᠷ ᠨᠠᠨᠳᠢᠨ ᠡᠬᠢ ᠪᠠᠶᠠᠯᠢᠭ ᠪᠤᠯᠵᠠᠢ᠃
《ᠡᠨᠳᠡᠬᠢ ᠤᠷᠤᠯᠳᠤᠭᠠᠨ ᠤ᠋ ᠵᠠᠮ ᠨᠢ ᠮᠠᠰᠢᠨ ᠲᠡᠷᠭᠡ ᠵᠢ ᠮᠦᠰᠦ ᠴᠠᠰᠤᠨ ᠳ᠋ᠦ ᠬᠠᠯᠢᠰᠬᠠᠬᠤ ᠳ᠋ᠦ ᠮᠠᠰᠢ ᠲᠣᠬᠢᠷᠠᠨ᠎ᠠ》᠃ ᠬᠡᠳᠦᠨ ᠡᠳᠦᠷ ᠤ᠋ᠨ ᠡᠮᠦᠨ᠎ᠡ᠂ ᠣᠯᠠᠨ ᠤᠯᠤᠰ ᠤ᠋ᠨ ᠮᠠᠰᠢᠨ ᠲᠡᠷᠭᠡᠨ ᠤ᠋ ᠲᠤᠰᠬᠠᠢ ᠮᠡᠷᠭᠡᠵᠢᠯ ᠤ᠋ᠨ ᠬᠢᠨᠠᠭ᠍ᠴᠢ᠂ ᠳᠠᠰᠭᠠᠯᠵᠢᠭᠤᠯᠤᠭ᠍ᠴᠢ ᠵᠢᠴᠢ ᠲᠤᠰᠬᠠᠢ ᠮᠡᠷᠭᠡᠵᠢᠯ ᠤ᠋ᠨ ᠲᠡᠷᠭᠡ ᠤᠷᠤᠯᠳᠤᠭᠴᠢ ᠢ ᠸᠠᠨ ᠶᠠᠭ᠍ᠰᠢ ᠬᠤᠲᠠ ᠳ᠋ᠦ ᠢᠷᠡᠵᠦ᠂ ᠮᠥᠰᠥᠨ ᠳᠡᠭᠡᠷᠡᠬᠢ ᠥᠨᠳᠥᠷ ᠪᠠᠷᠢᠮᠵᠢᠶᠠᠲᠤ ᠤᠷᠤᠯᠳᠤᠭᠠᠨ ᠤ᠋ ᠵᠠᠮ ᠢ᠋ ᠪᠡᠶᠡᠴᠢᠯᠡᠨ ᠤᠢᠯᠠᠭᠠᠵᠠᠢ᠃ ᠲᠡᠷᠡ ᠪᠡᠷ ᠨᠢᠭᠡ ᠭᠠᠷᠠᠭ ᠳᠠᠷᠠᠭᠠᠯᠠᠨ ᠡᠳᠦᠷ ᠪᠦᠷᠢ ᠬᠤᠶᠠᠷ ᠲᠤᠭᠤᠷᠢᠭ ᠭᠦᠶᠦᠯᠭᠡᠵᠦ᠂ ᠲᠤᠰᠭᠠᠶ ᠮᠡᠷᠭᠡᠵᠢᠯ ᠤ᠋ᠨ ᠤᠷᠤᠯᠳᠤᠭᠠᠨ ᠤ᠋ ᠵᠠᠮ᠂ ᠴᠢᠨᠠᠷ ᠰᠠᠢᠲᠠᠶ ᠮᠥᠰᠥ᠍ ᠴᠠᠰᠤᠨ ᠤ᠋ ᠣᠷᠴᠢᠨ ᠲᠣᠭᠣᠷᠢᠨ ᠢ᠋ ᠪᠡᠶᠡᠴᠢᠯᠡᠨ ᠣᠢᠯᠠᠭᠠᠵᠤ᠂ ᠤᠷᠤᠯᠳᠤᠭᠠᠨ ᠤ᠋ ᠲᠠᠯᠠᠪᠤᠷ ᠲᠦ᠍ ᠮᠠᠰᠢ ᠬᠠᠨᠤᠮᠵᠢᠲᠠᠢ ᠪᠠᠢᠵᠤ ᠡᠷᠡᠭᠡᠢ ᠭᠠᠷᠭᠠᠨ ᠮᠠᠭᠲᠠᠵᠤ ᠪᠠᠢᠯ᠎ᠠ᠃
ᠡᠨᠡ ᠪᠣᠯ ᠶᠠᠭ᠍ᠰᠢ ᠬᠤᠲᠠ ᠲᠤᠢᠯ ᠤ᠋ᠨ ᠬᠦᠢᠳᠡᠨ ᠠᠭᠤᠷ ᠠᠮᠢᠰᠭᠤᠯ ᠤ᠋ᠨ ᠡᠬᠢ ᠪᠠᠶᠠᠯᠢᠭ ᠢ᠋ ᠭᠦᠢᠴᠡᠳ ᠠᠭᠤᠳᠠᠯᠯᠠᠵᠤ᠂ 《ᠮᠥᠰᠥ᠍ ᠴᠠᠰᠤᠨ ᠤ᠋ ᠰᠣᠶᠣᠯ ᠵᠢᠭᠤᠯᠴᠢᠯᠠᠯ + ᠮᠠᠱᠢᠨ ᠲᠡᠷᠭᠡᠨ ᠤ᠋ ᠬᠢᠨᠠᠨ ᠰᠢᠯᠭᠠᠯᠲᠠ》 ᠶ᠋ᠢᠨ ᠬᠤᠤᠰ ᠴᠢᠭᠯᠡᠯᠲᠦ ᠬᠥᠳᠡᠯᠭᠡᠭᠦᠷ ᠤ᠋ᠨ ᠪᠠᠢᠯᠳᠤᠬᠤ ᠪᠣᠳᠣᠯᠭ᠎ᠠ ᠶ᠋ᠢᠨ ᠦᠷ᠎ᠡ ᠪᠦᠲᠦᠭᠡᠯ ᠪᠣᠯᠤᠨ᠎ᠠ᠃ ᠡᠨᠡ ᠡᠪᠦᠯ ᠲᠤᠬᠠᠢ ᠶ᠋ᠢᠨ ᠭᠠᠵᠠᠷ ᠤ᠋ᠨ ᠬᠢᠨ ᠡᠪᠦᠯ ᠤ᠋ᠨ ᠤᠯᠠᠷᠢᠯ ᠤ᠋ᠨ ᠮᠠᠱᠢᠨ ᠲᠡᠷᠭᠡᠨ ᠤ᠋ ᠬᠢᠨᠠᠨ ᠰᠢᠯᠭᠠᠯᠲᠠ ᠶ᠋ᠢᠨ ᠪᠣᠯᠪᠠᠰᠤᠷᠠᠩᠭᠤᠢ ᠲᠤᠷᠰᠢᠯᠭ᠎ᠠ ᠳ᠋ᠠᠭᠠᠨ ᠰᠠᠭᠤᠷᠢᠯᠠᠨ《ᠬᠢᠨᠠᠨ ᠰᠢᠯᠭᠠᠯᠲᠠ ᠪᠠ ᠰᠤᠶᠤᠯ ᠵᠢᠭᠤᠯᠴᠢᠯᠠᠯ ᠢ᠋ ᠠᠭᠤᠰᠤᠯᠴᠠᠭᠤᠯᠬᠤ》 ᠤᠨᠴᠠᠯᠢᠬ᠍ᠳᠤ ᠠᠵᠤ ᠦᠢᠯᠡᠰ ᠤ᠋ᠨ ᠰᠢᠨ᠎ᠡ ᠵᠢ ᠡᠭᠦᠳᠴᠦ᠂ ᠲᠤᠰᠭᠠᠢ ᠮᠡᠷᠭᠡᠵᠢᠯ ᠤ᠋ᠨ ᠬᠦᠷᠢᠶᠡᠨ ᠳ᠋ᠦ ᠪᠡᠬᠢᠯᠡᠯᠲᠡ ᠱᠢᠪᠲᠤᠯᠤᠨ᠂ ᠪᠦᠬᠦ᠌ ᠠᠷᠠᠳ ᠵᠢᠡᠷ ᠵᠢᠡᠨ ᠣᠷᠣᠯᠴᠠᠵᠤ ᠪᠣᠯᠬᠤ 225 ᠲᠦᠮᠡᠨ ᠲᠡᠭ᠌ᠰᠢ ᠳᠥᠷᠪᠡᠯᠵᠢᠨ ᠮᠸᠲᠷ ᠳᠠᠯᠠᠪᠠᠢ ᠪᠦᠬᠦᠢ ᠮᠥᠰᠥ᠍ ᠴᠠᠰᠤᠨ ᠳ᠋ᠡᠬᠢ ᠮᠠᠱᠢᠨ ᠲᠡᠷᠭᠡᠨ ᠤ᠋ ᠵᠤᠭ᠎ᠠ ᠴᠡᠩᠭᠡᠯ ᠤ᠋ᠨ ᠲᠠᠯᠠᠪᠤᠷ ᠢ᠋ ᠱᠢᠨ᠎ᠡ ᠪᠡᠷ ᠪᠠᠢᠭᠤᠯᠵᠤ᠂ ᠪᠡᠶᠡᠴᠢᠯᠡᠨ ᠣᠢᠯᠠᠭᠠᠬᠤ᠂ ᠮᠠᠰᠢᠨ ᠲᠡᠷᠭᠡ ᠪᠡᠷ ᠴᠠᠰᠤᠲᠤ ᠲᠠᠯ᠎ᠠ ᠵᠢ ᠲᠤᠭᠤᠯᠬᠤ ᠵᠡᠷᠭᠡ ᠤᠯᠠᠨ ᠨᠡᠢᠲᠡ ᠶ᠋ᠢᠨ ᠲᠤᠷᠰᠢᠨ ᠰᠠᠭᠤᠯᠭᠠᠵᠤ ᠲᠤᠷᠰᠢᠨ ᠵᠢᠯᠤᠭᠤᠳᠬᠤ ᠲᠦᠷᠦᠯ ᠵᠦᠢᠯ ᠢ᠋ ᠭᠠᠷᠭᠠᠪᠠ᠃ ᠣᠳᠣᠬᠠᠨ ᠳ᠋ᠤ ᠲᠣᠰ ᠲᠠᠯᠠᠪᠤᠷᠤ᠋ᠨ 110 ᠲᠦᠮᠡᠨ ᠲᠡᠭ᠌ᠰᠢ ᠳᠥᠷᠪᠡᠯᠵᠢᠨ ᠮᠧᠲ᠋ᠷ ᠨᠢ ᠨᠢᠭᠡᠨᠲᠡ ᠪᠠᠢᠭᠤᠯᠵᠤ ᠲᠠᠭᠤᠰᠬᠠᠭᠰᠠᠨ ᠪᠥᠭᠡᠳ ᠠᠱᠢᠭ᠍ᠯᠠᠯᠲᠠ ᠳ᠋ᠤ ᠣᠷᠣᠭᠤᠯᠵᠤ᠂ ᠲᠤᠰᠭᠠᠶ ᠮᠡᠷᠭᠡᠵᠢᠯ ᠤ᠋ᠨ ᠳᠠᠰᠭᠠᠯᠵᠢᠭᠤᠯᠤᠭ᠍ᠴᠢ ᠶ᠋ᠢᠨ ᠪᠦᠯᠬᠦᠮ ᠳᠣᠭᠢᠷᠠᠭᠤᠯᠤᠨ᠂ ᠠᠳᠠᠯᠢ ᠪᠤᠰᠤ ᠲᠦᠪᠱᠢᠨ ᠪᠥᠬᠥᠶ ᠪᠡᠶᠡᠴᠢᠯᠡᠨ ᠣᠢᠯᠠᠭᠠᠭᠰᠠᠳ ᠲᠦ᠍ ᠨᠢᠭᠡᠳ ᠨᠢᠭᠡ ᠪᠡᠷ ᠲᠤᠰᠭᠠᠶ ᠮᠡᠷᠭᠡᠵᠢᠯ ᠤ᠋ᠨ ᠵᠢᠯᠣᠭᠣᠳᠣᠯᠭ᠎ᠠ ᠬᠠᠩᠭᠠᠵᠤ᠂ ᠣᠯᠠᠨ ᠲᠦᠮᠡᠨ ᠳ᠋ᠦ ᠮᠦᠰᠦᠲᠦ ᠲᠠᠯ᠎ᠠ ᠴᠠᠰᠤᠳᠤ ᠵᠠᠮ ᠶ᠋ᠢᠡᠷ ᠮᠠᠰᠢᠨ ᠲᠡᠷᠭᠡ ᠵᠢᠯᠤᠭᠤᠳᠬᠤ ᠶ᠋ᠢᠨ ᠬᠠᠪᠤ ᠴᠡᠡᠭᠭᠡᠯ ᠢ᠋ ᠡᠳ᠋ᠯᠡᠭᠦᠯᠬᠦ ᠶ᠋ᠢᠨ ᠬᠠᠮᠲᠤ ᠡᠪᠦᠯ ᠤ᠋ᠨ ᠤᠯᠠᠷᠢᠯ ᠤ᠋ᠨ ᠠᠮᠤᠷ ᠲᠦᠪᠱᠢᠨ ᠶ᠋ᠢᠡᠷ ᠲᠡᠷᠭᠡ ᠵᠢᠯᠣᠭᠣᠳᠭᠤ ᠬᠡᠷᠡᠭ᠌ᠯᠡᠭᠡᠨ ᠤ᠋ ᠤᠷ᠎ᠠ ᠴᠢᠳᠠᠪᠤᠷᠢ ᠵᠢ ᠡᠵᠡᠮᠱᠢᠭᠦᠯᠵᠤ ᠪᠤᠢ᠃
《ᠪᠢᠳᠡ ᠣᠯᠠᠨ ᠲᠦᠮᠡᠨ ᠳ᠋ᠦ ᠬᠠᠨᠳᠤᠭᠤᠯᠤᠭᠰᠠᠨ ᠲᠤᠷᠱᠢᠨ ᠰᠠᠭᠤᠯᠭᠠᠵᠤ ᠲᠤᠷᠱᠢᠨ ᠵᠢᠯᠤᠭᠤᠳᠬᠤ ᠲᠦᠷᠦᠯ ᠵᠦᠢᠯ ᠭᠠᠷᠭᠠᠭᠰᠠᠨ ᠨᠢ ᠡᠨᠡ ᠬᠦ᠌ ᠲᠤᠰᠭᠠᠶ ᠮᠡᠷᠭᠡᠵᠢᠯ ᠤ᠋ᠨ ᠡᠬᠢ ᠪᠠᠶᠠᠯᠢᠭ ᠢ᠋ ᠰᠣᠶᠣᠯ ᠵᠢᠭᠤᠯᠴᠢᠯᠠᠯ ᠤ᠋ᠨ ᠦᠶ᠋ᠯᠡᠳᠬᠦᠨ ᠪᠣᠯᠭᠠᠨ ᠬᠤᠪᠢᠷᠠᠭᠤᠯᠵᠤ᠂ ᠨᠠᠩ ᠣᠯᠠᠨ ᠬᠥᠮᠦᠨ ᠳ᠋ᠦ ᠶᠠᠭ᠍ᠰᠢ ᠬᠤᠲᠠ ᠶ᠋ᠢᠨ ᠮᠠᠱᠢᠨ ᠲᠡᠷᠭᠡᠨ ᠤ᠋ ᠬᠢᠨᠠᠨ ᠰᠢᠯᠭᠠᠯᠲᠠ ᠶ᠋ᠢᠨ ᠠᠵᠤ ᠦᠶ᠋ᠯᠡᠰ ᠢ᠋ ᠣᠢᠯᠠᠭᠠᠭᠤᠯᠬᠤ ᠶ᠋ᠢᠨ ᠲᠥᠯᠥᠭᠡ ᠶᠤᠮ》 ᠭᠡᠵᠦ ᠶᠠᠭ᠍ᠰᠢ ᠬᠤᠲᠠ ᠶ᠋ᠢᠨ ᠪᠢᠩ ᠲᠦ ᠮᠠᠱᠢᠨ ᠲᠡᠷᠭᠡᠨ ᠤ᠋ ᠬᠢᠨᠠᠨ ᠰᠢᠯᠭᠠᠯᠲᠡ ᠶ᠋ᠢᠨ ᠲᠣᠭᠣᠷᠢᠭ ᠤ᠋ᠨ ᠬᠠᠷᠢᠭᠤᠴᠠᠯᠭᠠᠲᠠᠨ ᠾᠧ ᠬᠣᠩ ᠲᠤᠤ ᠬᠡᠯᠡᠵᠦ ᠪᠠᠢᠯ᠎ᠠ᠃
《ᠶᠠᠭ᠍ᠰᠢ ᠬᠤᠲᠠ ᠶ᠋ᠢᠨ ᠲᠦᠢᠯ ᠤ᠋ᠨ ᠬᠦᠢᠳᠡᠨ ᠠᠭᠤᠷ ᠠᠮᠢᠰᠬᠤᠯ ᠪᠤᠯ ᠡᠪᠦᠯ ᠤ᠋ᠨ ᠤᠯᠠᠷᠢᠯ ᠤ᠋ᠨ ᠮᠠᠱᠢᠨ ᠲᠡᠷᠭᠡᠨ ᠤ᠋ ᠬᠢᠨᠠᠨ ᠰᠢᠯᠭᠠᠯᠲᠠ ᠶ᠋ᠢᠨ ᠪᠠᠢᠭᠠᠯᠢ ᠵᠢᠨ ᠦᠪ ᠬᠦᠷᠤᠩᠬᠡ ᠮᠦᠨ᠃ ᠲᠤᠰᠭᠠᠶ ᠮᠡᠷᠭᠡᠵᠢᠯ ᠤ᠋ᠨ ᠳᠠᠰᠭᠠᠯᠵᠢᠭᠤᠯᠤᠭ᠍ᠴᠢ ᠶ᠋ᠢᠨ ᠵᠢᠭᠠᠨ ᠵᠢᠯᠤᠭᠤᠳᠤᠯᠭ᠎ᠠ ᠲᠤᠤᠷ᠎ᠠ ᠮᠥᠰᠥ᠍ ᠴᠠᠰᠤᠨ ᠲᠡᠬᠡᠷ᠎ᠠ ᠲᠡᠷᠭᠡ ᠵᠢᠯᠣᠭᠣᠳᠭᠤ ᠨᠢ ᠵᠦᠪᠬᠡᠨ ᠲᠡᠷᠬᠡ ᠬᠠᠯᠢᠰᠬᠠᠬᠤ ᠪᠠᠶᠠᠷ ᠪᠠᠶᠠᠰᠤᠯ ᠲᠡᠳᠦᠶ ᠪᠢᠰᠢ᠂ ᠨᠠᠩ ᠴᠤ᠌ ᠡᠪᠦᠯ ᠤ᠋ᠨ ᠤᠯᠠᠷᠢᠯ ᠳ᠋ᠤ ᠠᠮᠤᠷ ᠲᠦᠪᠱᠢᠨ ᠶ᠋ᠢᠡᠷ ᠮᠠᠰᠢᠨ ᠪᠠᠷᠢᠵᠤ ᠠᠶᠠᠯᠠᠬᠤ ᠪᠣᠳᠠᠲᠤ ᠬᠡᠷᠡᠭ᠌ᠯᠡᠭᠡᠨ ᠤ᠋ ᠤᠷ᠎ᠠ ᠴᠢᠳᠠᠪᠤᠷᠢ ᠪᠣᠯᠬᠤ ᠵᠢ ᠤᠢᠯᠠᠭᠠᠯᠠ》 ᠭᠡᠵᠦ ᠮᠠᠰᠢᠨ ᠲᠡᠷᠭᠡ ᠵᠢ ᠮᠦᠰᠦ ᠴᠠᠰᠤᠨ ᠳ᠋ᠦ ᠬᠠᠯᠢᠰᠬᠠᠬᠤ ᠮᠡᠷᠬᠡᠵᠢᠯ ᠢ᠋ ᠪᠡᠶᠡᠴᠢᠯᠡᠨ ᠤᠢᠯᠠᠭᠠᠬᠤ ᠪᠡᠷ ᠢᠷᠡᠭᠰᠡᠨ ᠵᠢᠨ ᠱᠢᠶᠤᠤ ᠯᠦᠩ ᠲᠦᠷᠦᠭᠳᠡᠯ ᠶ᠋ᠢᠡᠨ ᠬᠤᠪᠢᠶᠠᠯᠴᠠᠨ᠎ᠠ᠃
ᠤᠯᠤᠰ ᠤ᠋ᠨ ᠳᠣᠲᠣᠭᠠᠳᠤ ᠶ᠋ᠢᠨ ᠲᠦᠢᠯ ᠤ᠋ᠨ ᠬᠦᠢᠳᠡᠨ ᠠᠭᠤᠷ ᠠᠮᠢᠰᠬᠤᠯ ᠳᠡᠬᠢ ᠮᠠᠱᠢᠨ ᠲᠡᠷᠭᠡᠨ ᠤ᠋ ᠬᠢᠨᠠᠨ ᠰᠢᠯᠭᠠᠯᠲᠠ ᠶ᠋ᠢᠨ ᠣᠷᠣᠢᠯᠠᠭ᠍ᠰᠠᠨ ᠰᠠᠭᠤᠷᠢᠨ ᠪᠣᠯᠤᠭ᠍ᠰᠠᠨ ᠤ᠋ ᠬᠤᠪᠢ ᠳ᠋ᠤ᠂ ᠶᠠᠭ᠍ᠰᠢ ᠬᠤᠲᠠ ᠵᠢᠯ ᠳ᠋ᠦ 200 ᠡᠳᠦᠷ ᠤ᠋ᠨ ᠴᠠᠰᠤ ᠬᠤᠷᠠᠬᠤ ᠬᠤᠭᠤᠴᠠᠭ᠎ᠠ ᠲᠠᠶ ᠪᠠᠢᠵᠤ᠂ ᠵᠢᠯ ᠪᠦᠷᠢ 100 ᠭᠠᠷᠤᠶ ᠮᠠᠱᠢᠨ ᠲᠡᠷᠭᠡᠨ ᠤ᠋ ᠠᠵᠤ ᠠᠬᠤᠢᠯᠠᠯ ᠡᠨᠳᠡ ᠲᠤᠰᠭᠠᠶ ᠮᠡᠷᠭᠡᠵᠢᠯ ᠤ᠋ᠨ ᠬᠢᠨᠠᠨ ᠰᠢᠯᠭᠠᠯᠲᠠ ᠬᠢᠵᠤ ᠪᠤᠢ᠃ ᠪᠢᠲᠡᠭᠦᠮᠵᠢᠯᠡᠭ᠌ᠰᠡᠨ ᠠᠵᠤ ᠦᠶ᠋ᠯᠡᠰ ᠤ᠋ᠨ ᠬᠢᠨᠠᠨ ᠰᠢᠯᠭᠠᠯᠲᠠ ᠡᠴᠡ ᠨᠡᠬᠡᠭᠡᠯᠲᠡᠲᠦ ᠣᠯᠠᠨ ᠲᠦᠮᠡᠨ ᠤ᠋ ᠪᠠᠶᠠᠴᠢᠯᠠᠨ ᠣᠢᠯᠠᠭᠠᠯᠲᠠ ᠬᠦᠷᠲᠡᠯ᠎ᠡ᠂ ᠮᠠᠱᠢᠨ ᠲᠡᠷᠭᠡᠨ ᠤ᠋ ᠠᠵᠤ ᠠᠬᠤᠢᠯᠠᠯ ᠳ᠋ᠤ ᠦᠶ᠋ᠯᠡᠴᠢᠯᠡᠬᠦ᠌ ᠲᠤᠰᠭᠠᠶ ᠮᠡᠷᠭᠡᠵᠢᠯ ᠤ᠋ᠨ ᠠᠵᠤ ᠦᠶ᠋ᠯᠡᠰ ᠡᠴᠡ ᠣᠯᠠᠨ ᠲᠦᠮᠡᠨ ᠳ᠋ᠦ ᠲᠦᠭᠡᠮᠡᠯ ᠠᠰᠢᠭ ᠬᠦᠷᠲᠡᠭᠡᠬᠦ᠌ ᠰᠣᠶᠣᠯ ᠵᠢᠭᠤᠯᠴᠢᠯᠠᠯ ᠤ᠋ᠨ ᠲᠥᠷᠥᠯ ᠵᠦᠶ᠋ᠯ ᠬᠦᠷᠲᠡᠯ᠎ᠡ᠂ ᠶᠠᠭ᠍ᠰᠢ ᠬᠤᠲᠠ ᠣᠷᠣᠨ ᠪᠦᠰᠡ ᠶ᠋ᠢᠨ ᠣᠨᠴᠠᠯᠢᠭ ᠪᠥᠬᠥᠶ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠵᠠᠮ ᠢ᠋ ᠨᠡᠬᠡᠬᠡᠵᠤ᠂ ᠲᠦᠢᠯ ᠤ᠋ᠨ ᠬᠦᠢᠳᠡᠨ ᠭᠠᠵᠠᠷ ᠤᠷᠤᠨ ᠤ᠋ ᠮᠠᠱᠢᠨ ᠲᠡᠷᠭᠡᠨ ᠤ᠋ ᠬᠢᠨᠠᠨ ᠰᠢᠯᠭᠠᠯᠲᠠ ᠶ᠋ᠢᠨ ᠠᠵᠤ ᠦᠶ᠋ᠯᠡᠰ ᠬᠢᠭᠡᠳ ᠮᠥᠰᠥ᠍ ᠴᠠᠰᠤᠨ ᠤ᠋ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠤ᠋ᠨ ᠭᠦᠨᠵᠡᠭᠡᠶ ᠠᠭᠤᠰᠤᠯᠴᠠᠭᠤᠯᠤᠨ ᠬᠤᠤᠰ ᠴᠢᠭ᠌ᠯᠡᠯ ᠶ᠋ᠢᠡᠷ ᠬᠦᠴᠦᠨ ᠣᠯᠭᠣᠬᠤ ᠵᠢ ᠠᠬᠢᠭᠤᠯᠵᠤ᠂ ᠮᠦᠰᠦ ᠴᠠᠰᠤᠨ ᠤ᠋ ᠡᠬᠢ ᠪᠠᠶᠠᠯᠢᠭ ᠢ᠋ ᠬᠦᠢᠳᠡᠨ ᠭᠠᠵᠠᠷ ᠤᠷᠤᠨ ᠤ᠋ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠵᠢ ᠳᠠᠢᠴᠢᠯᠠᠬᠤ ᠴᠢᠬᠤᠯᠠ ᠬᠥᠳᠡᠯᠭᠡᠭᠦᠷ ᠪᠣᠯᠭᠠᠪᠠ᠃