ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠷᠦᠬᠦᠥ ᠪᠦᠯᠦᠭ᠎ᠤᠨ 《ᠵᠡᠮᠳᠡᠭ᠌ᠴᠦᠳ᠎ᠲᠤ ᠨᠥᠬᠥᠷᠰᠡᠭ ᠡᠮᠨᠡᠯᠭᠡ᠎ᠶ᠋ᠢᠨ ᠬᠣᠷᠢᠶ᠎ᠠ》 ᠶ᠋ᠢᠨ ᠲᠤᠷᠱᠢᠯᠲᠠ᠎ᠶ᠋ᠢᠨ ᠴᠡᠭ᠎ᠤᠨ ᠪᠥᠲᠥᠭᠡᠨ ᠪᠠᠢᠭᠤᠯᠤᠯᠲᠠ᠎ᠶ᠋ᠢᠨ ᠵᠦᠪᠯᠡᠯᠴᠡᠭᠡᠷ ᠲᠣᠭ᠍ᠲᠠᠬᠤ ᠶᠣᠰᠣᠯᠠᠯ ᠤᠢᠷ᠎ᠠ᠎ᠳᠤ ᠬᠥᠬᠡᠬᠣᠲᠠ᠎ᠶ᠋ᠢᠨ ᠬᠢᠲᠠᠳ ᠮᠤᠩᠭᠤᠯ ᠡᠮᠨᠡᠯᠭᠡ᠎ᠶ᠋ᠢᠨ ᠬᠣᠷᠢᠶᠠᠨ᠎ᠤ ᠡᠮᠴᠢᠯᠡᠭᠡ ᠰᠤᠪᠢᠯᠠᠯᠲᠠ᠎ᠶ᠋ᠢᠨ ᠲᠥᠪ᠎ᠲᠦ ᠶᠠᠪᠤᠭ᠍ᠳᠠᠪᠠ᠃
ᠵᠦᠪᠯᠡᠯᠴᠡᠭᠡᠷ ᠲᠣᠭ᠍ᠲᠠᠬᠤ ᠶᠣᠰᠣᠯᠠᠯ ᠳᠡᠭᠡᠷ᠎ᠡ᠂ ᠦᠪᠦᠷ ᠮᠤᠩᠭᠤᠯ᠎ᠤᠨ ᠵᠡᠮᠳᠡᠭ ᠬᠡᠦᠬᠡᠳ᠎ᠦᠨ ᠡᠷᠡᠭᠦᠯᠵᠢᠯ᠎ᠦᠨ ᠲᠥᠪ ᠲᠣᠰ ᠲᠣᠰ ᠥᠪᠥᠷ ᠮᠣᠩᠭᠣᠯ᠎ᠤᠨ ᠰᠠᠨᠰᠠᠷ᠎ᠤᠨ ᠠᠶᠠᠯᠠᠯ᠎ᠤᠨ ᠡᠮᠨᠡᠯᠭᠡ᠎ᠶ᠋ᠢᠨ ᠬᠣᠷᠢᠶ᠎ᠠ᠂ ᠬᠦᠬᠡᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶ᠎ᠠ᠂ ᠬᠦᠬᠡᠬᠣᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ᠎ᠲᠠᠶ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠡᠮᠴᠢᠯᠡᠭᠡᠨ᠎ᠦ ᠪᠠᠢᠭᠤᠯᠤᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠦᠨ ᠵᠥᠪᠯᠡᠯᠴᠡᠭᠡᠷ》 ᠲᠣᠭ᠍ᠲᠠᠪᠠ᠃ ᠠᠵᠢᠯᠯᠠᠭ᠎ᠠ᠎ᠳᠤ ᠣᠷᠣᠯᠴᠠᠭ᠍ᠰᠠᠳ ᠡᠴᠡ ᠬᠦᠬᠡᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶᠠᠨ᠎ᠤ ᠡᠮᠴᠢᠯᠡᠭᠡ ᠰᠤᠪᠢᠯᠠᠯᠲᠠ᠎ᠶ᠋ᠢᠨ ᠲᠥᠪ᠎ᠢ ᠲᠤᠬᠠᠶ᠎ᠶ᠋ᠢᠨ ᠭᠠᠵᠠᠷ᠎ᠲᠤᠨᠢ ᠲᠣᠭᠣᠷᠢᠨ ᠦᠵᠡᠵᠦ᠍᠂ ᠲᠥᠪ᠎ᠦᠨ ᠡᠮᠴᠢᠯᠡᠭᠡ ᠰᠤᠪᠢᠯᠠᠯᠲᠠ᠎ᠶ᠋ᠢ ᠤᠶᠠᠯᠳᠤᠭᠤᠯᠬᠤ᠂ ᠵᠡᠮᠳᠡᠭ᠌ᠴᠦᠳ᠎ᠢ ᠲᠤᠰᠠᠯᠠᠬᠤ ᠦᠶ᠋ᠯᠡᠴᠢᠯᠡᠭᠡ ᠵᠡᠷᠭᠡ ᠲᠠᠯ᠎ᠠ᠎ᠶ᠋ᠢᠨ ᠡᠵᠡᠩᠨᠡᠯᠲᠡ᠎ᠶ᠋ᠢᠨ ᠵᠠᠭ᠍ᠪᠤᠷ ᠪᠠ ᠦᠶ᠋ᠯᠡᠴᠢᠯᠡᠭᠡᠨ᠎ᠦ ᠦᠷ᠎ᠡ ᠪᠦᠲᠦᠮᠵᠢ᠎ᠶ᠋ᠢ ᠨᠠᠷᠢᠨ ᠣᠢᠯᠠᠭᠠᠵᠤ᠂ ᠲᠥᠪ᠎ᠦᠨ ᠡᠮᠴᠢᠯᠡᠭᠡ ᠪᠠ ᠨᠠᠰᠤᠵᠢᠯ᠎ᠤᠨ ᠠᠰᠠᠷᠠᠮᠵᠢ᠎ᠶ᠋ᠢᠨ ᠡᠬᠢ ᠪᠠᠶᠠᠯᠢᠭ᠎ᠢ ᠨᠡᠢᠳᠬᠡᠬᠦ᠂ ᠣᠨᠴᠠᠭᠠᠶ ᠬᠥᠮᠦᠰ᠎ᠲᠦ ᠨᠢᠭᠡ ᠥᠷᠲᠡᠭᠡᠴᠢᠯᠡᠭᠰᠡᠨ ᠮᠠᠶᠢᠭ᠎ᠤᠨ ᠦᠶ᠋ᠯᠡᠴᠢᠯᠡᠭᠡ ᠬᠠᠩᠭᠠᠬᠤ ᠱᠢᠨ᠎ᠡ ᠠᠷᠭ᠎ᠠ ᠬᠡᠮᠵᠢᠶ᠎ᠡ᠎ᠶ᠋ᠢ ᠬᠦᠢᠴᠡᠳ ᠨᠤᠲᠠᠯᠠᠵᠤ ᠪᠠᠢᠬᠤ᠎ᠪᠠᠨ ᠢᠯᠡᠳᠭᠡᠪᠡ᠃ ᠥᠪᠥᠷ ᠮᠣᠩᠭᠣᠯ᠎ᠤᠨ ᠰᠠᠨᠰᠠᠷ᠎ᠤᠨ ᠠᠶᠠᠯᠠᠯ᠎ᠤᠨ ᠡᠮᠨᠡᠯᠭᠡ᠎ᠶ᠋ᠢᠨ ᠬᠣᠷᠢᠶ᠎ᠠ᠂ ᠬᠦᠬᠡᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶ᠎ᠠ᠂ ᠬᠦᠬᠡᠬᠣᠲᠠ᠎ᠶ᠋ᠢᠨ ᠡᠬᠡ ᠨᠢᠯᠬᠠᠰ᠎ᠤᠨ ᠡᠷᠡᠬᠦᠯᠵᠢᠯ᠎ᠤᠨ ᠡᠮᠨᠡᠯᠭᠡ᠎ᠶᠢᠨ ᠬᠣᠷᠢᠶ᠎ᠠ ᠵᠡᠷᠭᠡ ᠭᠤᠷᠪᠠᠨ ᠲᠤᠷᠱᠢᠯᠲᠠ᠎ᠶ᠋ᠢᠨ ᠴᠡᠭ᠎ᠤᠨ ᠡᠮᠨᠡᠯᠭᠡ᠎ᠶ᠋ᠢᠨ ᠬᠣᠷᠢᠶ᠎ᠠ᠎ᠨᠢ ᠲᠣᠰ ᠲᠣᠰ ᠵᠡᠮᠳᠡᠭ᠌ᠴᠦᠳ᠎ᠦᠨ ᠡᠪᠡᠳᠴᠢᠨ ᠦᠵᠡᠭᠦᠯᠬᠦ᠌᠎ᠳᠦ ᠬᠠᠷᠠᠭᠠᠯᠵᠠᠯ ᠦᠵᠡᠭᠦᠯᠬᠦ᠌ ᠠᠷᠭ᠎ᠠ ᠬᠡᠮᠵᠢᠶ᠎ᠡ᠎ᠶᠢ ᠨᠢᠭᠡᠨᠲᠡ ᠨᠡᠢᠲᠡᠯᠡᠵᠦ᠂ ᠡᠪᠡᠳᠴᠢᠨ ᠦᠵᠡᠭᠦᠯᠬᠦ᠌ ᠶᠠᠪᠤᠴᠠ᠎ᠶ᠋ᠢ ᠱᠢᠯᠢᠳᠡᠭ᠌ᠵᠢᠭᠦᠯᠬᠦ᠌᠂ ᠬᠠᠮᠢᠶ᠎ᠠ ᠪᠥᠬᠥᠶ ᠵᠠᠷᠤᠳᠠᠯ᠎ᠢ ᠬᠠᠰᠤᠵᠤ ᠬᠡᠯᠲᠦᠷᠢᠭᠦᠯᠬᠦ᠌᠂ ᠲᠤᠰᠭᠠᠶ ᠬᠥᠮᠦᠨᠲᠤᠮᠢᠯᠠᠨ ᠵᠡᠮᠳᠡᠭᠴᠤᠳᠢ ᠳᠠᠭᠠᠭᠤᠯᠤᠨ ᠡᠮᠨᠡᠭᠦᠯᠬᠦ᠌ ᠵᠡᠷᠭᠡ ᠲᠠᠯ᠎ᠠ᠎ᠪᠠᠷ ᠵᠡᠮᠳᠡᠭ᠌ᠴᠦᠳ᠎ᠲᠤ ᠲᠥᠬᠥᠮ ᠦᠵᠡᠭᠦᠯᠤᠨ᠎ᠠ᠃
ᠳᠠᠷᠠᠭᠠᠴᠢ᠎ᠶᠢᠨ ᠠᠯᠬᠤᠮ᠎ᠳᠤ᠂ ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ ᠨᠢ ᠬᠦᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠲᠡᠶ ᠬᠣᠯᠪᠣᠭᠠᠯᠠᠵᠦ᠂ 《ᠣᠷᠴᠢᠨ ᠲᠣᠭᠣᠷᠢᠨ᠎ᠢ ᠳᠡᠰ ᠳᠡᠪᠱᠢᠭᠦᠯᠬᠦ᠌ + ᠶᠠᠪᠤᠴᠠ᠎ᠶ᠋ᠢ ᠱᠢᠯᠢᠳᠡᠭ᠌ᠵᠢᠭᠦᠯᠬᠦ᠌ + ᠦᠶ᠋ᠯᠡᠴᠢᠯᠡᠭᠡ᠎ᠶ᠋ᠢ ᠤᠷᠲᠤᠳᠭᠠᠬᠤ》 ᠰᠡᠳᠭᠢᠴᠡ᠎ᠶ᠋ᠢᠨ ᠲᠣᠭᠣᠷᠢᠨ᠎ᠳᠤ᠂ ᠡᠯ᠎ᠡ ᠲᠤᠷᠱᠢᠯᠲᠠ᠎ᠶ᠋ᠢᠨ ᠴᠡᠭ᠎ᠤᠨ ᠡᠮᠨᠡᠯᠭᠡ᠎ᠶ᠋ᠢᠨ ᠬᠣᠷᠢᠶᠠᠯᠤᠭᠠᠬᠤᠯᠪᠤᠭᠠᠯᠠᠨ ᠬᠥᠳᠡᠯᠦᠯᠴᠡᠵᠦ᠂ ᠡᠮᠴᠢᠯᠡᠭᠡᠨ᠎ᠦ ᠦᠶ᠋ᠯᠡᠴᠢᠯᠡᠭᠡ᠎ᠶ᠋ᠢ ᠲᠥᠪᠯᠡᠷᠡᠭᠦᠯᠦᠨ ᠪᠠᠢᠭᠤᠯᠬᠤ᠂ ᠵᠡᠮᠳᠡᠭ᠎ᠦᠨ ᠦᠨᠡᠯᠡᠯᠲᠡ᠂ ᠡᠷᠡᠭᠦᠯᠵᠢᠭᠦᠯᠬᠦ᠌ ᠪᠣᠯᠪᠠᠰᠤᠷᠠᠯ᠂ ᠨᠠᠢᠳᠠᠨ ᠠᠰᠠᠷᠠᠭᠤᠯᠬᠤ᠂ ᠠᠵᠢᠯ ᠣᠯᠭᠣᠬᠤ ᠪᠣᠯᠪᠠᠰᠤᠷᠠᠯ᠂ ᠨᠡᠢᠭᠡᠮ᠎ᠡᠴᠡ ᠬᠠᠪᠰᠤᠷᠤᠨ ᠲᠡᠳᠬᠦᠬᠦ᠌ ᠵᠡᠷᠭᠡ᠎ᠶ᠋ᠢ ᠨᠢᠭᠡ ᠴᠣᠭ᠍ᠴᠠᠵᠢᠭᠤᠯᠤᠭ᠍ᠰᠠᠨ 《ᠡᠮᠴᠢᠯᠡᠭᠡ + ᠡᠷᠡᠭᠦᠯᠵᠢᠯ + ᠨᠡᠢᠭᠡᠮ᠎ᠦᠨ ᠳᠡᠮᠵᠢᠯᠭᠡ》 ᠶ᠋ᠢᠨ ᠪᠦᠬᠦ᠌ ᠬᠡᠯᠬᠢᠶᠡᠨ᠎ᠦ ᠦᠢᠯᠡᠴᠢᠯᠡᠭᠡᠨ᠎ᠦ ᠱᠢᠰᠲ᠋ᠧᠮ᠎ᠢ ᠪᠠᠢᠭᠤᠯᠵᠦ᠂ ᠵᠡᠮᠳᠡᠭ᠌ᠴᠦᠳ᠎ᠲᠦ ᠪᠦᠬᠦᠯᠢ ᠦᠶᠡᠯᠡᠯ᠎ᠤᠨ ᠣᠯᠠᠨ ᠡᠱᠢᠲᠦ ᠦᠢᠯᠡᠴᠢᠯᠡᠬᠡᠨ᠎ᠤ ᠪᠠᠲᠤᠯᠠᠭ᠎ᠠ ᠬᠠᠩᠭᠠᠬᠤ ᠪᠤᠯᠤᠨ᠎ᠠ᠃