《ᠦᠷᠦᠮ᠎ᠡ +》 ᠄ ᠳᠠᠯ᠎ᠠ ᠵᠢᠨ ᠬᠤᠢᠮᠤᠷ ᠡᠴᠡ ᠳᠠᠶᠠᠩ᠎ᠤᠨ 《ᠬᠠᠯᠠᠮᠰᠢᠯ》 ᠪᠤᠯᠤᠭᠰᠠᠨ ᠦᠪᠤᠷ ᠮᠤᠩᠭᠤᠯ ᠤ᠋ᠨ ᠰᠢᠨ᠎ᠠ ᠦᠨᠤᠷ ᠠᠮᠳᠠ
2026-01-20 10:34:17
ᠵᠣᠬᠢᠶᠠᠭ᠍ᠴᠢ᠄
ᠼᠠᠢ ᠬᠤᠡᠭ ᠭᠤᠤ ᠬᠤᠩ ᠯᠢᠶᠠᠨ ᠦᠨᠢᠷ
ᠣᠩᠱᠢᠭ᠍ᠰᠠᠨ ᠣᠳᠠᠭ᠎ᠠ᠄
★★★☆☆

《〈ᠦᠷᠦᠮ᠎ᠡ +〉 ᠠᠮᠳᠠᠳᠤ ᠢᠳᠡᠬᠡᠨ ᠪᠦᠬᠦ ᠤᠯᠤᠰ ᠲᠦ᠍ ᠬᠠᠯᠠᠮᠰᠢᠯ ᠪᠤᠯᠤᠭᠰᠠᠨ ᠡᠴᠡ ᠨᠠᠭᠠᠰᠢ ᠮᠠᠨ ᠤ᠋ ᠦᠷᠦᠮ᠎ᠡ ᠶ᠋ᠢᠨ ᠵᠠᠬᠢᠶᠠᠯᠠᠭ᠎ᠠ ᠶᠡᠬᠡ ᠪᠡᠷ ᠨᠡᠮᠡᠭᠳᠡᠭᠰᠡᠨ ᠪᠦᠬᠡᠳ ᠵᠠᠬᠢᠶᠠᠯᠠᠭ᠎ᠠ ᠵᠢᠨ ᠦᠨ᠎ᠠ ᠨᠢ ᠬᠠᠮᠤᠭ ᠤ᠋ᠨ ᠦᠨᠳᠦᠷ ᠲᠡᠬᠡᠨ ᠬᠡᠰᠡᠭ ᠪᠦᠷᠢ ᠳ᠋ᠤ 20 ᠲᠦᠭᠦᠷᠢᠭ ᠲᠦ᠍ ᠬᠦᠷᠴᠦ᠂ ᠡᠡᠭ ᠤ᠋ᠨ ᠦᠶ᠎ᠡ ᠵᠢᠨ ᠬᠢ ᠡᠴᠡ 10 ᠲᠦᠭᠦᠷᠢᠭ ᠨᠡᠮᠡᠭᠳᠡᠵᠤ ᠦᠩᠬᠡᠷᠡᠵᠠᠢ᠃ ᠤᠳᠤᠬᠠᠨ ᠳ᠋ᠦ ᠬᠦᠬᠡᠷᠤᠬᠦᠯᠥᠭᠰᠡᠨ ᠦᠷᠦᠮ᠎ᠡ ᠪᠠᠨ ᠲᠤᠰ ᠡᠳᠦᠷ ᠲᠡᠭᠡᠨ ᠪᠤᠷᠤᠯᠠᠭᠤᠯᠵᠤ᠂ ᠦᠩᠬᠡᠷᠡᠭᠰᠡᠨ ᠤ᠋ ᠬᠢ ᠲᠠᠢ ᠬᠠᠷᠢᠴᠠᠭᠤᠯᠪᠠᠯ ᠰᠠᠷ᠎ᠠ ᠶ᠋ᠢᠨ ᠤᠷᠤᠯᠭ᠎ᠠ 3 ᠲᠦᠮᠡᠨ ᠲᠦᠭᠦᠷᠢᠭ ᠨᠡᠮᠡᠭᠳᠡᠯ᠎ᠠ》 ᠭᠡᠵᠦ ᠲᠤᠯᠭ᠎ᠠ ᠴᠠᠭᠠᠨ ᠢᠳᠡᠭᠡᠨ ᠤ᠋ ᠦᠢᠯᠡᠳᠪᠦᠷᠢ ᠡᠷᠬᠢᠯᠡᠵᠤ ᠪᠠᠢᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ᠋ ᠮᠠᠯᠴᠢᠨ ᠪᠦᠰᠡᠬᠦᠢ ᠪᠠᠢ ᠯᠢ ᠯᠢ ᠪᠠᠶᠠᠷᠳᠠᠢ ᠶᠠᠷᠢᠨ᠎ᠠ᠃

ᠦᠷᠦᠮ᠎ᠡ ᠲᠠᠢ ᠰᠢᠬᠢᠷᠯᠡᠭᠰᠡᠨ ᠲᠤᠯᠤᠭᠤᠨ᠎ᠠ᠂ ᠦᠷᠦᠮ᠎ᠡ ᠲᠠᠢ ᠬᠠᠮᠪᠦ᠋ᠷᠡᠭ᠂ ᠦᠷᠦᠮ᠎ᠡ ᠲᠠᠢ ᠺᠤᠹᠸ᠂ ᠦᠷᠦᠮ᠎ᠡ ᠶ᠋ᠢᠨ ᠵᠠᠢᠷᠮᠠᠭ᠂ ᠦᠷᠦᠮ᠎ᠡ ᠲᠠᠢ ᠪᠤᠭᠤᠷᠰᠤᠭ᠂ ᠦᠷᠤᠮ᠎ᠠ ᠲᠠᠢ ᠴᠠᠢ᠁ 2025 ᠤᠨ ᠤ᠋ ᠨᠠᠮᠤᠷ ᠤ᠋ᠨ ᠡᠬᠢᠨ ᠡᠴᠡ ᠨᠠᠭᠠᠰᠢ ᠮᠠᠨ ᠤ᠋ ᠤᠷᠤᠨ ᠤ᠋ 《ᠦᠷᠦᠮ᠎ᠡ +》 ᠰᠢᠨ᠎ᠡ ᠵᠢ ᠡᠭᠦᠳᠦᠭᠰᠡᠨ ᠠᠮᠲᠠᠲᠤ ᠢᠳᠡᠭᠡᠨ ᠪᠦᠬᠦ ᠤᠯᠤᠰ ᠤ᠋ᠨ ᠵᠠᠬ᠎ᠠ ᠲᠠᠯᠬᠡᠬᠦᠷ ᠲᠦ᠍ ᠢᠪᠡᠷᠡᠨ ᠪᠠᠭᠤᠵᠤ᠂ ᠪᠤᠳᠠᠳᠤ ᠲᠠᠯᠬᠡᠬᠦᠷ ᠪᠠ ᠲᠤᠤᠷ ᠰᠦᠯᠵᠢᠶ᠎ᠡ ᠪᠡᠷ ᠦᠷᠭᠡᠨ ᠲᠠᠯᠬᠡᠷ ᠪᠤᠷᠤᠯᠠᠭᠤᠯᠤᠭᠳᠠᠵᠤ᠂ ᠬᠦᠮᠦᠰ ᠤ᠋ᠨ ᠲᠠᠭᠠᠰᠢᠶᠠᠯ ᠢ᠋ ᠬᠦᠷᠳᠡᠭᠰᠡᠨ ᠬᠠᠯᠠᠮᠰᠢᠯ ᠢᠳᠡᠭᠡᠨ ᠪᠤᠯᠵᠠᠢ᠃

《〈ᠥᠷᠥᠮ᠎ᠡ +〉 ᠵᠠᠭ᠍ᠪᠤᠷ ᠪᠣᠯ ᠮᠠᠨ ᠤ᠋ ᠤᠷᠤᠨ ᠤ᠋ ᠤᠯᠠᠮᠵᠢᠯᠠᠯᠳᠤ ᠴᠠᠭᠠᠨ ᠢᠳᠡᠬᠡᠨ ᠤ᠋ ᠠᠵᠤ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠤᠭᠰᠠᠨ ᠨᠢᠭᠡᠨ ᠠᠮᠢᠳᠤᠯᠢᠭ ᠦᠢᠯᠡᠳᠦᠯᠭᠡ ᠮᠥᠨ᠃ ᠲᠡᠷᠡ ᠨᠢ ᠱᠢᠨ᠎ᠡ ᠵᠢ ᠡᠭᠦᠳᠬᠦ᠌ ᠪᠡᠷ ᠳᠠᠮᠵᠢᠨ ᠠᠡᠭᠬ᠎ᠠ ᠪᠤᠯᠪᠠᠰᠤᠷᠠᠭᠤᠯᠤᠭᠰᠠᠨ ᠮᠠᠯ ᠤ᠋ᠨ ᠠᠰᠢᠭ ᠰᠢᠮ᠎ᠡ ᠵᠢ ᠬᠡᠷᠡᠭᠯᠡᠭᠴᠢᠳ ᠤ᠋ᠨ ᠬᠡᠷᠡᠭᠴᠡᠭᠡ ᠱᠠᠭᠠᠷᠳᠠᠯᠭ᠎ᠠ ᠳ᠋ᠦ ᠨᠡᠢᠴᠡᠬᠦᠯᠦᠭᠰᠡᠨ ᠥᠨᠳᠥᠷ ᠨᠡᠮᠡᠯᠲᠡ ᠦᠷᠳᠡᠭ ᠪᠦᠬᠦᠢ ᠱᠢᠨ᠎ᠡ ᠮᠠᠶᠢᠭ ᠤ᠋ᠨ ᠢᠳᠡᠭᠡᠨ ᠪᠣᠯᠭᠠᠨ ᠳᠠᠬᠢᠨ ᠪᠤᠯᠪᠠᠰᠤᠷᠠᠭᠤᠯᠵᠤ᠂ ᠰᠢᠮ᠎ᠠ ᠰᠠᠢᠲᠠᠢ ᠲᠦᠭᠦᠬᠡᠢ ᠰᠦ ᠶ᠋ᠢᠨ ᠬᠡᠷᠡᠭ᠌ᠯᠡᠭᠡ ᠵᠢ ᠶᠡᠬᠡ ᠪᠡᠷ ᠳᠠᠢᠴᠢᠯᠠᠭ᠍ᠰᠠᠨ ᠵᠢᠡᠷ ᠪᠠᠷᠠᠬᠤ ᠦᠬᠡᠢ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠤᠶᠠᠨ ᠬᠠᠲᠠᠨ ᠴᠢᠨᠠᠷ ᠪᠠ ᠥᠷᠢᠰᠥᠯᠳᠦᠬᠦ᠌ ᠬᠦᠴᠦᠨ ᠢ᠋ ᠴᠢᠩᠭᠠᠷᠠᠭᠤᠯᠵᠤ᠂ ᠰᠦ ᠶ᠋ᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠳ᠋ᠤ ᠰᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠪᠡ》 ᠭᠡᠵᠦ ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠰᠦ ᠶ᠋ᠢᠨ ᠦᠶ᠋ᠯᠡᠰ ᠤ᠋ᠨ ᠭᠠᠵᠠᠷ ᠤ᠋ᠨ ᠳᠠᠷᠤᠭ᠎ᠠ ᠸᠠᠩ ᠬᠣᠩ ᠯᠢᠦ ᠶᠠᠷᠢᠨ᠎ᠠ᠃

《ᠦᠷᠦᠮ᠎ᠡ +》 ᠠᠮᠳᠠᠳᠤ ᠢᠳᠡᠬᠡᠨ ᠨᠢ ᠲᠠᠯ᠎ᠠ ᠨᠤᠲᠤᠭ ᠤ᠋ᠨ ᠦᠨᠦᠷ ᠠᠮᠲᠠ ᠵᠢ ᠪᠡᠭᠡᠵᠢᠡᠭ᠂ ᠱᠠᠡᠭᠬᠠᠢ᠂ ᠴᠸᠡᠭᠳᠦ᠋᠂ ᠭᠤᠸᠠᠡᠭᠵᠸᠦ ᠵᠡᠷᠭᠡ ᠬᠦᠮᠦᠨ ᠠᠮᠠ ᠤᠯᠠᠨ ᠲᠠᠢ᠂ ᠠᠵᠤ ᠠᠬᠤᠢ ᠬᠦᠭᠵᠢᠭᠰᠡᠨ ᠶᠡᠬᠡ ᠬᠤᠲᠠ ᠳ᠋ᠤ ᠬᠠᠩᠬᠤᠯᠤᠭᠤᠯᠵᠤ᠂ ᠲᠤᠬᠠᠢ ᠵᠢᠨ ᠭᠠᠵᠠᠷ ᠤ᠋ᠨ ᠵᠠᠯᠠᠭᠤᠴᠤᠳ ᠤ᠋ᠨ ᠡᠳᠤᠷ ᠲᠤᠳᠤᠮ ᠤ᠋ᠨ ᠰᠤᠯᠠ ᠢᠳᠡᠭᠡᠨ ᠤ᠋ ᠲᠠᠷᠢᠭᠦᠨ ᠰᠤᠡᠭᠭᠤᠯᠲᠠ ᠪᠤᠯᠤᠭᠰᠠᠨ ᠨᠢ ᠦᠪᠤᠷ ᠮᠤᠩᠭᠤᠯ ᠤ᠋ᠨ ᠤᠯᠠᠮᠵᠢᠯᠠᠯᠳᠤ ᠴᠠᠭᠠᠨ ᠢᠳᠡᠬᠡᠨ ᠤ᠋ ᠵᠠᠬ᠎ᠠ ᠳᠡᠯᠭᠡᠭᠦᠷ ᠢ᠋ ᠤᠷᠢᠳᠤ ᠭᠠᠷᠤᠭ᠎ᠠ ᠦᠬᠡᠢ ᠦᠷᠭᠡᠳᠭᠡᠵᠤ᠂ ᠰᠠᠭᠠᠯᠢᠴᠢᠳ ᠤ᠋ᠨ ᠤᠷᠤᠯᠭ᠎ᠠ ᠵᠢ ᠨᠡᠮᠡᠭᠳᠡᠭᠦᠯᠬᠦ᠂ ᠤᠨᠴᠠᠯᠢᠭᠳᠤ ᠴᠠᠭᠠᠨ ᠢᠳᠡᠬᠡᠨ ᠤ᠋ ᠦᠢᠯᠡᠳᠪᠤᠷᠢᠯᠡᠯ ᠢ᠋ ᠠᠬᠢᠭᠤᠯᠬᠤ᠂ ᠮᠠᠯᠵᠢᠬᠤ ᠤᠷᠤᠨ ᠬᠢᠬᠡᠳ ᠵᠠᠬ᠎ᠠ ᠲᠠᠯᠬᠡᠬᠦᠷ ᠢ᠋ ᠵᠤᠯᠭᠠᠭᠤᠯᠬᠤ 《ᠠᠯᠳᠠᠨ ᠲᠦᠯᠬᠢᠬᠦᠷ》 ᠪᠤᠯᠵᠠᠢ᠃

ᠲᠦᠩᠯᠢᠶᠣᠤ ᠬᠤᠳᠠ ᠶ᠋ᠢᠨ ᠵᠠᠷᠤᠳ ᠬᠣᠱᠢᠭᠤ ᠪᠣᠯ ᠮᠠᠨ ᠤ᠋ ᠤᠷᠤᠨ ᠤ᠋ ᠤᠨᠴᠠᠯᠢᠬ᠍ᠳᠤ ᠴᠠᠭᠠᠨ ᠢᠳᠡᠭᠡᠨ ᠤ᠋ ᠭᠣᠣᠯ ᠭᠠᠷᠤᠯᠲᠠ ᠶ᠋ᠢᠨ ᠣᠷᠣᠨ ᠤ᠋ ᠨᠢᠭᠡ ᠪᠣᠯᠤᠨ᠎ᠠ᠃ ᠲᠤᠰ ᠬᠤᠰᠢᠭᠤᠨ ᠤ᠋ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠤᠪᠴᠢᠶ᠎ᠡ ᠡᠴᠡ ᠤᠢᠯᠠᠭᠠᠭᠰᠠᠨ ᠵᠢᠡᠷ᠂ 2025 ᠣᠨ ᠤ᠋ ᠳᠥᠷᠪᠡᠳᠦᠭᠡᠷ ᠤᠯᠠᠷᠢᠯ ᠳ᠋ᠤ ᠥᠷᠥᠮ᠎ᠡ ᠶ᠋ᠢᠨ ᠵᠠᠬᠢᠶᠠᠯᠠᠭ᠎ᠠ ᠶ᠋ᠢᠨ ᠬᠡᠮᠵᠢᠶ᠎ᠡ ᠨᠢ ᠪᠠᠷᠤᠭ 5 ᠳᠠᠬᠢᠨ ᠨᠡᠮᠡᠭ᠌ᠳᠡᠵᠦ᠍᠂ ᠲᠤᠰ ᠬᠣᠱᠢᠭᠤᠨ ᠤ᠋ 60 ᠱᠢᠬᠠᠮ ᠤᠨᠴᠠᠯᠢᠭᠳᠤ ᠴᠠᠭᠠᠨ ᠢᠳᠡᠬᠡᠨ ᠤ᠋ ᠭᠠᠷ ᠦᠶ᠋ᠯᠡᠳᠭᠡᠯ ᠤ᠋ᠨ ᠭᠠᠵᠠᠷ ᠤ᠋ᠨ ᠬᠦᠬᠡᠷᠤᠬᠦᠯᠦᠭᠰᠡᠨ ᠦᠷᠦᠮ᠎ᠡ ᠪᠥᠬᠥ᠌ ᠤᠯᠤᠰ ᠤ᠋ᠨ ᠡᠯ᠎ᠡ ᠭᠠᠵᠠᠷ ᠲᠦ᠍ ᠪᠤᠷᠤᠯᠠᠭᠤᠯᠤᠭᠳᠠᠭᠰᠠᠨ ᠪᠠᠢᠨ᠎ᠠ᠃

《ᠥᠩᠭᠡᠷᠡᠭᠰᠡᠨ ᠳ᠋ᠤ ᠦᠷᠦᠮ᠎ᠡ ᠪᠡᠨ ᠣᠯᠠᠩᠬᠢ ᠵᠢ ᠨᠢ ᠥᠪᠡᠷ ᠶ᠋ᠢᠡᠨ ᠢᠳᠡᠵᠦ ᠪᠠᠢᠭᠰᠠᠨ ᠪᠤᠶᠤ ᠤᠢᠷ᠎ᠠ ᠤᠷᠴᠢᠮ ᠶ᠋ᠢᠡᠷ ᠪᠠᠭ᠎ᠠ ᠰᠠᠭ᠎ᠠ ᠪᠤᠷᠤᠯᠠᠭᠤᠯᠵᠤ ᠪᠠᠢᠵᠠᠢ᠃ ᠤᠳᠤ ᠬᠠᠩᠭᠠᠯᠭ᠎ᠠ ᠨᠢ ᠬᠡᠷᠡᠭᠴᠡᠭᠡ ᠳ᠋ᠡᠭᠡᠨ ᠬᠦᠷᠬᠦ ᠦᠭᠡᠢ ᠪᠤᠯᠵᠤ᠂ ᠡᠳᠦᠷ ᠳᠤᠮᠳᠠᠴᠢ ᠪᠡᠷ 2000 ᠭᠠᠷᠤᠢ ᠬᠡᠰᠡᠭ ᠦᠷᠦᠮ᠎ᠡ ᠬᠦᠬᠡᠷᠦᠬᠦᠯᠤᠨ ᠪᠡᠭᠡᠵᠢᠩ᠂ ᠱᠠᠩᠬᠠᠢ᠂ ᠭᠤᠸᠠᠩᠵᠧᠦ ᠵᠡᠷᠭᠡ ᠭᠠᠵᠠᠷ ᠲᠤ᠌ ᠪᠤᠷᠤᠯᠠᠭᠤᠯᠵᠤ ᠪᠠᠢᠨ᠎ᠠ》ᠭᠡᠵᠦ ᠤᠷᠳᠤᠰ ᠬᠤᠳᠠ ᠵᠢᠨ ᠦᠤᠰᠢᠨ ᠬᠤᠰᠢᠭᠤᠨ ᠤ᠋ ᠭᠠᠯᠠᠭᠤᠲᠤ ᠪᠠᠯᠭᠠᠰᠤ ᠵᠢᠨ ᠪᠤᠵᠠᠢ ᠭᠠᠴᠠᠭᠠᠨ ᠤ᠋ ᠠᠷᠠᠳ ᠤ᠋ᠨ ᠰᠡᠳᠬᠢᠯ ᠴᠠᠭᠠᠨ ᠢᠳᠡᠭᠡᠨ ᠤ᠋ ᠦᠢᠯᠡᠳᠪᠦᠷᠢ ᠶ᠋ᠢᠨ ᠬᠠᠷᠢᠭᠤᠴᠠᠯᠭᠠᠲᠠᠨ ᠮᠦᠷᠡᠨ ᠬᠡᠯᠡᠨ᠎ᠠ᠃ ᠤᠳᠤ ᠦᠤᠰᠢᠨ ᠬᠣᠰᠢᠭᠤᠨ ᠳ᠋ᠤ ᠡᠯ᠎ᠡ ᠲᠥᠷᠥᠯ ᠤ᠋ᠨ ᠴᠠᠭᠠᠨ ᠢᠳᠡᠭᠡᠨ ᠤ᠋ ᠠᠵᠤ ᠠᠬᠤᠢᠯᠠᠯ ᠵᠢᠴᠢ ᠲᠤᠰᠬᠠᠢ ᠬᠣᠷᠰᠢᠶ᠎ᠠ 20 ᠭᠠᠷᠤᠢ ᠪᠠᠢᠵᠤ᠂ ᠭᠠᠯᠠᠭᠤᠲᠤ ᠪᠠᠯᠭᠠᠰᠤ ᠨᠢ 《ᠦᠷᠦᠮ᠎ᠡ ᠶ᠋ᠢᠨ ᠵᠢᠵᠢᠭ ᠪᠠᠯᠭᠠᠰᠤ》 ᠬᠡᠮᠡᠨ ᠬᠤᠯᠠ ᠤᠢᠷ᠎ᠠ ᠳ᠋ᠠᠭᠠᠨ ᠠᠯᠳᠠᠷᠰᠢᠪᠠ᠃

ᠱᠢᠯᠢ ᠶ᠋ᠢᠨ ᠭᠤᠤᠯ ᠠᠢᠮᠠᠭ ᠤ᠋ᠨ ᠬᠥᠪᠡᠭᠡᠲᠦ ᠱᠢᠷ᠎ᠠ ᠬᠣᠱᠢᠭᠤᠨ ᠤ᠋ ᠦᠨᠳᠦᠰᠦᠲᠡᠨ ᠤ᠋ ᠤᠯᠠᠮᠵᠢᠯᠠᠯᠲᠤ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠬᠦᠷᠢᠶᠡᠯᠡᠩ ᠳ᠋ᠤ ᠮᠠᠯᠴᠢᠨ ᠨᠠᠷᠠᠨ᠎ᠠ ᠬᠠᠮᠲᠤ ᠠᠵᠢᠯᠯᠠᠭᠰᠠᠳ ᠲᠠᠢ ᠪᠠᠨ ᠴᠠᠭᠠᠨ ᠰᠠᠷ᠎ᠠ ᠶ᠋ᠢᠨ ᠵᠠᠬᠢᠶᠠᠯᠠᠭ᠎ᠠ ᠳ᠋ᠦ ᠪᠡᠯᠡᠳᠬᠡᠯ ᠬᠢᠵᠦ ᠶᠠᠭᠠᠷᠠᠯᠳᠤᠨ᠎ᠠ᠃ 《〈ᠥᠷᠥᠮ᠎ᠡ +〉 ᠠᠮᠲᠠᠲᠤ ᠢᠳᠡᠭᠡᠨ ᠤ᠋ ᠬᠠᠯᠠᠮᠰᠢᠯ ᠪᠤᠯᠤᠭᠰᠠᠨ ᠤ᠋ ᠳᠠᠷᠠᠭ᠎ᠠ ᠮᠠᠨ ᠤ᠋ ᠭᠠᠷ ᠦᠢᠯᠡᠳᠭᠡᠯ ᠤ᠋ᠨ ᠭᠠᠵᠠᠷ ᠤ᠋ᠨ ᠵᠠᠬᠢᠶᠠᠯᠠᠭ᠎ᠠ ᠶ᠋ᠢᠨ ᠬᠠᠭᠤᠳᠠᠰᠤ ᠲᠠᠰᠤᠷᠠᠯᠲᠠ ᠦᠭᠡᠢ ᠨᠡᠮᠡᠭ᠌ᠳᠡᠵᠦ᠍᠂ 2025 ᠣᠨ ᠤ᠋ ᠪᠣᠷᠣᠯᠠᠭᠤᠯᠭ᠎ᠠ ᠶ᠋ᠢᠨ ᠣᠷᠣᠯᠭ᠎ᠠ 50 ᠲᠦᠮᠡᠨ ᠲᠥᠭᠥᠷᠢᠭ ᠢ᠋ ᠳᠠᠪᠠᠪᠠ》 ᠭᠡᠵᠦ᠍ ᠨᠠᠷᠠᠨ᠎ᠠ ᠤᠷᠮᠠᠳᠠᠢ ᠶᠠᠷᠢᠵᠤ ᠪᠠᠢᠯ᠎ᠠ᠃

《〈ᠥᠷᠥᠮ᠎ᠡ +〉 ᠠᠮᠲᠠᠲᠤ ᠢᠳᠡᠭᠡᠨ ᠤᠯᠤᠰ ᠳᠠᠶᠠᠭᠠᠷ ᠤ᠋ᠨ ᠬᠠᠯᠠᠮᠰᠢᠯ ᠪᠤᠯᠤᠭᠰᠠᠨ ᠨᠢ ᠬᠡᠨᠡᠳᠲᠡ ᠶ᠋ᠢᠨ ᠶᠠᠪᠤᠳᠠᠯ ᠪᠢᠰᠢ᠂ ᠬᠠᠷᠢᠨ ᠦᠪᠡᠷᠳᠡᠬᠡᠨ ᠵᠠᠰᠠᠬᠤ ᠤᠷᠤᠨ ᠡᠴᠡ ᠤᠷᠤᠨ ᠨᠤᠲᠤᠭ ᠤ᠋ᠨ ᠤᠨᠴᠠᠯᠢᠭ ᠪᠦᠬᠦᠢ ᠤᠯᠠᠮᠵᠢᠯᠠᠯᠳᠤ ᠴᠠᠭᠠᠨ ᠢᠳᠡᠭᠡᠨ ᠤ᠋ ᠠᠵᠤ ᠦᠢᠯᠡᠰ ᠢ᠋ ᠶᠡᠬᠡ ᠪᠡᠷ ᠬᠦᠭᠵᠢᠭᠦᠯᠵᠦ᠂ ᠰᠦ ᠶ᠋ᠢᠨ ᠦᠢᠯᠡᠰ ᠢ᠋ ᠬᠦᠭᠵᠢᠭᠦᠯᠦᠨ ᠮᠠᠨᠳᠤᠭᠤᠯᠬᠤ ᠵᠢ ᠬᠦᠨᠵᠡᠬᠡᠢ ᠠᠬᠢᠭᠤᠯᠤᠭᠰᠠᠨ ᠤᠷᠳᠤ ᠬᠤᠭᠤᠴᠠᠭᠠᠨ ᠤ᠋ ᠬᠤᠷᠠᠮᠳᠤᠭᠤᠯᠭ᠎ᠠ ᠪᠠ ᠰᠢᠪᠲᠤᠯᠤᠯᠲᠠ ᠯᠤᠭ᠎ᠠ ᠰᠠᠯᠤᠰᠢ ᠦᠬᠡᠢ ᠨᠢᠭᠳᠠ ᠬᠤᠯᠪᠤᠭ᠎ᠠ ᠲᠠᠢ ᠶᠤᠮ》 ᠬᠡᠵᠤ ᠸᠠᠩ ᠬᠣᠩ ᠯᠢᠦ ᠬᠡᠯᠡᠨ᠎ᠠ᠃ ᠦᠪᠤᠷ ᠮᠤᠩᠭᠤᠯ ᠳᠡᠯᠡᠬᠡᠢ ᠨᠠᠢᠲᠡ ᠳ᠋ᠦ ᠮᠡᠳᠡᠷᠡᠭᠳᠡᠭᠰᠡᠨ ᠰᠦ ᠶ᠋ᠢᠨ ᠢᠷᠡᠯᠲᠡ ᠶ᠋ᠢᠨ ᠰᠢᠵᠢᠷ ᠠᠯᠲᠠᠨ ᠪᠦᠰᠡ ᠳ᠋ᠤ ᠪᠠᠢᠷᠢᠰᠢᠨ᠂ ᠪᠦᠬᠦ ᠤᠯᠤᠰ ᠤ᠋ᠨ ᠬᠠᠮᠤᠭ ᠤ᠋ᠨ ᠶᠡᠬᠡ ᠰᠦ ᠶ᠋ᠢᠨ ᠦᠢᠯᠡᠰ ᠤ᠋ᠨ ᠦᠢᠯᠡᠳᠪᠦᠷᠢᠯᠡᠯ ᠤ᠋ᠨ ᠰᠠᠭᠤᠷᠢᠨ ᠪᠠᠢᠵᠤ ᠂ ᠪᠦᠬᠦ ᠤᠯᠤᠰ ᠤ᠋ᠨ ᠠᠷᠠᠳ ᠲᠦᠮᠡᠨ 6 ᠴᠤᠮᠤ ᠰᠦ ᠤᠤᠭᠤᠬᠤ ᠪᠦᠷᠢ 1 ᠴᠤᠮᠤ ᠵᠢ ᠨᠢ ᠮᠠᠨ ᠤ᠋ ᠤᠷᠤᠨ ᠡᠴᠡ ᠬᠠᠩᠭᠠᠵᠤ ᠂ ᠪᠦᠬᠦ ᠤᠯᠤᠰ ᠤ᠋ᠨ ᠴᠢᠬᠤᠯᠠ《ᠰᠦ ᠶ᠋ᠢᠨ ᠬᠦᠨᠦᠭ》 ᠪᠤᠯᠵᠠᠢ᠃

ᠤᠳᠠᠭᠠᠨ ᠵᠢᠯ ᠤ᠋ᠨ ᠲᠤᠷᠰᠢ᠂ ᠮᠠᠨ ᠤ᠋ ᠤᠷᠤᠨ ᠰᠦ ᠶ᠋ᠢᠨ ᠦᠢᠯᠡᠰ ᠢ᠋ ᠤᠷᠤᠨ ᠶ᠋ᠢᠡᠨ ᠬᠦᠴᠦᠷᠬᠡᠭᠵᠢᠭᠦᠯᠵᠦ ᠠᠷᠠᠳ ᠢ᠋ ᠪᠠᠶᠠᠵᠢᠭᠤᠯᠬᠤ ᠰᠠᠭᠤᠷᠢ ᠠᠵᠤ ᠦᠢᠯᠡᠰ ᠪᠤᠯᠭᠠᠨ ᠴᠢᠬᠤᠯᠠᠴᠢᠯᠠᠨ ᠬᠦᠭᠵᠢᠭᠦᠯᠵᠦ᠂ ᠦᠪᠡᠷᠳᠡᠬᠡᠨ ᠵᠠᠰᠠᠬᠤ ᠤᠷᠤᠨ ᠡᠴᠡ《ᠦᠨᠳᠦᠰᠦᠲᠡᠨ ᠤ᠋ ᠤᠯᠠᠮᠵᠢᠯᠠᠯᠲᠤ ᠴᠠᠭᠠᠨ ᠢᠳᠡᠭᠡᠨ ᠤ᠋ ᠠᠵᠤ ᠦᠢᠯᠡᠰ ᠤ᠋ᠨ ᠬᠦᠭᠵᠢᠯᠲᠡ ᠵᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠤᠬᠦᠳ》᠂ 《ᠰᠦ ᠶ᠋ᠢᠨ ᠦᠢᠯᠡᠰ ᠤ᠋ᠨ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠤᠬᠦᠳ》᠂ 《ᠰᠦ ᠶ᠋ᠢᠨ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠦᠷᠢᠮ》 ᠵᠡᠷᠭᠡ ᠲᠦᠷᠦ ᠶ᠋ᠢᠨ ᠪᠤᠳᠤᠯᠭ᠎ᠠ ᠠᠷᠭ᠎ᠠ ᠬᠡᠮᠵᠢᠶ᠎ᠡ ᠲᠦᠷᠢᠮ ᠲᠤᠭᠳᠠᠭᠠᠯ ᠢ᠋ ᠵᠠᠯᠭᠠᠭ᠎ᠠ ᠪᠡᠷ ᠨᠡᠢᠲᠡᠯᠡᠨ ᠬᠡᠷᠡᠭᠵᠢᠭᠦᠯᠵᠦ᠂ ᠤᠷᠤᠨ ᠨᠤᠲᠤᠭ ᠤ᠋ᠨ ᠤᠨᠴᠠᠯᠢᠭ ᠪᠦᠬᠦᠢ ᠤᠯᠠᠮᠵᠢᠯᠠᠯᠳᠤ ᠴᠠᠭᠠᠨ ᠢᠳᠡᠭᠡᠨ ᠤ᠋ ᠠᠵᠤ ᠦᠢᠯᠡᠰ ᠤ᠋ᠨ ᠦᠷᠨᠢᠡᠭᠭᠦᠢ ᠬᠦᠭᠵᠢᠯᠲᠡ ᠵᠢ ᠪᠦᠬᠦ ᠬᠦᠴᠦᠨ ᠶ᠋ᠢᠡᠷ ᠶ᠋ᠢᠡᠨ ᠠᠬᠢᠭᠤᠯᠤᠭᠰᠠᠭᠠᠷ ᠢᠷᠡᠵᠠᠢ᠃ ᠣᠲᠣᠬᠠᠨ ᠪᠣᠯᠲᠠᠯ᠎ᠠ ᠮᠠᠨ ᠤ᠋ ᠤᠷᠤᠨ ᠨᠡᠢᠳᠡ 79 ᠣᠷᠣᠨ ᠨᠤᠲᠤᠭ ᠤ᠋ᠨ ᠣᠨᠴᠠᠯᠢᠭ ᠪᠦᠬᠦᠢ ᠤᠯᠠᠮᠵᠢᠯᠠᠯᠳᠤ ᠴᠠᠭᠠᠨ ᠢᠳᠡᠭᠡᠨ ᠪᠣᠯᠪᠠᠰᠤᠷᠠᠭᠤᠯᠬᠤ ᠠᠵᠤ ᠠᠬᠤᠢᠯᠠᠯ ᠪᠤᠯᠤᠨ 2053 ᠭᠠᠷ ᠦᠶ᠋ᠯᠡᠳᠭᠡᠯ ᠤ᠋ᠨ ᠭᠠᠵᠠᠷ ᠢ᠋ ᠪᠤᠢᠵᠢᠭᠤᠯᠤᠨ ᠬᠦᠭᠵᠢᠭᠦᠯᠵᠤ᠂ ᠵᠢᠯ ᠳ᠋ᠤ 90 ᠲᠦᠮᠡ ᠭᠠᠷᠤᠢ ᠲᠣᠨ ᠲᠦᠭᠦᠬᠡᠶ ᠰᠦ ᠪᠣᠯᠪᠠᠰᠤᠷᠠᠭᠤᠯᠵᠤ᠂ ᠵᠢᠯ ᠤ᠋ᠨ ᠦᠢᠯᠡᠳᠬᠦᠨ ᠤ᠋ ᠥᠷᠲᠡᠭ ᠨᠢ 50 ᠳ᠋ᠦᠩᠱᠢᠭᠤᠷ ᠲᠥᠭᠥᠷᠢᠭ ᠢ᠋ ᠳᠠᠪᠠᠵᠤ ᠪᠠᠢᠨ᠎ᠠ᠃

ᠪᠠᠢ ᠯᠢ ᠯᠢ ᠪᠤᠯ ᠬᠢᠩᠭᠠᠨ ᠠᠢᠮᠠᠭ ᠤ᠋ᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ᠋ ᠮᠠᠯᠴᠢᠨ ᠶᠤᠮ᠃ ᠲᠡᠷᠡ ᠬᠤᠰᠢᠭᠤᠨ ᠲᠥᠪ ᠪᠠᠶᠠᠨᠬᠤᠰᠢᠭᠤ ᠪᠠᠯᠭᠠᠰᠤᠨ ᠳ᠋ᠤ ᠳᠤᠯᠭ᠎ᠠ ᠴᠠᠭᠠᠨ ᠢᠳᠡᠭᠡᠨ ᠤ᠋ ᠦᠢᠯᠡᠳᠪᠦᠷᠢ ᠡᠷᠬᠢᠯᠡᠵᠤ᠂ ᠨᠢᠳᠤᠨᠤᠨ ᠨᠠᠮᠤᠷ ᠡᠴᠡ ᠡᠬᠢᠯᠡᠨ ᠦᠷᠦᠮ᠎ᠡ ᠶ᠋ᠢᠨ ᠵᠠᠬᠢᠶᠠᠯᠠᠭ᠎ᠠ ᠨᠢ ᠡᠳᠦᠷ ᠢᠷᠡᠭᠦᠶ᠎ᠡ ᠨᠡᠮᠡᠭᠳᠡᠨ᠂ ᠬᠠᠩᠭᠠᠯᠭ᠎ᠠ ᠨᠢ ᠬᠡᠷᠡᠭᠴᠡᠭᠡ ᠳ᠋ᠤ ᠬᠦᠷᠬᠦ ᠦᠭᠡᠢ ᠪᠠᠢᠳᠠᠯ ᠢᠯᠡᠷᠡᠵᠠᠢ᠃ 《ᠪᠢᠳᠡ ᠠᠵᠠ ᠲᠤᠬᠢᠶᠠᠯ ᠢ᠋ ᠠᠮᠵᠢᠨ ᠦᠢᠯᠡᠳᠪᠦᠷᠢᠯᠡᠯ ᠤ᠋ᠨ ᠬᠡᠪᠴᠢᠶ᠎ᠡ ᠪᠠᠨ ᠦᠷᠭᠡᠳᠬᠡᠵᠤ᠂ ᠦᠩᠬᠡᠷᠡᠭᠰᠡᠨ ᠳ᠋ᠤ ᠡᠳᠦᠷ ᠪᠦᠷᠢ 150 ᠭᠡᠰᠡᠭ ᠦᠷᠦᠮ᠎ᠡ ᠬᠦᠬᠡᠷᠤᠬᠦᠯᠵᠤ ᠪᠠᠢᠭᠰᠠᠨ ᠡᠴᠡ ᠪᠠᠨ ᠤᠳᠤ ᠡᠳᠦᠷ ᠤ᠋ᠨ 1200 ᠬᠡᠰᠡᠭ ᠦᠷᠦᠮ᠎ᠡ ᠬᠦᠬᠡᠷᠤᠬᠦᠯᠵᠤ᠂ ᠪᠦᠬᠦ ᠤᠯᠤᠰ ᠤ᠋ᠨ ᠡᠯ᠎ᠠ ᠭᠠᠵᠠᠷ ᠤ᠋ᠨ ᠵᠠᠬᠢᠶᠠᠯᠠᠭ᠎ᠠ ᠶ᠋ᠢᠨ ᠬᠡᠷᠡᠭᠴᠡᠭᠡ ᠵᠢ ᠬᠠᠡᠭᠭᠠᠵᠤ ᠪᠠᠢᠨ᠎ᠠ》 ᠬᠡᠵᠤ ᠪᠠᠢ ᠯᠢ ᠯᠢ ᠰᠤᠷᠪᠤᠯᠵᠢᠯᠠᠭᠴᠢ ᠳ᠋ᠤ ᠤᠷᠮᠠᠳᠠᠢ ᠶᠠᠷᠢᠪᠠ᠃

 ᠰᠤᠷᠪᠤᠯᠵᠢᠯᠠᠭᠰᠠᠨ ᠤ᠋ ᠲᠠᠷᠠᠭᠠᠬᠢ ᠲᠦᠷᠦᠭᠳᠡᠯ᠄

《 ᠲᠠᠪᠤᠨ ᠬᠤᠰᠢᠭᠤ ᠮᠠᠯ ᠤ᠋ᠨ ᠮᠢᠨᠢ ᠰᠢᠮ᠎ᠠ ᠲᠠᠩᠰᠤᠭ ᠰᠠᠢᠬᠠᠨ ᠴᠠᠭᠠᠨ ᠢᠳᠡᠬᠡᠨ᠂ ᠲᠠᠯᠬᠡᠷ ᠬᠠᠩᠭᠠᠢ ᠨᠤᠳᠤᠭ ᠤ᠋ᠨ ᠮᠢᠨᠢ ᠪᠤᠶᠠᠨ ᠲᠠᠯᠠᠬᠡᠢ ᠳ᠋ᠤ ᠬᠤᠤᠰ ᠦᠬᠡᠢ ᠠᠷᠢᠭᠤᠨ ᠢᠳᠡᠬᠡᠨ》 ᠬᠡᠵᠤ ᠦᠪᠤᠷ ᠮᠤᠩᠭᠤᠯᠴᠤᠳ ᠰᠡᠳᠬᠢᠯ ᠬᠠᠩᠬᠤᠯᠤᠭᠤᠨ ᠲᠠᠭᠤᠯᠠᠳᠠᠭ᠃ ᠤᠯᠠᠮᠵᠢᠯᠠᠯᠳᠤ ᠴᠠᠭᠠᠨ ᠢᠳᠡᠬᠡᠨ ᠪᠤᠯ ᠦᠪᠤᠷ ᠮᠤᠩᠭᠤᠯ ᠤ᠋ᠨ ᠤᠷᠤᠨ ᠨᠤᠳᠤᠭ ᠤ᠋ᠨ ᠤᠨᠴᠠᠯᠢᠭ ᠪᠦᠬᠦᠢ ᠰᠢᠮ᠎ᠠ ᠰᠠᠢᠳᠠᠢ ᠤᠬᠢ ᠢᠳᠡᠬᠡᠨ ᠮᠦᠨ᠃ ᠪᠢᠳᠡ ᠡᠨᠡ ᠬᠦ᠌ ᠤᠨᠴᠠᠯᠢᠭ ᠲᠠᠪᠠᠭᠤᠯᠢᠭ ᠵᠢᠡᠨ ᠬᠦᠢᠴᠡᠳ ᠪᠠᠳᠠᠷᠠᠭᠤᠯᠬᠤ ᠳ᠋ᠤ ᠬᠦᠷᠪᠡᠯ 《ᠦᠷᠤᠮ᠎ᠠ +》 ᠲᠡᠳᠤᠢ ᠦᠬᠡᠢ᠂ 《ᠬᠤᠷᠤᠳ + 》᠂ 《ᠰᠢᠷ᠎ᠠ ᠲᠤᠰᠤ + 》᠂ 《ᠵᠦᠬᠡᠬᠡᠢ +》 ᠬᠡᠬᠦᠴᠢᠯᠡᠨ ᠦᠪᠤᠷ ᠮᠤᠩᠭᠤᠯ ᠤ᠋ᠨ ᠨᠡᠩ ᠤᠯᠠᠨ《ᠤᠯᠠᠮᠵᠢᠯᠠᠯᠳᠤ ᠴᠠᠭᠠᠨ ᠢᠳᠡᠬᠡᠨ +》 ᠰᠢᠨ᠎ᠠ ᠵᠢ ᠡᠬᠦᠳᠦᠭᠰᠡᠨ ᠠᠮᠳᠠᠳᠤ ᠢᠳᠡᠬᠡᠨ ᠪᠦᠬᠦ ᠤᠯᠤᠰ ᠤ᠋ᠨ ᠬᠠᠯᠠᠮᠰᠢᠯ ᠪᠤᠯᠬᠤ ᠪᠦᠷᠢᠨ ᠪᠤᠯᠤᠮᠵᠢ ᠲᠠᠢ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号