ᠵᠠᠩ ᠶᠠᠨ ᠺᠦᠨ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠠᠢ
1 ᠰᠠᠷ᠎ᠠ᠎ᠶ᠋ᠢᠨ 19 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠤᠯᠤᠰ ᠲᠦᠷᠦ᠍᠎ᠶ᠋ᠢᠨ ᠵᠥᠪᠯᠡᠯᠭᠡᠨ 66 ᠳ᠋ᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ ᠬᠢᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠤ᠌᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠶᠠᠩ ᠵᠢᠶᠸ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃
ᠬᠤᠷᠠᠯ ᠡᠴᠡ ᠬᠤᠯᠪᠤᠭᠳᠠᠯ ᠪᠦᠬᠦᠢ ᠠᠵᠢᠯᠳᠠᠨ᠎ᠤ ᠶᠠᠪᠤᠳᠠᠯ ᠪᠤᠯᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶᠢᠨ ᠳᠥᠷᠪᠡᠳᠦᠭᠡᠷ ᠬᠤᠷᠠᠯ᠎ᠤᠨ ᠬᠤᠯᠪᠤᠭᠳᠠᠯ ᠪᠦᠬᠦᠢ ᠶᠠᠪᠤᠳᠠᠯ᠎ᠢ ᠬᠢᠨᠠᠨ ᠵᠦᠪᠯᠡᠵᠦ᠂ 《ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ 2026 ᠣᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠲᠤᠰᠭᠠᠶ ᠰᠡᠳᠦᠪᠲᠦ ᠲᠥᠰᠦᠯ》 ᠢ᠋ ᠰᠤᠳᠤᠯᠪᠠ᠃
ᠬᠤᠷᠠᠯ ᠡᠴᠡ᠂ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ᠎ᠢᠶᠠᠨ ᠦᠨᠡᠨ ᠬᠦ᠌ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶᠢᠨ ᠳᠥᠷᠪᠡᠳᠦᠭᠡᠷ ᠬᠤᠷᠠᠯ᠎ᠤᠨ ᠪᠡᠯᠡᠳᠭᠡᠯ ᠠᠵᠢᠯ᠎ᠢ ᠨᠢᠮᠪᠠᠢ ᠰᠠᠢᠲᠤᠷ ᠬᠢᠵᠦ᠍᠂ ᠴᠢᠨᠠᠷ ᠰᠠᠢᠲᠠᠢ᠂ ᠥᠪᠡᠷᠮᠢᠴᠡ ᠣᠨᠴᠠᠯᠢᠭ᠎ᠲᠠᠶ᠂ ᠥᠨᠳᠥᠷ ᠲᠦᠪᠱᠢᠨ᠎ᠢᠶᠡᠷ ᠡᠷᠬᠢᠯᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠂ ᠠᠷᠪᠠᠨ ᠨᠢᠭᠡᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ《1571》ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠠᠵᠢᠯ᠎ᠲᠠᠶ ᠤᠶᠠᠯᠳᠤᠭᠤᠯᠤᠨ᠂ 《ᠨᠢᠭᠡ ᠵᠦᠪᠯᠡᠬᠦ ᠵᠦᠢᠯ ᠳ᠋ᠦ ᠨᠢᠭᠡ ᠪᠦᠯᠬᠦᠮ ᠪᠠᠢᠬᠤ》 ᠵᠠᠭ᠍ᠪᠤᠷ ᠶᠣᠰᠣᠭᠠᠷ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ 10 ᠲᠤᠰᠭᠠᠶ ᠰᠡᠳᠦᠪᠲᠦ ᠰᠤᠳᠤᠯᠭᠠᠨ᠎ᠢ ᠭᠦᠨᠵᠡᠭᠡᠢᠷᠡᠭᠦᠯᠵᠦ᠍᠂ ᠴᠢᠨᠠᠷ ᠰᠠᠢᠲᠠᠶ ᠠᠵᠢᠯ᠎ᠤᠨ ᠦᠷ᠎ᠡ ᠪᠦᠲᠦᠭᠡᠯ᠎ᠲᠡᠶ ᠪᠣᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠳᠤᠷᠠᠳᠪᠠ᠃