2025 ᠣᠨ᠎ᠤ ᠰᠡᠬᠦᠯᠴᠢ ᠪᠣᠯᠲᠠᠯ᠎ᠠ᠂ ᠥᠪᠥᠷ ᠮᠣᠩᠭᠣᠯ ᠲᠠᠷᠢᠶᠠᠯᠠᠩ᠎ᠤᠨ ᠬᠡᠯᠪᠡᠷᠢ᠎ᠪᠡᠨ ᠬᠤᠪᠢᠷᠠᠭᠤᠯᠬᠤ ᠳ᠋ᠤ᠌ ᠮᠥᠩᠭᠥᠨ ᠭᠦᠶ᠋ᠯᠭᠡᠭᠡᠨ᠎ᠦ ᠢᠳᠡᠬᠡᠮᠵᠢᠳᠤ ᠵᠢᠭᠡᠯᠡᠯᠭᠡ ᠢ᠋ᠢ 2.88 ᠳ᠋ᠦᠩᠱᠢᠭᠤᠷ ᠲᠥᠭᠥᠷᠢᠭᠲᠠᠯᠪᠢᠵᠤ᠂ ᠵᠢᠭᠡᠯᠡᠯᠭᠡ᠎ᠶ᠋ᠢᠨ ᠦᠯᠡᠳᠡᠪᠦᠷᠢ᠎ᠨᠢ 1.38 ᠳ᠋ᠦᠩᠱᠢᠭᠤᠷ ᠲᠥᠭᠥᠷᠢᠭᠪᠠᠢᠵᠤ᠂ 9 ᠠᠢᠮᠠᠭ ᠬᠣᠲᠠ᠎ᠶ᠋ᠢ ᠬᠠᠮᠤᠷᠴᠤ᠌᠂ 10 ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠠᠱᠢᠭ ᠬᠦᠷᠲᠡᠭᠡᠵᠦ᠍᠂ ᠤᠯᠠᠮᠵᠢᠯᠠᠯᠲᠤ ᠲᠠᠷᠢᠶᠠᠯᠠᠩ᠎ᠤᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ ᠬᠥᠭ᠌ᠵᠢᠯᠲᠡ᠎ᠳᠦ ᠬᠦᠴᠦᠷᠬᠡᠭ ᠶᠡᠬᠡ ᠮᠥᠩᠭᠥᠨ ᠭᠦᠶ᠋ᠯᠭᠡᠭᠡᠨ᠎ᠦ ᠬᠥᠳᠡᠯᠭᠡᠬᠦ᠌ ᠬᠦᠴᠦᠨ ᠨᠡᠮᠡᠷᠢᠯᠡᠪᠡ᠃
ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠣᠯ ᠲᠠᠷᠢᠶᠠᠯᠠᠨᠭ᠌ ᠤ᠋ᠨ ᠬᠡᠯᠪᠡᠷᠢ ᠪᠡᠨ ᠬᠤᠪᠢᠷᠠᠭᠤᠯᠬᠤ ᠮᠥᠩᠭᠥᠨ ᠭᠦᠶ᠋ᠯᠭᠡᠭᠡᠨ᠎ᠦ ᠪᠠᠷᠢᠮᠵᠢᠶ᠎ᠠ᠎ᠶ᠋ᠢ ᠲᠤᠷᠱᠢᠨ ᠬᠡᠷᠡᠭᠵᠢᠬᠦᠯᠬᠦ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠠᠷᠢᠨ ᠲᠠᠩᠰᠠ᠎ᠪᠠᠷ ᠵᠢᠯᠣᠭᠣᠳᠭᠤ᠂ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠂ ᠲᠥᠷᠥ᠎ᠶ᠋ᠢᠨ ᠪᠣᠳᠣᠯᠭ᠎ᠠ᠎ᠪᠠᠷ ᠤᠷᠮᠠᠱᠢᠭᠤᠯᠬᠤ᠂ ᠨᠠᠷᠢᠯᠢᠭ ᠣᠨᠣᠴᠠᠲᠠᠶ᠎ᠪᠠᠷ ᠲᠡᠮᠵᠢᠬᠦ ᠲᠠᠷᠢᠶᠠᠯᠠᠨᠭ᠌ ᠤ᠋ᠨ ᠬᠡᠯᠪᠡᠷᠢ᠎ᠪᠡᠨ ᠬᠤᠪᠢᠷᠠᠭᠤᠯᠬᠤ ᠲᠥᠷᠥᠯ ᠵᠦᠶ᠋ᠯ᠎ᠢᠶᠡᠷ ᠳᠠᠮᠵᠢᠭᠤᠯᠤᠨ᠂ ᠲᠠᠷᠢᠶᠠᠯᠠᠨᠭ᠌ ᠤ᠋ᠨ ᠬᠡᠯᠪᠡᠷᠢ᠎ᠪᠡᠨ ᠬᠤᠪᠢᠷᠠᠭᠤᠯᠬᠤ ᠮᠥᠩᠭᠥᠨ ᠭᠦᠶ᠋ᠯᠭᠡᠭᠡ᠎ᠨᠢ ᠡᠯ᠎ᠡ ᠠᠢᠮᠠᠭ ᠬᠣᠲᠠ᠎ᠳᠤ ᠣᠯᠠᠨ ᠲᠠᠯ᠎ᠠ᠎ᠪᠠᠷ ᠱᠢᠪᠲᠤᠯᠤᠯᠲᠠ ᠭᠠᠷᠭᠠᠵᠤ᠂ ᠭᠦᠨᠵᠡᠭᠡᠢᠷᠡᠭᠦᠯᠦᠨ ᠬᠥᠭ᠌ᠵᠢᠭᠦᠯᠬᠦ᠌᠎ᠶ᠋ᠢ ᠠᠬᠢᠭᠤᠯᠪᠠ᠃
2025 ᠣᠨ᠎ᠤ 10 ᠰᠠᠷ᠎ᠠ ᠳ᠋ᠤ᠌᠂ ᠠᠷᠠᠳ᠎ᠤᠨ ᠪᠠᠩᠬᠢ᠎ᠶ᠋ᠢᠨ ᠥᠪᠥᠷ ᠮᠣᠩᠭᠣᠯ᠎ᠳ᠋ᠡᠬᠢ ᠬᠤᠪᠢᠶᠠᠷᠢ ᠪᠠᠩᠬᠢ᠎ᠨᠢ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠂ ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ ᠵᠡᠷᠭᠡ 5 ᠰᠠᠯᠠᠭ᠎ᠠ ᠮᠥᠴᠢᠷ᠎ᠲᠡᠶ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠬᠡᠯᠪᠡᠷᠢ᠎ᠪᠡᠨ ᠬᠤᠪᠢᠷᠠᠭᠤᠯᠬᠤ ᠮᠥᠩᠭᠥᠨ ᠭᠦᠶ᠋ᠯᠭᠡᠭᠡᠨ᠎ᠦ ᠪᠠᠷᠢᠮᠵᠢᠶ᠎ᠠ᠎ᠶ᠋ᠢᠨ ᠲᠤᠷᠱᠢᠨ ᠬᠡᠷᠡᠭᠵᠢᠬᠦᠯᠬᠦ ᠲᠥᠰᠦᠯ》᠎ᠢ᠋ ᠲᠣᠭ᠍ᠲᠠᠭᠠᠨ ᠬᠡᠷᠡᠭ᠌ᠵᠢᠭᠦᠯᠪᠡ᠃ ᠣᠳᠣᠬᠠᠨ᠎ᠳᠤ᠂ ᠪᠥᠬᠥ᠌ ᠣᠷᠣᠨ᠎ᠤ ᠲᠦᠷᠦᠭᠦᠦ ᠪᠦᠯᠦᠭ ᠲᠠᠷᠢᠶᠠᠯᠠᠩ᠎ᠤᠨ ᠬᠡᠯᠪᠡᠷᠢ᠎ᠪᠡᠨ ᠬᠤᠪᠢᠷᠠᠭᠤᠯᠬᠤ ᠠᠵᠢᠯ ᠳ᠋ᠤ᠌ ᠣᠷᠣᠭᠤᠯᠤᠭ᠍ᠰᠠᠨ ᠮᠥᠩᠭᠥᠨ ᠭᠦᠶ᠋ᠯᠭᠡᠭᠡᠨ᠎ᠦ ᠲᠥᠷᠥᠯ ᠵᠦᠶ᠋ᠯ 13 ᠪᠣᠯᠪᠠ᠃
ᠲᠠᠷᠢᠶᠠᠯᠠᠩ᠎ᠤᠨ ᠪᠠᠭ᠎ᠠ ᠨᠡᠭᠦᠷᠡᠰᠦᠲᠥ᠋ᠷᠥᠭ᠌ᠴᠢᠲᠦ ᠬᠡᠯᠪᠡᠷᠢ᠎ᠪᠡᠨ ᠬᠤᠪᠢᠷᠠᠭᠤᠯᠬᠤ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠲᠣᠭᠣᠷᠢᠨ᠎ᠳᠤ᠂ ᠥᠪᠥᠷ ᠮᠣᠩᠭᠣᠯ᠎ᠤᠨ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠵᠢᠨ ᠬᠢᠨ ᠢᠲᠡᠭᠡᠮᠵᠢᠲᠦ ᠵᠢᠭᠡᠯᠡᠯᠭᠡ᠎ᠶ᠋ᠢᠨ ᠡᠬᠢ ᠪᠠᠶᠠᠯᠢᠭ᠎ᠢ ᠪᠣᠬᠢᠷᠲᠤᠯ ᠥᠬᠡᠶᠲᠠᠷᠢᠮᠠᠯ ᠲᠠᠷᠢᠬᠤ᠂ ᠠᠮᠢ ᠠᠬᠤᠶ᠎ᠶ᠋ᠢᠨ ᠲᠡᠵᠢᠭᠡᠨ ᠦᠷᠡᠵᠢᠭᠦᠯᠬᠦ᠌ ᠂ ᠮᠠᠯ᠎ᠤᠨ ᠠᠱᠢᠭ ᠱᠢᠮ᠎ᠡ ᠲᠠᠷᠢᠶᠠᠯᠠᠨᠭ᠌ ᠤ᠋ᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠵᠡᠷᠭᠡ ᠭᠤᠤᠯᠳᠠᠯᠭ᠎ᠠ᠎ᠲᠠᠶ ᠬᠦᠷᠢᠶᠡᠡ᠎ᠳᠤ ᠣᠷᠣᠭᠤᠯᠤᠨ᠂ ᠠᠵᠤ ᠠᠬᠤᠢᠯᠠᠯ᠎ᠤᠨ ᠪᠣᠬᠢᠷᠲᠤᠯ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠨᠭᠭᠠᠪᠠ᠃ ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠬᠤᠳᠠᠯᠳᠤᠭᠠᠨ᠎ᠤ ᠪᠠᠩᠬᠢ᠎ᠶ᠋ᠢᠨ ᠠᠯᠠᠱᠠ ᠠᠢᠮᠠᠭ ᠤ᠋ᠨ ᠲᠥᠪ ᠰᠠᠯᠪᠤᠷᠢ ᠪᠠᠨᠭᠬᠢ ᠨᠢ ᠠᠯᠠᠱᠠ ᠵᠡᠭᠦᠨ ᠬᠣᠱᠢᠭᠤᠨ᠎ᠤ ᠵᠢᠷᠠᠨᠲᠠᠢ ᠪᠠᠯᠭᠠᠰᠤᠨ᠎ᠤ ᠬᠤᠢ ᠺᠸ ᠲᠠᠷᠢᠵᠤ ᠲᠡᠵᠢᠭᠡᠬᠦ᠌ ᠲᠤᠰᠭᠠᠢ ᠬᠤᠷᠱᠢᠶ᠎ᠠ᠎ᠳᠤ 990 ᠲᠦᠮᠡᠨ ᠲᠥᠭᠥᠷᠢᠭ᠎ᠦᠨ ᠲᠠᠷᠢᠶᠠᠯᠠᠩ᠎ᠤᠨ ᠬᠡᠯᠪᠡᠷᠢ᠎ᠪᠡᠨ ᠬᠤᠪᠢᠷᠠᠭᠤᠯᠬᠤ ᠵᠢᠭᠡᠯᠡᠯᠭᠡ ᠲᠠᠯᠪᠢᠵᠤ᠂ ᠠᠵᠤ ᠠᠬᠤᠢᠯᠠᠯ᠎ᠤᠨ ᠪᠦᠬᠦ᠌ ᠬᠡᠯᠬᠢᠶ᠎ᠡ ᠢ᠋ᠢᠨ ᠪᠣᠬᠢᠷᠲᠤᠯ ᠭᠠᠳᠠᠭ᠍ᠰᠢᠯᠠᠭᠤᠯᠬᠤ᠎ᠶ᠋ᠢ ᠪᠠᠭᠠᠰᠭᠠᠬᠤ ᠱᠢᠰᠲᠸᠮ᠎ᠢ ᠪᠠᠢᠭᠤᠯᠬᠤ᠎ᠳᠤ ᠬᠦᠴᠦᠨ ᠨᠡᠮᠡᠷᠢᠯᠡᠪᠡ᠃
ᠲᠠᠷᠢᠶᠠᠯᠠᠩ᠎ᠤᠨ ᠠᠵᠤ ᠦᠶ᠋ᠯᠡᠰ᠎ᠦᠨ ᠣᠨᠴᠠᠯᠢᠭ ᠪᠠ ᠬᠡᠯᠪᠡᠷᠢ᠎ᠪᠡᠨ ᠬᠤᠪᠢᠷᠠᠭᠤᠯᠬᠤ ᠬᠡᠷᠡᠭ᠌ᠴᠡᠭᠡ᠎ᠳᠦ ᠰᠠᠭᠤᠷᠢᠯᠠᠨ᠂ ᠥᠪᠥᠷ ᠮᠣᠩᠭᠣᠯ 《ᠬᠡᠯᠪᠡᠷᠢ᠎ᠪᠡᠨ ᠬᠤᠪᠢᠷᠠᠭᠤᠯᠬᠤ ᠮᠥᠩᠭᠥᠨ ᠭᠦᠶ᠋ᠯᠭᠡᠭᠡᠨ + 》 ᠠᠭᠤᠰᠤᠯᠴᠠᠭ᠍ᠰᠠᠨ ᠵᠠᠭ᠍ᠪᠤᠷ᠎ᠢ ᠰᠦᠪᠡᠭ᠌ᠴᠢᠯᠡᠨ ᠱᠢᠨ᠎ᠡ᠎ᠶ᠋ᠢ ᠡᠭᠦᠳᠴᠦ᠍ ᠨᠡᠭᠡᠭᠡᠨ ᠬᠥᠭ᠌ᠵᠢᠭᠦᠯᠵᠦ᠍᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠲᠠᠷᠢᠶᠠᠯᠠᠩ᠎ᠤᠨ ᠬᠡᠯᠪᠡᠷᠢ᠎ᠪᠡᠨ ᠬᠤᠪᠢᠷᠠᠭᠤᠯᠬᠤ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡᠨ᠎ᠦ ᠵᠠᠭ᠍ᠪᠤᠷ᠎ᠢ ᠪᠣᠶ ᠪᠣᠯᠭᠠᠪᠠ᠃ ᠤᠷᠮᠠᠰᠢᠭᠤᠯᠬᠤ ᠲᠤᠭᠳᠠᠴᠡ ᠢ᠋ᠢᠨ ᠲᠠᠯ᠎ᠠ ᠪᠡᠷ᠂ ᠥᠪᠥᠷ ᠮᠣᠩᠭᠣᠯ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠤᠷᠮᠠᠱᠢᠭᠤᠯᠵᠤ ᠬᠢᠵᠠᠭᠠᠷᠯᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠬᠦ᠌᠎ᠶ᠋ᠢ ᠠᠬᠢᠭᠤᠯᠵᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠨ᠂ ᠮᠥᠩᠭᠥᠨ ᠭᠦᠶ᠋ᠯᠭᠡᠭᠡᠨ᠎ᠢᠶᠡᠷ ᠲᠠᠷᠢᠶᠠᠯᠠᠩ᠎ᠤᠨ ᠬᠡᠯᠪᠡᠷᠢ᠎ᠪᠡᠨ ᠬᠤᠪᠢᠷᠠᠭᠤᠯᠬᠤ᠎ᠶ᠋ᠢ ᠳᠡᠮᠵᠢᠬᠦ᠌᠎ᠶ᠋ᠢ ᠦᠷᠭᠦᠯᠵᠢᠯᠡᠨ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠪᠠᠲᠤᠯᠠᠪᠠ᠃